ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠮᠠᠨ ᠤ ᠰᠢᠶᠠᠨ ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-01-02
   ᠰᠢᠨ᠎ᠡ ᠵᠢᠯ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠮᠠᠨ ᠤ ᠰᠢᠶᠠᠨ ᠳᠤ ᠭᠦᠨᠵᠡᠭᠡᠶᠢᠷᠡᠨ ᠶᠠᠳᠠᠭᠤ ᠬᠦᠴᠢᠷᠳᠡᠯᠲᠡᠶ ᠡᠷᠦᠬᠡ ᠶᠢ ᠡᠷᠭᠢᠨ ᠲᠤᠬᠤᠨᠢᠭᠤᠯᠵᠤ ᠲᠡᠳᠡᠨ ᠳᠤ ᠰᠢᠨ᠎ᠡ ᠵᠢᠯ ᠤᠨ ᠵᠥᠩᠨᠡᠯ ᠪᠣᠯᠤᠨ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠵᠡᠶ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠨᠡᠷ  ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠵᠠᠩ ᠸᠠᠨ ᠳᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠠᠷ᠎ᠠ ᠪᠣᠯᠣᠯᠤᠭ᠎ᠠ ᠲᠠᠢ ᠪᠠᠷ᠂ ᠳᠠᠭᠠᠭᠠᠴᠢᠯᠠᠨ ᠲᠡᠳᠬᠦᠵᠦ ᠪᠠᠶᠢᠭ᠎ᠠ ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠦᠵᠡᠵᠦ ᠲᠣᠬᠤᠨᠢᠭᠤᠯᠤᠨ᠂ ᠲᠡᠳᠡᠨ ᠳᠤ ᠲᠤᠬᠤᠨᠢᠭᠤᠯᠭ᠎ᠠ ᠶᠢᠨ ᠮᠥᠩᠭᠦ ᠵᠢᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃    ᠰᠢᠤᠢ ᡁᠢ ᠮᠢᠩ ᠠᠶᠢᠯ ᠪᠦᠷᠢ ᠳᠤ ᠬᠦᠷᠬᠦ ᠪᠣᠯᠭᠠᠨ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ᠂ ᠲᠤᠯᠠᠭᠠᠯᠠᠭ᠎ᠠ᠂ ᠡᠪᠡᠳᠴᠢᠨ ᠬᠠᠭᠤᠴᠢᠨ ᠢᠶᠠᠨ ᠦᠵᠡᠭᠦᠯᠬᠦ᠂ ᠦᠷ᠎ᠡ ᠬᠡᠤᠬᠡᠳ ᠨᠢ ᠰᠤᠷᠭᠠᠭᠤᠯᠢ ᠳᠤ ᠰᠠᠭᠤᠬᠤ ᠵᠡᠷᠭᠡ ᠠᠰᠠᠭᠤᠳᠠᠯ ᠢ ᠨᠠᠷᠢᠨ ᠠᠰᠠᠭᠤᠵᠤ᠂ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠵᠣᠷᠢᠭᠲᠠᠶ ᠪᠠᠷ ᠠᠮᠢᠳᠤᠷᠠᠯ ᠳᠤ ᠬᠠᠨᠳᠤᠵᠤ᠂ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠨ ᠳᠠᠪᠠᠵᠤ᠂ ᠡᠷᠲᠡᠬᠡᠨ ᠪᠠᠶᠠᠨ ᠴᠢᠨᠡᠭᠡᠯᠢᠭ ᠠᠮᠢᠳᠤᠷᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠡᠯ᠎ᠡ ᠱᠠᠲᠤᠨ ᠤ ᠺᠠᠳ᠋ᠷ ᠢ ᠦᠷᠭᠦᠯᠵᠢ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠬᠦᠷᠴᠦ᠂ ᠲᠡᠳᠡᠨ ᠤ ᠠᠮᠢᠳᠤᠷᠠᠯ ᠢ ᠲᠣᠬᠢᠲᠠᠶ ᠰᠠᠶᠢᠲᠤᠷ ᠲᠥᠪᠬᠢᠨᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨᠬᠦ   ᠰᠢᠢᠳᠪᠤᠷᠢᠯᠡᠵᠦ ᠥᠭᠬᠦ ᠬᠡᠷᠡᠭᠲᠡᠶ ᠭᠡᠵᠦ ᠱᠠᠭᠠᠷᠳᠠᠪᠠ᠃    ᠲᠤᠬᠤᠨᠢᠭᠤᠯᠭ᠎ᠠ ᠶᠢᠨ ᠳᠠᠷᠠᠭ᠎ᠠ᠂ ᠰᠢᠤᠢ ᡁᠢ ᠮᠢᠩ ᠨᠡᠷ ᠪᠠᠰᠠ ᠲᠣᠰᠬᠤᠨ ᠤ ᠠᠷᠠᠳ ᠤᠨ ᠵᠥᠪᠯᠡᠯ ᠳᠤ ᠶᠠᠷᠢᠯᠴᠠᠬᠤ ᠬᠤᠷᠠᠯ ᠬᠢᠵᠦ᠂ ᠪᠠᠯᠭᠠᠰᠤ᠂ ᠲᠣᠰᠬᠤᠨ ᠤ ᠦᠨᠳᠦᠰᠦᠨ ᠱᠠᠲᠤᠨ ᠤ ᠺᠠᠳ᠋ᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠠᠳᠠᠯᠵᠤ᠂ ᠰᠢᠢᠳᠪᠤᠷᠢᠯᠡᠬᠦ ᠠᠷᠭ᠎ᠠ ᠶᠢ ᠬᠠᠮᠲᠤᠪᠠᠷ ᠵᠥᠪᠳᠡᠯᠴᠡᠪᠡ᠃    ᠰᠢᠤᠢ ᡁᠢ ᠮᠢᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠳᠠᠬᠢᠨᠲᠠ ᠴᠢᠬᠤᠯᠠᠴᠢᠯᠠᠵᠤ ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠲᠥᠷᠥᠯ ᠵᠦᠢᠯ ᠬᠤᠪᠢᠶᠠᠨ᠂ ᠡᠷᠦᠬᠡ ᠳᠤ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠠᠷᠭ᠎ᠠ ᠪᠣᠳᠤᠯᠭ᠎ᠠ ᠠᠪᠴᠤ᠂ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠩᠭᠡᠨ ᠲᠠᠯ᠎ᠠ ᠶᠢ ᠵᠠᠰᠠᠬᠤ ᠪᠠ  ᠤᠭ ᠠᠴᠠ ᠨᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ ᠶᠡᠬᠡᠪᠡᠷ ᠠᠬᠢᠭᠤᠯᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ ᠳᠠᠷᠤᠭᠠᠰᠤ ᠶᠢ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠮ ᠳᠡᠭᠡᠷ᠎ᠡ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠡᠪᠡ᠃                                                        ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2