ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠤᠨ᠎ᠠ | — ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠢᠩ ᠰᠢᠤᠸᠠᠢ ᠹᠧᠩ | | ᠰᠤᠷᠪᠤᠯᠵᠢᠯᠠᠭᠴᠢ᠄ ᠳ᠋ᠢᠩ ᠲᠣᠪᠴᠢᠶᠠᠨ ᠳᠠᠷᠤᠭ᠎ᠠ ᠲᠠ ᠰᠠᠶᠢᠨ ᠤᠤ︕ ᠲᠠ ᠵᠠᠪ ᠭᠠᠷᠭᠠᠵᠤ ᠮᠠᠨ ᠤ | ᠰᠣᠷᠪᠤᠯᠵᠢᠯᠠᠭ᠎ᠠ ᠶᠢ ᠬᠦᠯᠢᠶᠡᠵᠦ ᠪᠣᠯᠤᠨ᠎ᠠ ᠤᠤ︖ | ᠳ᠋ᠢᠩ ᠰᠢᠤᠸᠠᠢ ᠹᠧᠩ᠄ ᠪᠣᠯᠤᠨ᠎ᠠ᠃ | ᠰᠤᠷᠪᠤᠯᠵᠢᠯᠠᠭᠴᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠤᠨ ᠳᠠᠷᠠᠭ᠎ᠠ᠂ ᠲᠠ ᠡᠨᠡ ᠤᠳᠠᠭᠠᠨ ᠤ ᠬᠤᠷᠠᠯ ᠤᠨ ᠴᠢᠬᠤᠯᠠ ᠠᠴᠢ ᠬᠤᠯᠪᠣᠭᠳᠠᠯ ᠢ ᠶᠠᠭᠤ ᠭᠡᠵᠦ | ᠣᠶᠢᠯᠭᠠᠵᠤ ᠪᠠᠶᠢᠨ᠎ᠠ ᠪᠣᠶ︖ | ᠳ᠋ᠢᠩ ᠰᠢᠤᠸᠠᠢ ᠹᠧᠩ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠦᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠢ ᠰᠡᠳᠦᠪ ᠢᠶᠠᠷ ᠰᠤᠳᠤᠯᠬᠤ ᠶᠢᠨ ᠬᠠᠮᠲᠤ ᠲᠣᠭᠲᠠᠭᠠᠯ | ᠭᠠᠷᠭᠠᠭᠰᠠᠨ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠯᠤᠰ ᠢ | ᠪᠠᠷᠠᠯᠠᠬᠤ ᠪᠠᠶᠢᠯᠳᠤᠬᠤ ᠪᠤᠳᠤᠯᠭ᠎ᠠ ᠶᠢᠨ ᠬᠠᠷᠠᠴᠠ ᠪᠣᠯᠤᠨ ᠪᠠᠲᠤ ᠴᠢᠩᠭ᠎ᠠ ᠲᠡᠦᠬᠡ ᠶᠢᠨ ᠡᠭᠦᠷᠭᠡᠯᠡᠯ ᠢ ᠭᠦᠢᠴᠡᠳ | ᠢᠯᠡᠷᠡᠭᠦᠯᠵᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠨᠡᠩ | ᠪᠣᠯᠪᠠᠰᠤᠷᠠᠩᠭᠤᠢ ᠨᠡᠩ ᠬᠡᠪᠰᠢᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ | ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ | ᠪᠣᠯᠤᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠳᠤ ᠴᠢᠬᠤᠯᠠ ᠶᠡᠭᠡ ᠪᠥᠭᠡᠳ | ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ | ᠰᠤᠷᠪᠤᠯᠵᠢᠯᠠᠭᠴᠢ᠄ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠬᠢᠭᠡᠳ ᠤᠯᠤᠰ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ | ᠬᠠᠷᠢᠴᠠᠭ᠎ᠠ ᠶᠢ ᠬᠢᠷᠬᠢᠨ ᠣᠶᠢᠯᠠᠭᠠᠬᠤ ᠪᠣᠶ︖ | ᠳ᠋ᠢᠩ ᠰᠢᠤᠸᠠᠢ ᠹᠧᠩ᠄ ᠴᠡᠷᠢᠭ ᠠᠴᠠ ᠬᠠᠯᠠᠭᠳᠠᠭᠰᠠᠳ ᠤᠨ ᠠᠵᠢᠯ ᠨᠢ ᠠᠵᠤ ᠠᠬᠤᠢ ᠨᠡᠶᠢᠭᠡᠮ ᠤᠨ | ᠬᠥᠭᠵᠢᠯᠲᠡ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠬᠢ ᠶᠢᠨ ᠪᠠᠶᠢᠭᠤᠯᠤᠯᠲᠠ ᠳᠤ ᠰᠢᠭᠤᠳ | ᠦᠢᠯᠡᠴᠢᠯᠡᠵᠦ᠂ ᠪᠠᠲᠤᠯᠠᠭᠳᠠᠬᠤ ᠡᠲᠡᠭᠡᠳ ᠤᠯᠠᠨ᠂ ᠴᠡᠷᠢᠭ ᠠᠩᠬᠢ ᠪᠠ ᠣᠷᠣᠨ ᠨᠤᠲᠤᠭ ᠤᠨ ᠰᠠᠯᠠᠭ᠎ᠠ ᠮᠥᠴᠢᠷ | ᠤᠯᠠᠨ᠂ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ᠂ ᠺᠠᠳ᠋ᠷ ᠠᠵᠢᠯᠳᠠᠨ ᠤ ᠶᠠᠪᠤᠳᠠᠯ᠂ ᠰᠤᠷᠭᠠᠨ | ᠬᠥᠮᠦᠵᠢᠯ᠂ ᠠᠵᠢᠯ ᠣᠯᠭᠤᠯᠲᠠ᠂ ᠣᠷᠣᠨ ᠰᠠᠭᠤᠴᠠ᠂ ᠡᠮ ᠡᠮᠨᠡᠯᠭᠡ᠂ ᠳᠠᠭᠠᠳᠬᠠᠯ ᠵᠡᠷᠭᠡ ᠤᠯᠠᠨ ᠲᠤᠬᠠᠶᠢᠯᠠᠭᠰᠠᠨ | ᠠᠵᠢᠯ ᠤᠨ ᠬᠦᠷᠢᠶᠡᠨ ᠳᠤ ᠬᠤᠯᠪᠤᠭᠳᠠᠨ᠎ᠠ᠃ ᠡᠨᠡ ᠬᠦ ᠠᠵᠢᠯ ᠢ ᠰᠠᠶᠢᠲᠤᠷ ᠬᠢᠬᠦ ᠨᠢ ᠥᠷᠭᠡᠨ ᠤᠯᠠᠨ ᠴᠡᠷᠢᠭ ᠤᠨ | ᠠᠯᠪᠠᠨ ᠠᠴᠠ ᠪᠠᠭᠤᠭᠰᠠᠳ ᠤᠨ ᠦᠨᠡᠨ ᠪᠣᠳᠠᠲᠠᠶ ᠠᠰᠢᠭ ᠲᠤᠰᠠ ᠶᠢ ᠬᠠᠮᠠᠭᠠᠯᠠᠬᠤ ᠳᠤ ᠠᠰᠢᠭᠲᠠᠶ᠂ ᠴᠡᠷᠢᠭ ᠠᠩᠬᠢ | ᠪᠠ ᠣᠷᠣᠨ ᠨᠤᠲᠤᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ | ᠦᠢᠯᠡᠴᠢᠯᠡᠬᠦ ᠳᠤ ᠠᠰᠢᠭᠲᠠᠶ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠳᠤ ᠠᠰᠢᠭᠲᠠᠶ᠂ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠤᠬᠢᠴᠢᠯᠠᠯᠲᠠ ᠶᠢ ᠲᠦᠯᠬᠢᠨ ᠠᠬᠢᠭᠤᠯᠬᠤ ᠶᠢᠨ | ᠵᠠᠶᠢᠯᠠᠰᠢ ᠦᠭᠡᠢ ᠱᠠᠭᠠᠷᠳᠠᠯᠭ᠎ᠠ ᠪᠠ ᠴᠢᠬᠤᠯᠠ ᠠᠭᠤᠯᠭ᠎ᠠ ᠮᠥᠨ᠃ | ᠰᠤᠷᠪᠤᠯᠵᠢᠯᠠᠭᠴᠢ᠄ ᠡᠷᠬᠢᠮ ᠲᠣᠪᠴᠢᠶ᠎ᠠ ᠶᠢᠨ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠨᠳᠦᠰᠦᠨ ᠰᠡᠳᠬᠢᠴᠡ ᠨᠢ ᠶᠠᠭᠤ ᠪᠣᠶ︖ | ᠳ᠋ᠢᠩ ᠰᠢᠤᠸᠠᠢ ᠹᠧᠩ᠄ ᠮᠠᠨ ᠤ ᠲᠣᠪᠴᠢᠶ᠎ᠡ ᠨᠠᠮ ᠤᠨ ᠤᠳᠤᠷᠢᠳᠤᠯᠭ᠎ᠠ ᠳᠣᠣᠷ᠎ᠠ᠂ ᠵᠣᠬᠢᠶᠠᠨ | ᠪᠠᠶᠢᠭᠤᠯᠤᠯᠲᠠ ᠶᠢᠨ ᠬᠠᠮᠢᠶ᠋ᠶᠠᠷᠤᠯᠲᠠ ᠶᠢᠨ ᠰᠢᠰᠲ᠋ᠧᠮ᠂ ᠠᠵᠢᠯ ᠤᠨ ᠠᠵᠢᠯᠯᠠᠭᠠᠨ ᠤ ᠰᠢᠰᠲ᠋ᠧᠮ᠂ ᠲᠦᠷᠦ ᠶᠢᠨ | ᠪᠤᠳᠤᠯᠭ᠎ᠠ ᠲᠦᠷᠢᠮ ᠤᠨ ᠰᠢᠰᠲ᠋ᠧᠮ ᠢ ᠤᠯᠠᠮ ᠴᠢᠨᠠᠭᠰᠢᠳᠠ ᠪᠠᠶᠢᠭᠤᠯᠤᠨ ᠲᠡᠭᠦᠯᠳᠡᠷᠵᠢᠭᠦᠯᠵᠦ᠂ ᠴᠡᠷᠢᠭ ᠤᠨ | ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠬᠦᠷᠢᠶᠡᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠰᠤᠷᠪᠤᠯᠵᠢᠯᠠᠭᠴᠢ᠄ ᠲᠠᠨ ᠤ ᠲᠣᠪᠴᠢᠶ᠎ᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ ᠪᠣᠶ︖ | ᠳ᠋ᠢᠩ ᠰᠢᠤᠸᠠᠢ ᠹᠧᠩ᠄ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ | ᠶᠢᠨ ᠵᠠᠩᠭᠢᠯᠠᠭ᠎ᠠ ᠨᠢ ᠵᠠᠰᠠᠭ ᠵᠠᠬᠢᠷᠭᠠᠨ ᠤ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ | ᠬᠦᠴᠦᠨ ᠢ ᠵᠡᠷᠭᠡᠪᠡᠷ ᠬᠥᠭᠵᠢᠭᠦᠯᠬᠦ ᠠᠵᠢᠯ ᠤᠨ ᠪᠠᠶᠢᠷᠢᠰᠢᠯ ᠢ ᠲᠦᠷᠭᠡᠨ ᠪᠣᠶ ᠪᠣᠯᠭᠠᠵᠤ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠵᠠᠰᠠᠭ ᠵᠠᠬᠢᠷᠭᠠᠨ ᠤ ᠪᠠᠶᠢᠭᠤᠯᠤᠮᠵᠢ ᠶᠢᠨ | ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠳᠣᠲᠣᠭᠠᠳᠤ ᠪᠠᠶᠢᠭᠤᠯᠤᠮᠵᠢ ᠶᠢ ᠤᠯᠠᠮ ᠨᠢᠭᠡ ᠠᠯᠬᠤᠮ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠠᠵᠢᠯ ᠤᠨ ᠳᠦᠷᠢᠮ ᠢ ᠪᠦᠷᠢᠨᠰᠢᠭᠦᠯᠵᠦ᠂ ᠠᠵᠢᠯᠯᠠᠭᠠᠨ ᠤ | ᠲᠣᠭᠲᠠᠴᠠ ᠶᠢ ᠵᠢᠷᠤᠮᠵᠢᠭᠤᠯᠤᠨ ᠵᠠᠰᠠᠭ ᠵᠠᠬᠢᠷᠭᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠥᠪᠯᠡᠭᠴᠢ ᠶᠢ | ᠰᠠᠶᠢᠲᠤᠷ ᠬᠡᠷᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠰᠠᠯᠠᠭ᠎ᠠ ᠮᠥᠴᠢᠷ ᠤᠨ ᠬᠠᠷᠢᠯᠴᠠᠬᠤ ᠵᠡᠷᠭᠡ | ᠴᠢᠳᠠᠮᠵᠢ ᠶᠢ ᠰᠠᠶᠢᠲᠤᠷ ᠪᠠᠳᠠᠷᠠᠭᠤᠯᠤᠨ᠎ᠠ᠃ ᠦᠢᠯᠡᠴᠢᠯᠡᠭᠡᠨ ᠤ ᠰᠢᠰᠲ᠋ᠧᠮ ᠤᠨ ᠴᠢᠳᠠᠪᠤᠷᠢ ᠶᠢᠨ ᠳᠡᠭᠡᠭᠰᠢᠯᠡᠯᠲᠡ ᠶᠢ | ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠤᠯᠪᠣᠭᠳᠠᠬᠤ ᠠᠵᠢᠯ ᠦᠢᠯᠡᠰ ᠤᠨ ᠨᠢᠭᠡᠴᠡ ᠶᠢᠨ | ᠬᠠᠷᠢᠶᠠᠨ ᠳᠤ ᠰᠢᠯᠵᠢᠬᠦ ᠠᠯᠬᠤᠴᠠ ᠶᠢ ᠲᠦᠷᠭᠡᠳᠬᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ︵ᠥᠷᠲᠡᠭᠡ︶ ᠤᠨ ᠵᠠᠰᠠᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ | ᠠᠬᠢᠭᠤᠯᠤᠨ᠎ᠠ᠃ | ᠰᠤᠷᠪᠤᠯᠵᠢᠯᠠᠭᠴᠢ᠄ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ᠂ ᠲᠥᠷᠥ ᠶᠢᠨ ᠪᠣᠳᠣᠯᠭ᠎ᠠ ᠶᠢᠨ | ᠪᠠᠲᠤᠯᠠᠭ᠎ᠠ ᠶᠢᠨ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠣᠶ︖ | ᠳ᠋ᠢᠩ ᠰᠢᠤᠸᠠᠢ ᠹᠧᠩ᠄ ᠪᠢᠳᠡ ᠬᠠᠤᠯᠢ ᠪᠠᠷ ᠵᠠᠰᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ | ᠂ ᠬᠠᠦᠯᠢ ᠪᠠᠷ ᠵᠠᠰᠠᠬᠤ ᠰᠡᠳᠬᠢᠬᠦᠶ ᠪᠠᠨ ᠬᠡᠷᠡᠭᠯᠡᠨ ᠴᠡᠷᠢᠭ ᠠᠩᠭᠢ ᠪᠠ ᠣᠷᠣᠨ ᠨᠤᠲᠤᠭ ᠤᠨ ᠥᠭᠡᠷᠡᠴᠢᠯᠡᠯᠲᠡ ᠶᠢᠨ | ᠠᠯᠬᠤᠭ᠎ᠠ ᠶᠢ ᠴᠢᠩᠭ᠎ᠠ ᠳᠠᠭᠠᠵᠤ᠂ ᠲᠥᠷᠥ ᠶᠢᠨ ᠪᠣᠳᠣᠯᠭ᠎ᠠ ᠲᠦᠷᠢᠮ ᠤᠨ ᠰᠢᠰᠲ᠋ᠧᠮ ᠢ ᠳᠠᠬᠢᠨ ᠪᠠᠶᠢᠭᠤᠯᠬᠤ ᠶᠢ | ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠲᠦᠷᠢᠮ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠬᠠᠤᠯᠢ | ᠶᠣᠰᠣᠭᠠᠷ ᠵᠠᠰᠠᠭ ᠶᠠᠪᠤᠭᠤᠯᠬᠤ ᠰᠢᠰᠲ᠋ᠧᠮ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ | ︽ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ︾ ᠡᠨᠡ ᠬᠦ ᠴᠢᠬᠤᠯᠠ | ᠶᠡᠭᠡ ᠤᠯᠤᠰ ᠲᠥᠷᠥ ᠶᠢᠨ ᠠᠰᠠᠭᠤᠳᠠᠯ ᠤᠨ ᠲᠣᠭᠤᠷᠢᠨ ᠳᠤ᠂ ︽ᠴᠡᠷᠢᠭ ᠠᠴᠠ ᠬᠠᠯᠠᠭᠳᠠᠭᠰᠠᠳ ᠢ ᠪᠠᠲᠤᠯᠠᠬᠤ | ᠬᠠᠤᠯᠢ︾ ᠪᠠᠷ ᠭᠤᠤᠯ ᠪᠣᠯᠭᠠᠨ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠢᠮ︾᠂ ︽ᠴᠡᠷᠢᠭ | ᠬᠥᠮᠦᠨ ᠤ ᠠᠰᠠᠷᠠᠮᠵᠢ ᠬᠠᠷᠠᠭᠠᠯᠵᠠᠯ ᠤᠨ ᠲᠦᠷᠢᠮ︾᠂ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ | ᠲᠦᠷᠢᠮ︾ ᠵᠡᠷᠭᠡ ᠬᠠᠤᠯᠢ ᠲᠣᠭᠲᠠᠭᠠᠯ ᠢᠶᠠᠷ ᠲᠦᠰᠢᠭ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠦᠷᠢᠮ | ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠡᠯ ᠢᠶᠠᠷ ᠢᠵᠢ ᠪᠥᠷᠢᠳᠦᠭᠰᠡᠨ ᠲᠥᠷᠥ ᠶᠢᠨ ᠪᠣᠳᠣᠯᠭ᠎ᠠ | ᠲᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠣᠷᠴᠢᠭᠤᠯᠤᠭᠴᠢ᠄ ᠭᠡᠷᠡᠯ | |