ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠮᠠᠨ ᠤ ᠰᠢᠶᠠᠨ ᠤ ᠳᠡᠪᠡᠭᠡᠲᠤ ᠰᠢᠶᠠᠩ ᠳᠤ ᠭᠦᠨᠵᠡᠭᠡᠶᠢᠷᠡᠨ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2020-01-02
   ᠰᠢᠨ᠎ᠡ ᠵᠢᠯ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠮᠠᠨ ᠤ ᠰᠢᠶᠠᠨ ᠤ ᠳᠡᠪᠡᠭᠡᠲᠤ ᠰᠢᠶᠠᠩ ᠳᠤ ᠭᠦᠨᠵᠡᠭᠡᠶᠢᠷᠡᠨ ᠪᠣᠯᠭᠤᠭᠠᠨ ᠲᠤᠬᠤᠨᠢᠭᠤᠯᠭ᠎ᠠ ᠬᠢᠪᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠢᠩ ᠲᠢᠩ ᠶᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠣᠤ ᠭᠤᠸᠠᠩ᠂ ᠰᠢᠶᠠᠨ ᠤ ᠳᠡᠳ᠋ ᠳᠠᠷᠤᠭ᠎ᠠ ᠰᠢᠤᠸᠠᠢ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠬᠤᠨᠢᠭᠤᠯᠤᠯ ᠳᠤ ᠣᠷᠣᠯᠴᠠᠪᠠ᠃    ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠨᠡᠷ ᠤᠷᠢᠳ ᠬᠤᠵᠢᠳ ᠬᠦᠴᠢᠷᠳᠡᠯᠲᠡᠶ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠡᠲᠡᠭᠡᠳ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢ ᠲᠣᠬᠤᠨᠢᠭᠤᠯᠵᠤ᠂ ᠠᠶᠢᠯ ᠪᠣᠯᠭᠠᠨ ᠳᠤ ᠬᠦᠷᠬᠦ ᠪᠦᠷᠢ ᠸᠠᠩ ᠪᠢᠩ ᠲᠡᠳᠡᠨ ᠲᠠᠢ ᠳᠣᠲᠤᠨᠤᠰᠤᠭ ᠢᠶᠠᠷ ᠶᠠᠷᠢᠯᠴᠠᠵᠤ᠂ ᠪᠠᠶᠠᠷ ᠬᠦᠷᠭᠡᠵᠦ᠂ ᠲᠡᠳᠡᠨ ᠤ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ᠂ ᠣᠷᠣᠯᠭ᠎ᠠ᠂ ᠣᠷᠣᠨ ᠰᠠᠭᠤᠴᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤᠷᠠᠭᠰᠠᠨ ᠰᠢᠯᠲᠠᠭᠠᠨ᠂ ᠲᠥᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠵᠡᠷᠭᠡ ᠪᠠᠶᠢᠳᠠᠯ ᠵᠢᠴᠢ ᠲᠡᠳᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠠᠮᠢᠳᠤᠷᠠᠯ ᠪᠠᠶᠠᠷ ᠪᠠᠶᠠᠰᠬᠤᠯᠠᠩ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠦᠩᠨᠡᠬᠦ ᠶᠢᠨ ᠬᠠᠮᠲᠤ᠂ ᠲᠡᠳᠡᠨ ᠳᠤ ᠲᠤᠬᠤᠨᠢᠭᠤᠯᠭ᠎ᠠ ᠶᠢᠨ ᠪᠤᠳᠠᠰ ᠪᠣᠯᠣᠨ ᠲᠤᠬᠤᠨᠢᠭᠤᠯᠭ᠎ᠠ ᠶᠢᠨ ᠮᠥᠩᠭᠦ ᠬᠦᠷᠭᠡᠵᠦ᠂ ᠬᠠᠮᠢᠶ᠎ᠠ ᠪᠦᠬᠦᠢ ᠬᠥᠮᠦᠰ ᠢ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠦ ᠶᠢᠨ ᠪᠣᠳᠣᠯᠭ᠎ᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠠᠲᠤᠯᠠᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠲᠠᠢ᠂ ᠢᠳᠡᠪᠬᠢᠲᠡᠢ ᠪᠥᠭᠡᠳ ᠪᠠᠶᠠᠷ ᠪᠠᠶᠠᠰᠬᠤᠯᠠᠩ ᠲᠠᠢ ᠪᠠᠷ ᠠᠮᠢᠳᠤᠷᠠᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠵᠠᠬᠢᠪᠡ᠃     ᠲᠤᠬᠤᠨᠢᠭᠤᠯᠭ᠎ᠠ ᠳᠤᠮᠳᠠ᠂ ᠸᠠᠩ ᠪᠢᠩ᠂ ᠴᠠᠭᠠᠨ ᠰᠠᠷ᠎ᠠ ᠬᠦᠷᠴᠦ ᠢᠷᠡᠬᠦ ᠪᠣᠯᠤᠯ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠦᠴᠢᠷᠳᠡᠯᠲᠡᠶ ᠣᠯᠠᠨ ᠲᠦᠮᠡᠨ ᠳᠤ ᠨᠠᠩ ᠶᠡᠭᠡ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠵᠦ᠂ ᠬᠦᠴᠢᠷᠳᠡᠯᠲᠡᠶ ᠣᠯᠠᠨ ᠲᠦᠮᠡᠨ ᠢ ᠲᠡᠳᠬᠦᠨ ᠳᠡᠮᠵᠢᠬᠦ ᠪᠠ ᠠᠪᠤᠷᠠᠨ ᠲᠤᠰᠠᠯᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ ᠭᠡᠵᠦ ᠱᠠᠭᠠᠷᠳᠠᠪᠠ᠃ ᠲᠡᠳᠡᠨ ᠳᠤ ᠢᠳᠡᠪᠬᠢᠲᠡᠢ ᠬᠠᠪᠰᠤᠷᠴᠤ ᠪᠠᠶᠢᠭᠠᠳ ᠲᠣᠬᠢᠶᠠᠯᠳᠤᠭᠰᠠᠨ ᠠᠰᠠᠭᠤᠳᠠᠯ ᠢ ᠨᠢ ᠰᠢᠢᠳᠪᠤᠷᠢᠯᠡᠨ ᠥᠭᠴᠦ᠂ ᠲᠡᠳᠡᠨ ᠤ ᠠᠮᠢᠳᠤᠷᠠᠯ ᠢ ᠨᠢ ᠤᠯᠠᠮ ᠰᠠᠶᠢᠨ ᠪᠣᠯᠭᠠᠵᠤ᠂ ᠬᠦᠴᠢᠷᠳᠡᠯ ᠲᠠᠢ ᠬᠥᠮᠦᠰ ᠢ ᠲᠣᠬᠤᠨᠢᠭᠤᠯᠬᠤ ᠪᠠ ᠠᠪᠤᠷᠠᠨ ᠲᠤᠰᠠᠯᠠᠬᠤ ᠶᠢ ︽ᠬᠤᠶᠠᠷ ᠪᠠᠶᠠᠷ︾ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠭᠤᠣᠯᠳᠠᠯᠠᠭ᠎ᠠ ᠪᠣᠯᠭᠠᠵᠤ ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠬᠠᠨᠳᠤᠯᠭᠠᠲᠤ ᠴᠢᠨᠠᠷᠲᠠᠶ ᠪᠠᠷ ᠲᠤᠰᠬᠠᠶ ᠠᠪᠤᠷᠠᠨ ᠲᠤᠰᠠᠯᠠᠬᠤ ᠪᠠ ᠬᠠᠶᠢᠷ᠎ᠠ ᠬᠠᠯᠠᠮᠵᠢ ᠬᠦᠷᠭᠡᠬᠦ ᠵᠡᠷᠭᠡ ᠠᠵᠢᠯᠯᠠᠭ᠎ᠠ ᠥᠷᠨᠢᠭᠦᠯᠵᠦ᠂ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠬᠦᠴᠢᠷᠳᠡᠯᠲᠡᠶ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠪᠣᠳᠠᠲᠠᠶ ᠪᠠᠷ ᠮᠡᠳᠡᠷᠡᠭᠦᠯᠬᠦ ᠬᠡᠷᠡᠭᠲᠡᠶ ᠭᠡᠪᠡ᠃                                                            ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2