| ᠬᠤᠸᠠᠳᠧ ᠰᠢᠶᠠᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠨᠢᠭᠡᠨᠲᠡ | ᠬᠠᠶᠢᠨ ᠲᠣᠳᠣᠯᠠᠭᠰᠠᠨ ᠤ ᠠᠭᠤᠷᠬᠠᠢ ᠶᠢᠨ ᠲᠥᠷᠥᠯ ᠳᠤ᠄ ᠠᠯᠲᠠ᠂ ᠬᠠᠷ᠎ᠠ ᠲᠤᠭᠤᠯᠭ᠎ᠠ᠂ ᠴᠠᠢᠷ᠂ ᠮᠥᠩᠭᠦ᠂ ᠵᠡᠰ᠂ | ᠾᠷᠣᠮ᠂ ᠸᠣᠯᠹᠷᠠᠮ᠂ ᠮᠣᠯᠢᠪᠳᠧᠨ᠂ ᠮᠠᠩᠭᠠᠨ᠂ ᠲᠡᠮᠦᠷ᠂ ᠨᠡᠭᠦᠷᠡᠰᠦ᠂ ᠴᠢᠯᠠᠭᠤᠨ ᠲᠣᠰᠣ ᠵᠡᠷᠭᠡ ᠪᠠᠶᠢᠨ᠎ᠠ᠂ | ᠡᠭᠦᠨ ᠤ ᠬᠠᠮᠲᠤ ᠪᠠᠰᠠ ᠥᠭᠡᠬᠦᠨ ᠴᠢᠯᠠᠭᠤ ᠲᠠᠢ᠂ ᠴᠠᠬᠢᠭᠤᠷ ᠤᠨ ᠠᠭᠤᠯᠤᠭᠳᠠᠴᠠ ᠨᠢ 97 % ᠠᠴᠠ ᠳᠡᠭᠡᠭᠰᠢ | ᠪᠠᠶᠢᠳᠠᠭ︔ ᠬᠠᠶᠢᠯᠤᠭᠤᠷ ᠵᠤᠩᠰᠢ᠂ CaF ᠶᠢᠨ ᠠᠭᠤᠯᠤᠭᠳᠠᠴᠠ 90.5 % ᠠᠴᠠ ᠳᠡᠭᠡᠭᠰᠢ︔ ᠴᠠᠬᠢᠭᠤᠷᠲᠤ | ᠵᠠᠮᠠᠭ ᠤᠨ ᠰᠢᠷᠣᠶ ᠶᠢᠨ ᠴᠢᠨᠠᠷ ᠨᠢ ᠥᠨᠳᠥᠷ ᠢ ᠶᠦᠨᠨᠠᠨ ᠤ ᠲᠧᠩ ᠴᠦᠩ ᠠᠴᠠ ᠦᠨᠳᠦᠷ᠂ ᠭᠢᠷᠢᠨ ᠤ ᠮᠧᠶ ᠾᠧ | ᠺᠧᠤ ᠲᠠᠢ ᠬᠠᠮᠲᠤ ᠴᠠᠬᠢᠭᠤᠷ ᠵᠠᠮᠠᠭ ᠤᠨ ᠰᠢᠷᠣᠶ ᠶᠢᠨ ᠤᠯᠤᠰ ᠤᠨ ᠳᠣᠲᠣᠭᠠᠳᠤ ᠶᠢᠨ ᠭᠤᠷᠪᠠᠨ ᠰᠣᠳᠣᠨ ᠭᠡᠵᠦ | ᠨᠡᠷᠡᠶᠢᠳᠦᠭᠳᠡᠵᠡᠢ᠃ᠳᠣᠯᠣᠳᠤᠭᠠᠷ ᠪᠠᠯᠭᠠᠰᠤᠨ ᠠᠴᠠ ᠢᠯᠡᠷᠡᠭᠦᠯᠦᠭᠰᠡᠨ ᠵᠡᠰ ᠬᠠᠷ᠎ᠠ ᠲᠤᠭᠤᠯᠭ᠎ᠠ ᠴᠠᠶᠢᠷ ᠮᠥᠩᠭᠦᠨ | ᠲᠠᠢ ᠠᠳᠠᠯᠢ ᠠᠭᠤᠷᠬᠠᠢ ᠶᠢ ᠨᠡᠭᠡᠭᠡᠨ ᠮᠠᠯᠲᠠᠬᠤ ᠦᠨ᠎ᠡ ᠥᠷᠲᠡᠭ ᠨᠢ ᠲᠤᠶᠢᠯ ᠤᠨ ᠥᠨᠳᠥᠷ ᠪᠠᠶᠢᠳᠠᠭ᠃ | ᠲᠤᠭᠤᠯᠭᠠᠨ ᠴᠠᠶᠢᠷ ᠤᠨ ᠬᠦᠳᠡᠷ ᠪᠠ ᠬᠠᠶᠢᠯᠤᠭᠤᠷ ᠵᠣᠩᠰᠢ᠂ ᠺᠠᠯᠢ ᠵᠣᠩᠰᠢ ᠶᠢᠨ ᠪᠤᠯᠠᠭᠳᠠᠴᠠ ᠮᠠᠰᠢ ᠰᠠᠶᠢᠨ | ᠪᠠᠶᠢᠳᠠᠭ᠃ ᠣᠳᠣᠬᠠᠨ ᠳᠤ᠂ ᠮᠠᠨ ᠤ ᠰᠢᠶᠠᠨ 9.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1500 | ᠮᠦ ᠶᠢᠨ ᠴᠢᠯᠠᠭᠤᠨ ᠮᠠᠲ᠋ᠧᠷᠢᠶᠠᠯ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ | ᠣᠷᠤᠩᠨᠠᠭᠰᠠᠨ ᠠᠵᠤ ᠠᠬᠤᠶᠢᠯᠠᠯ 1 ᠪᠠᠶᠢᠵᠤ᠂ ᠴᠢᠯᠠᠭᠤᠨ ᠮᠠᠲ᠋ᠧᠷᠢᠶᠠᠯ ᠡᠳ᠋ᠰᠢᠭᠦᠯᠬᠦ ᠦᠢᠯᠡᠳᠪᠤᠷᠢᠯᠡᠯ ᠤᠨ | ᠱᠤᠭᠤᠮ ᠢ 1 ᠪᠠᠶᠢᠭᠤᠯᠵᠤ᠂ ᠵᠢᠯ ᠳᠤ 100 ᠲᠦᠮᠡᠨ ᠪᠣᠰᠤᠭ᠎ᠠ ᠳᠥᠷᠪᠡᠯᠵᠢᠨ ᠮᠧᠲᠷ ᠴᠢᠯᠠᠭᠤᠨ ᠮᠠᠲ᠋ᠧᠷᠢᠶᠠᠯ | ᠦᠢᠯᠡᠳᠪᠤᠷᠢᠯᠡᠨ᠎ᠡ᠃ | | | | | | ᠣᠷᠴᠢᠭᠤᠯᠤᠭᠴᠢ᠄ ᠭᠡᠷᠡᠯ |