| ᠴᠠᠭᠠᠨ ᠨᠣᠭᠤᠭᠠᠨ ᠤ ᠠᠵᠤ ᠦᠢᠯᠡᠰ ᠪᠣᠯ ᠬᠤᠸᠠᠳᠧ ᠰᠢᠶᠠᠨ ᠤ ᠲᠠᠷᠢᠮᠠᠯ ᠤᠨ ᠦᠢᠯᠡᠰ ᠤᠨ ᠭᠤᠤᠯᠯᠠᠬᠤ ᠠᠵᠤ | ᠦᠢᠯᠡᠰ ᠤᠨ ᠨᠢᠭᠡ ᠪᠣᠯᠤᠨ᠎ᠠ᠂ ᠣᠳᠣᠬᠠᠨ ᠳᠤ ᠴᠠᠭᠠᠨ ᠨᠣᠭᠤᠭᠠᠨ ᠤ ᠲᠠᠷᠢᠮᠠᠯ ᠤᠨ ᠲᠠᠯᠠᠪᠠᠢ 7.5 ᠲᠦᠮᠡᠨ ᠮᠦ | ᠪᠠᠶᠢᠨ᠎ᠠ᠃ ᠲᠣᠮᠣ ᠠᠵᠤ ᠦᠶᠢᠯᠡᠰᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠮᠠᠨ ᠤ ᠰᠢᠶᠠᠨ | ᠪᠣᠬᠢᠷᠲᠤᠯ ᠦᠭᠡᠢ ᠲᠤᠭ ᠢ ᠡᠷᠭᠦᠵᠦ᠂ ᠨᠠᠷᠠᠲᠤ ᠲᠥᠷᠥᠯ ᠲᠡᠮᠳᠡᠭᠲᠦ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠴᠢᠨᠠᠷ ᠴᠢᠨᠰᠠᠭ᠎ᠠ ᠲᠠᠢ᠂ ᠨᠠᠷᠠᠲᠤ ᠲᠥᠷᠥᠯ ᠲᠡᠮᠳᠡᠭᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ ᠬᠦᠴᠦᠯᠡᠨ | ᠠᠬᠢᠭᠤᠯᠪᠠ᠃ ᠢᠳᠡᠰᠢᠨ ᠨᠣᠭᠤᠭ᠎ᠠ ᠪᠦᠬᠦᠨ ᠢ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠳᠠᠮᠵᠢᠭᠤᠯᠤᠨ᠂ | ᠪᠦᠷᠬᠦᠭᠦᠯ ᠤᠨ ᠳᠣᠤᠷ᠎ᠠ ᠲᠤᠰᠤᠯᠠᠭᠠᠨ ᠤᠰᠤᠯᠠᠵᠤ ᠪᠤᠶᠢᠵᠢᠭᠤᠯᠬᠤ᠂ ᠰᠢᠨ᠎ᠡ ᠲᠥᠷᠥᠯ ᠵᠦᠢᠯ ᠣᠷᠣᠭᠤᠯᠬᠤ᠂ | ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠲᠠᠷᠢᠶᠠᠨ ᠭᠠᠵᠠᠷ ᠢ ᠰᠢᠯᠭᠠᠨ ᠪᠠᠶᠢᠴᠠᠭᠠᠬᠤ᠂ ᠢᠳᠡᠰᠢᠨ ᠨᠣᠭᠤᠭᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠮᠡᠷᠭᠡᠵᠢᠯ ᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠦᠨ | ᠬᠡᠷᠡᠭᠯᠡᠵᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠭᠡᠷᠡᠴᠢᠯᠡᠬᠦ ᠠᠯᠬᠤᠴᠠ ᠶᠢ ᠲᠦᠷᠭᠡᠳᠬᠡᠨ᠂ ᠲᠣᠮᠣ | ᠪᠦᠲᠦᠭᠡᠭᠳᠡᠬᠦᠨ ᠨᠢᠭᠡ ᠲᠡᠮᠳᠡᠭ ᠤᠨ ᠠᠵᠤ ᠦᠶᠢᠯᠡᠰᠵᠢᠯᠲᠡ ᠶᠢᠨ ᠠᠬᠢᠴᠠ ᠶᠢ ᠲᠦᠷᠭᠡᠨ ᠬᠦᠭᠵᠢᠭᠦᠯᠪᠡ᠃ | ᠦᠢᠯᠡᠳᠬᠦᠨ ᠨᠢ ᠪᠡᠭᠡᠵᠢᠩ᠂ ᠲᠢᠶᠠᠨᠵᠢᠨ᠂ ᠾᠧᠪᠧᠢ᠂ ᠵᠧᠵᠢᠶᠠᠩ᠂ ᠱᠠᠨᠳᠦ᠋ᠩ᠂ ᠠᠨᠾᠦ᠋ᠢ ᠵᠡᠷᠭᠡ ᠬᠤᠲᠠ ᠳᠤ | ᠪᠣᠷᠣᠯᠠᠭᠤᠯᠤᠭᠳᠠᠵᠤ᠂ ᠶᠠᠫᠣᠨ᠂ ᠺᠣᠷᠢᠶᠠ ᠵᠡᠷᠭᠡ ᠤᠯᠤᠰ ᠲᠤ ᠭᠠᠷᠭᠠᠪᠠ᠃ | | ᠮᠠᠨ ᠤ ᠰᠢᠶᠠᠨ ᠭᠤᠣᠯ ᠳᠤᠮᠳᠠ ᠪᠠ ᠣᠷᠣᠢ ᠪᠣᠯᠪᠠᠰᠤᠷᠠᠬᠤ ᠴᠠᠭᠠᠨ ᠨᠣᠭᠤᠭ᠎ᠠ ᠶᠢ ᠲᠠᠷᠢᠵᠤ᠂ ᠲᠥᠪᠯᠡᠷᠡᠭᠦᠯᠦᠨ | ᠵᠠᠬ᠎ᠠ ᠳᠡᠯᠭᠡᠭᠦᠷ ᠲᠤ ᠭᠠᠷᠭᠠᠬᠤ ᠴᠠᠭ ᠨᠢ 9 ᠰᠠᠷ᠎ᠠ ᠶᠢᠨ ᠳᠤᠮᠳᠠᠴᠢ ᠬᠤᠷᠢᠳ ᠢᠶᠠᠷ᠂ ᠵᠠᠬ᠎ᠠ ᠳᠡᠯᠭᠡᠭᠦᠷ ᠲᠤ | ᠭᠠᠷᠬᠤ ᠨᠢ ᠲᠥᠪᠯᠡᠷᠡᠩᠭᠦᠢ ᠮᠥᠷᠲᠡᠭᠡᠨ ᠬᠡᠮᠵᠢᠶ᠎ᠡ ᠨᠢ ᠶᠡᠭᠡ᠂ ᠪᠣᠷᠣᠯᠠᠭᠤᠯᠬᠤ ᠴᠠᠭ ᠨᠢ ᠣᠬᠤᠷ᠂ ᠦᠷᠭᠦᠯᠵᠢ ᠭᠠᠳᠠᠷ | ᠣᠷᠣᠨ ᠤ ᠬᠤᠳᠠᠯᠳᠤᠭᠠᠴᠢᠨ ᠳᠤ ᠳᠠᠷᠤᠭᠳᠠᠨ᠎ᠠ᠃ ᠡᠭᠦᠨ ᠤ ᠲᠤᠬᠠᠶ᠂ ᠲᠠᠷᠢᠶᠠᠯᠠᠩ ᠤᠨ ᠮᠡᠷᠭᠡᠵᠢᠯ ᠤᠨ ᠰᠠᠯᠠᠭ᠎ᠠ | ᠮᠥᠴᠢᠷ ᠵᠣᠬᠢᠴᠠᠩᠭᠤᠶ ᠠᠷᠭᠠᠴᠠᠬᠤ ᠠᠷᠭ᠎ᠠ ᠬᠡᠮᠵᠢᠶ᠎ᠡ ᠭᠠᠷᠭᠠᠵᠤ᠂ ᠴᠠᠭ ᠢ 4 ᠬᠡᠰᠡᠭ ᠪᠣᠯᠭᠠᠨ ᠬᠤᠪᠢᠶᠠᠪᠠ᠂ | ᠨᠢᠭᠡᠳᠦᠭᠡᠷ ᠴᠠᠭ ᠤᠨ ᠬᠡᠰᠡᠭ ᠨᠢ 4 ᠰᠠᠷ᠎ᠠ ᠶᠢᠨ ᠰᠡᠭᠦᠯᠴᠢ ᠠᠴᠠ 5 ᠰᠠᠷ᠎ᠠ ᠶᠢᠨ ᠡᠬᠢ ᠪᠣᠯᠲᠠᠯ᠎ᠠ ᠨᠡᠷᠡᠨ ᠤ ᠭᠡᠷᠡᠯ ᠤᠨ | ᠬᠦᠯᠡᠮᠵᠢ ᠪᠠᠷ ᠴᠠᠭᠠᠨ ᠨᠣᠭᠤᠭᠠᠨ ᠤ ᠴᠢᠬᠢ ᠪᠤᠶᠢᠵᠢᠭᠤᠯᠬᠤ ᠪᠣᠯᠤᠨ᠎ᠠ᠃ ᠵᠠᠳᠠᠭᠠᠶ ᠲᠠᠷᠢᠭᠰᠠᠨ ᠴᠠᠭᠠᠨ | ᠨᠣᠭᠤᠭᠠᠨ ᠠᠴᠠ ᠡᠷᠲᠡ 2 ᠰᠠᠷ᠎ᠠ ᠵᠠᠬ᠎ᠠ ᠳᠤ ᠭᠠᠷᠤᠨ᠎ᠠ᠂ ᠦᠨ᠎ᠡ ᠬᠠᠩᠰᠢ ᠨᠢ ᠵᠠᠳᠠᠭᠠᠶ ᠲᠠᠷᠢᠭᠰᠠᠨ ᠴᠠᠭᠠᠨ | ᠨᠣᠭᠤᠭᠠᠨ ᠠᠴᠠ 4 ᠳᠠᠬᠢᠨ ᠢᠯᠡᠭᠦᠦ᠃ ᠪᠤᠰᠤᠳ ᠴᠠᠭ ᠤᠨ ᠬᠡᠰᠡᠭ ᠨᠢ 5 ᠰᠠᠷ᠎ᠠ ᠶᠢᠨ ᠰᠡᠭᠦᠯᠴᠢ ᠠᠴᠠ ᠡᠬᠢᠯᠡᠨ | 10 ᠭᠠᠷᠤᠶ ᠡᠳᠦᠷ ᠪᠦᠷᠢ ᠳᠤ ᠨᠢᠭᠡ ᠪᠦᠯᠦᠭ ᠲᠠᠷᠢᠵᠤ᠂ 6 ᠰᠠᠷ᠎ᠠ ᠶᠢᠨ ᠰᠡᠭᠦᠯᠴᠢ ᠪᠠᠷ ᠲᠠᠷᠢᠵᠤ ᠳᠠᠭᠤᠰᠬᠠᠨ᠎ᠠ᠃ | ᠬᠤᠭᠤᠴᠠᠭ᠎ᠠ ᠬᠤᠪᠢᠶᠠᠵᠤ ᠲᠠᠷᠢᠬᠤ ᠨᠢ ᠵᠠᠬ᠎ᠠ ᠳᠡᠯᠭᠡᠭᠦᠷ ᠲᠤ ᠭᠠᠷᠭᠠᠬᠤ ᠲᠡᠩᠴᠡᠭᠦᠷᠢ ᠶᠢ ᠪᠠᠲᠤᠯᠠᠵᠤ ᠴᠢᠳᠠᠵᠠᠢ᠃ | 8 ᠰᠠᠷ᠎ᠠ ᠶᠢᠨ ᠳᠤᠮᠳᠠᠴᠢ ᠠᠴᠠ ᠡᠬᠢᠯᠡᠨ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠭᠠᠵᠤ᠂ 10 ᠰᠠᠷ᠎ᠠ ᠶᠢᠨ | ᠡᠬᠢ ᠪᠣᠯᠲᠠᠯ᠎ᠠ ᠬᠤᠳᠠᠯᠳᠤᠵᠤ ᠳᠠᠭᠤᠰᠬᠠᠳᠠᠭ᠃ ᠴᠠᠭᠠᠨ ᠨᠣᠭᠤᠭ᠎ᠠ ᠵᠠᠬ᠎ᠠ ᠳᠡᠯᠭᠡᠭᠦᠷ ᠲᠤ ᠭᠠᠷᠭᠠᠬᠤ ᠤᠯᠠᠷᠢᠯ ᠳᠤ᠂ | ᠡᠳᠦᠷ ᠪᠦᠷᠢ 10 ᠭᠠᠷᠤᠶ 30 ᠭᠠᠷᠤᠶ ᠲᠣᠨ ᠤᠨ ᠮᠠᠰᠢᠨ ᠲᠡᠷᠭᠡ ᠢᠳᠡᠰᠢᠨ ᠨᠣᠭᠤᠭᠠᠨ ᠤ ᠵᠠᠬ᠎ᠠ ᠳᠤ ᠵᠣᠭᠰᠣᠵᠤ᠂ | ᠴᠠᠭᠠᠨ ᠨᠣᠭᠤᠭ᠎ᠠ ᠲᠠᠰᠤᠷᠠᠯᠲᠠ ᠦᠭᠡᠢ ᠲᠣᠮᠣ᠂ ᠳᠤᠮᠳᠠ ᠵᠡᠷᠭᠡ ᠶᠢᠨ ᠬᠤᠲᠠ ᠶᠢᠨ ᠢᠳᠡᠰᠢᠨ ᠨᠣᠭᠤᠭᠠᠨ ᠤ ᠵᠠᠬ᠎ᠠ | ᠳᠡᠯᠭᠡᠭᠦᠷ ᠲᠤ ᠵᠥᠭᠡᠭᠡᠪᠤᠷᠢᠯᠡᠭᠳᠡᠨ᠂ ᠠᠷᠠᠳ ᠤᠨ ᠵᠣᠭᠤᠰ ᠴᠤ ᠪᠥᠭᠡᠮ ᠪᠥᠭᠡᠮ ᠢᠶᠠᠷ ᠲᠠᠷᠢᠶᠠᠴᠢᠳ ᠤᠨ ᠬᠠᠷᠮᠠᠨ ᠳᠤ | ᠣᠷᠤᠳᠠᠭ᠃ ᠬᠤᠭᠤᠴᠠᠭ᠎ᠠ ᠬᠤᠪᠢᠶᠠᠨᠲ᠋ᠠᠷᠢᠵᠤ᠂ ᠵᠠᠬ᠎ᠠ ᠳᠡᠯᠭᠡᠭᠦᠷ ᠲᠤ ᠲᠣᠬᠢᠷᠠᠭᠤᠯᠤᠨ ᠭᠠᠷᠭᠠᠬᠤ ᠡᠭᠦᠳᠦᠯᠲᠡ ᠨᠢ | ᠢᠳᠡᠰᠢᠨ ᠨᠣᠭᠤᠭᠠᠨ ᠤ ᠪᠥᠭᠡᠮ ᠢᠶᠠᠷ ᠵᠠᠬ᠎ᠠ ᠳᠡᠯᠭᠡᠭᠦᠷ ᠲᠤ ᠭᠠᠷᠴᠤ᠂ ᠵᠠᠬ᠎ᠠ ᠳᠡᠯᠭᠡᠭᠦᠷ ᠲᠤ ᠳᠠᠷᠤᠯᠲᠠ ᠥᠭᠬᠦ ᠠᠴᠠ | ᠵᠠᠶᠢᠯᠠᠰᠬᠢᠵᠦ ᠴᠢᠳᠠᠭᠰᠠᠨ ᠢᠶᠠᠷ ᠪᠠᠷᠠᠬᠤ ᠦᠭᠡᠢ᠂ ᠪᠠᠰᠠ ᠢᠳᠡᠰᠢᠨ ᠨᠣᠭᠤᠭᠠᠨ ᠤ ᠲᠠᠷᠢᠶᠠᠴᠢᠳ ᠤᠨ ᠬᠤᠳᠠᠯᠳᠤᠬᠤ | ᠨᠣᠭᠤᠭᠠᠨ ᠤ ᠬᠡᠲᠦᠷᠬᠡᠶ ᠠᠷᠪᠢᠨ ᠪᠣᠯᠣᠭᠠᠳ ᠬᠤᠳᠠᠯᠳᠤᠵᠤ ᠠᠮᠵᠢᠬᠤ ᠦᠭᠡᠢ ᠲᠤᠯᠭᠠᠮᠳᠠᠬᠤ ᠠᠰᠠᠭᠤᠳᠠᠯ ᠢ | ᠰᠢᠢᠳᠪᠤᠷᠢᠯᠡᠵᠦ ᠴᠢᠳᠠᠵᠠᠢ᠃ | ︽ᠬᠤᠸᠠᠳᠧ ᠶᠢᠨ ᠴᠠᠭᠠᠨ ᠨᠣᠭᠤᠭ᠎ᠠ︾ ᠨᠢ ᠤᠯᠤᠰ ᠤᠨ ᠣᠷᠤᠨ ᠨᠣᠲᠤᠭ ᠤᠨ ᠴᠢᠨᠠᠷᠲᠠᠢ ᠦᠢᠯᠡᠳᠬᠦᠨ ᠢᠶᠠᠷ | ᠦᠨᠡᠯᠡᠭᠳᠡᠵᠦ᠂ ᠪᠡᠭᠡᠵᠢᠩ ᠲᠢᠶᠠᠨᠵᠢᠨ ᠵᠡᠷᠭᠡ ᠭᠠᠵᠠᠷ ᠲᠤ ᠬᠠᠨᠳᠤᠭᠤᠯᠤᠭᠰᠠᠨ ᠴᠢᠬᠤᠯᠠ ᠢᠳᠡᠰᠢᠨ ᠨᠣᠭᠤᠭᠠᠨ ᠤ | ᠦᠢᠯᠡᠳᠪᠤᠷᠢᠯᠡᠯ ᠤᠨ ᠰᠠᠭᠤᠷᠢᠨ ᠭᠠᠵᠠᠷ ᠤᠨ ᠨᠢᠭᠡ ᠪᠣᠯᠤᠨ᠎ᠠ᠃ | ᠣᠷᠴᠢᠭᠤᠯᠤᠭᠴᠢ᠄ ᠭᠡᠷᠡᠯ |