ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠪ ᠬᠠᠮᠲᠤ ᠨᠠᠮ ᠤᠨ | ᠭᠡᠰᠢᠭᠦᠨ ᠤ ᠲᠠᠩᠭᠠᠷᠢᠭ ᠢᠶᠠᠨ ᠦᠢᠯᠡᠳᠦᠯᠭᠡᠵᠢᠭᠦᠯᠦᠶ᠎ᠡ | ——ᠳᠡᠪᠡᠭᠡᠲᠤ ᠰᠢᠶᠠᠩ ᠤᠨ ᠳᠠᠭᠤᠯᠠᠭᠴᠢ ᠲᠣᠰᠬᠤᠨ ᠤ ᠨᠢᠭᠡᠳᠦᠭᠡᠷ ᠱᠦᠵᠢ ᠯᠢᠦ ᠶᠢᠨ ᠴᠠᠩ | | ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ | ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ᠡᠨᠡᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠤᠮᠳᠠᠳᠤ | ᠤᠯᠤᠰ ᠤᠨ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ | ᠯᠢᠦ ᠶᠢᠨ ᠴᠠᠩ᠂ ᠡᠷᠡᠭᠲᠡᠶ᠂ 1966 ᠣᠨ ᠳᠤ᠂ ᠨᠢᠭᠡᠨ ᠡᠩ ᠤᠨ ᠨᠠᠮ ᠤᠨ ᠭᠡᠰᠢᠭᠦᠨ ᠤ ᠭᠡᠷ ᠲᠤ ᠲᠥᠷᠥᠵᠡᠢ | ᠃ 1983 ᠣᠨ ᠳᠤ ᠴᠡᠷᠢᠭ ᠲᠤ ᠣᠷᠣᠵᠤ᠂ ᠴᠡᠷᠢᠭ ᠠᠩᠭᠢ ᠳᠤ ᠲᠡᠭᠦᠨ ᠤ ᠬᠦᠴᠢᠷ ᠵᠣᠪᠠᠭᠤᠷᠢ ᠶᠢ ᠲᠡᠰᠪᠦᠷᠢᠯᠡᠬᠦ | ᠂ ᠡᠷᠡᠯᠬᠡᠭᠯᠡᠨ ᠲᠡᠮᠡᠴᠡᠬᠦ ᠰᠤᠷᠲᠠᠯ ᠢ ᠳᠠᠪᠲᠠᠨ ᠪᠣᠯᠪᠠᠰᠤᠷᠠᠭᠤᠯᠵᠠᠶ᠃ 1986ᠣᠨ ᠳᠤ ᠴᠡᠷᠢᠭ ᠠᠴᠠ ᠬᠠᠯᠠᠭᠳᠠᠵᠤ | ᠪᠤᠴᠠᠵᠤ ᠢᠷᠡᠭᠡᠳ ᠰᠢᠶᠠᠨ ᠤ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠤ ᠠᠵᠢᠯᠯᠠᠵᠤ᠂ | 1988 ᠣᠨ ᠳᠤ ᠢᠷᠠᠭᠤ ᠠᠯᠳᠠᠷᠲᠠᠶ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ | ᠪᠠᠶᠢᠭᠤᠯᠤᠯᠲᠠ ᠳᠤ ᠣᠷᠣᠵᠤ᠂ ᠲᠡᠭᠦᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠰᠢᠨ᠎ᠡ ᠠᠶᠠᠨ ᠵᠠᠮ ᠢᠶᠠᠨ ᠡᠬᠢᠯᠡᠭᠦᠯᠦᠭᠰᠡᠨ ᠪᠠᠶᠢᠨ᠎ᠠ᠃ | 2017 ᠣᠨ ᠤ ᠡᠬᠢ ᠪᠠᠷ᠂ ᠰᠢᠶᠠᠨ ᠤ ᠨᠠᠮ ᠤᠨ ᠬᠤᠷᠢᠶ᠎ᠠ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠳᠣᠲᠣᠷ᠎ᠠ ᠠᠴᠠ ᠨᠢᠭᠡ ᠪᠦᠯᠦᠭ ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠶᠢᠨ ᠲᠤᠰᠢᠶᠠᠯ ᠢ ᠡᠭᠦᠷᠭᠡᠯᠡᠭᠦᠯᠵᠦ᠂ ᠲᠣᠰᠬᠤᠨ ᠳᠤ ᠬᠦᠷᠴᠦ ᠡᠷᠦᠬᠡ ᠳᠤ ᠬᠦᠷᠴᠦ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠣᠯ | ᠤᠯᠤᠰ ᠤᠨ ᠶᠡᠭᠡ ᠶᠠᠪᠤᠳᠠᠯ ᠪᠣᠯᠤᠨ᠎ᠠ᠃ ᠠᠷᠠᠳ ᠤᠨ ᠪᠠᠶᠢᠳᠠᠯ᠂ ᠠᠷᠠᠳ ᠤᠨ ᠠᠮᠢᠳᠤᠷᠠᠯ ᠪᠣᠯ ︽ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠳᠣᠲᠣᠷᠠᠬᠢ ᠴᠣᠷ ᠤᠨ ᠭᠠᠭᠴᠠ ᠴᠠᠭ ᠤᠨ ᠬᠢᠵᠠᠭᠠᠷ ᠲᠠᠢ᠂ ᠶᠡᠷᠦᠩᠬᠡᠶ | ᠱᠦᠵᠢ ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠢ ᠲᠥᠯᠥᠭᠡᠯᠡᠨ ᠪᠦᠬᠦ ᠳᠡᠯᠡᠬᠡᠢ ᠳᠤ ᠲᠥᠪ | ᠴᠢᠩᠭ᠎ᠠ ᠠᠮᠠᠯᠠᠯᠲᠠ ᠬᠢᠭᠰᠡᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ᠎ᠠ᠃ ︽ᠤᠨᠢᠨ ᠳᠡᠭᠡᠷ᠎ᠡ ᠨᠢ | ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠪᠣᠯ ᠮᠠᠨ ᠤ ᠳᠤᠮᠳᠠᠳᠤ | ᠤᠯᠤᠰ ᠤᠨ ᠡᠪ ᠬᠠᠮᠲᠤ ᠨᠠᠮ ᠨᠢᠭᠡᠪᠦᠷᠢ ᠶᠢᠨ ᠵᠠᠶᠢᠯᠠᠭᠤᠯᠵᠤ ᠪᠣᠯᠤᠰᠢ ᠦᠭᠡᠢ ᠡᠭᠦᠷᠭᠡ ᠬᠠᠷᠢᠭᠤᠴᠠᠯᠭ᠎ᠠ ᠮᠥᠨ᠃ | ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠡᠨᠡ ᠤᠳᠠᠭᠠᠨ ᠤ ᠳᠠᠶᠢᠯᠠᠯᠳᠤᠭᠠᠨ ᠳᠤ ᠥᠪᠡᠷ ᠤᠨ | ᠥᠴᠦᠬᠡᠨ ᠬᠦᠴᠦ ᠪᠠᠨ ᠰᠢᠪᠬᠠᠬᠤ ᠨᠢ ᠮᠠᠨ ᠤ ᠬᠢᠵᠠᠭᠠᠯᠠᠰᠢ ᠦᠭᠡᠢ ᠢᠷᠠᠭᠤ ᠠᠯᠳᠠᠷ ᠮᠥᠨ᠃ | ᠳᠠᠭᠤᠯᠠᠭᠴᠢ ᠵᠠᠰᠠᠭ ᠵᠠᠬᠢᠷᠭᠠᠨ ᠤ ᠲᠣᠰᠬᠤᠨ ᠨᠢ ᠰᠢᠶᠠᠨ ᠤ ᠬᠤᠲᠠ ᠶᠢᠨ ᠵᠡᠭᠦᠨ ᠬᠤᠢᠲᠤ ᠵᠦᠭ ᠲᠤ | ᠪᠠᠶᠢᠷᠢᠯᠠᠵᠤ᠂ ᠰᠢᠶᠠᠩ ᠤᠨ ᠵᠠᠰᠠᠭ ᠤᠨ ᠣᠷᠳᠤᠨ ᠠᠴᠠ 3.5 ᠺᠢᠯᠦᠮᠧᠳ᠋ᠷ ᠵᠠᠶᠢᠲᠠᠶ ᠪᠠᠶᠢᠵᠤ᠂ ᠰᠢᠯᠢ ᠶᠢᠨ ᠭᠤᠤᠯ | ᠠᠶᠢᠮᠠᠭ ᠤᠨ ᠬᠥᠪᠡᠭᠡᠲᠦ ᠰᠢᠷ᠎ᠠ ᠬᠤᠰᠢᠭᠤ ᠲᠠᠢ ᠬᠦᠷᠦᠰᠢ ᠪᠠᠶᠢᠳᠠᠭ᠃ ᠵᠠᠰᠠᠭ ᠵᠠᠬᠢᠷᠭᠠᠨ ᠤ ᠲᠣᠰᠬᠤᠨ ᠨᠢ | ᠳᠠᠭᠤᠯᠠᠭᠴᠢ᠂ ᠶᠢᠰᠦᠨ ᠰᠤᠮᠤ᠂ ᠡᠯ ᠳ᠋ᠤᠸᠠᠨ ᠵᠢᠩ᠂ ᠯᠢ ᠳ᠋ᠠ ᠵᠢᠩ᠂ ᠺᠠᠢ ᠳ᠋ᠢ ᠹᠠᠩ᠂ ᠰᠠᠶᠢᠷᠲᠤ ᠭᠤᠤ ᠵᠡᠷᠭᠡ 6 | ᠠᠶᠢᠯ ᠲᠣᠰᠬᠤᠨ ᠢ ᠬᠠᠷᠢᠶᠠᠯᠠᠳᠠᠭ᠃ ᠬᠠᠷᠢᠶ᠎ᠠ ᠭᠠᠵᠠᠷ ᠤᠨ ᠲᠠᠯᠠᠪᠠᠢ ᠨᠢ 68.9 ᠲᠡᠭᠰᠢ ᠳᠥᠷᠪᠡᠯᠵᠢᠨ ᠺᠢᠯᠣᠮᠧᠲᠷ᠂ | ᠨᠡᠶᠢᠲᠡ ᠶᠢᠨ ᠠᠰᠠᠷᠠᠮᠵᠢ ᠶᠢᠨ ᠣᠢ ᠶᠢᠨ ᠲᠠᠯᠠᠪᠠᠢ ᠨᠢ 26618 ᠮᠦ᠂ ᠲᠠᠷᠢᠶᠠᠨ ᠭᠠᠵᠠᠷ ᠤᠨ ᠲᠠᠯᠠᠪᠠᠢ ᠨᠢ 9434 | ᠮᠦ᠂ ᠲᠠᠷᠢᠶᠠᠯᠠᠬᠤ ᠪᠠᠨ ᠪᠣᠯᠢᠭᠰᠠᠨ ᠭᠠᠵᠠᠷ ᠤᠨ ᠲᠠᠯᠠᠪᠠᠢ ᠨᠢ 6182 ᠮᠦ᠃ ᠬᠠᠷᠢᠶ᠎ᠠ ᠭᠠᠵᠠᠷ ᠤᠨ ᠳᠣᠲᠣᠷᠠᠬᠢ | ᠬᠥᠷᠥᠰᠥ ᠰᠢᠷᠣᠶ ᠲᠠᠴᠢᠷ ᠨᠢᠮᠭᠡᠨ᠂ ᠰᠠᠯᠬᠢᠨ ᠳᠤ ᠢᠳᠡᠭᠳᠡᠵᠦ ᠡᠯᠡᠰᠦᠷᠭᠡᠭᠵᠢᠭᠰᠡᠨ ᠨᠢ ᠬᠦᠨᠳᠦ ᠨᠣᠴᠢᠲᠠᠶ᠂ | ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ᠂ ᠤᠰᠤᠯᠠᠯᠲᠠ ᠶᠢᠨ ᠲᠠᠷᠢᠶ᠎ᠡ ᠪᠠᠶᠢᠬᠤ ᠦᠭᠡᠢ ᠪᠠᠶᠢᠨ᠎ᠠ᠃ | ᠭᠤᠤᠯᠯᠠᠬᠤ ᠠᠵᠤ ᠦᠢᠯᠡᠰ ᠨᠢ ᠭᠤᠤᠯᠳᠠᠭᠤ ᠲᠡᠵᠢᠭᠡᠨ ᠦᠷᠡᠵᠢᠭᠦᠯᠬᠦ ᠦᠢᠯᠡᠰ ᠢᠶᠠᠷ ᠭᠤᠤᠯ ᠪᠣᠯᠭᠠᠵᠤ᠂ | ᠲᠠᠷᠢᠮᠠᠯ ᠤᠨ ᠦᠢᠯᠡᠰ ᠨᠢ ᠡᠷᠳᠡᠨᠢ ᠰᠢᠰᠢ᠂ ᠨᠣᠬᠠᠶ ᠶᠢᠨ ᠬᠤᠰᠢᠭᠤ ᠵᠡᠷᠭᠡ ᠲᠡᠵᠢᠭᠡᠯ ᠡᠪᠡᠰᠦ ᠪᠣᠷᠳᠣᠭᠠᠨ ᠤ | ᠲᠠᠷᠢᠮᠠᠯ ᠢᠶᠠᠷ ᠭᠤᠤᠯ ᠪᠣᠯᠭᠠᠨ᠎ᠠ᠃ | ᠲᠣᠰᠬᠤᠨ ᠳᠤ ᠬᠦᠷᠦᠭᠰᠡᠨ ᠠᠴᠠ ᠨᠠᠰᠢ᠂ ᠲᠡᠷᠡ ︽ᠨᠠᠮ ᠤᠨ ᠪᠠᠶᠢᠭᠤᠯᠤᠯᠲᠠ ᠶᠢ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠶᠢ ᠠᠬᠢᠭᠤᠯᠬᠤ︾ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠤᠷᠠᠳᠤᠭᠰᠠᠨ ︽ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠠᠶᠢᠲᠤᠷ ᠠᠳᠬᠤᠬᠤ ᠬᠡᠷᠡᠭᠲᠡᠶ᠂ ᠪᠠᠲᠤ ᠴᠢᠩᠭ᠎ᠠ | ᠨᠠᠮ ᠤᠨ ᠡᠭᠦᠷ ᠪᠣᠯ ᠭᠤᠤᠯᠳᠠᠯᠭ᠎ᠠ ᠮᠥᠨ᠂ ︽ᠬᠤᠶᠠᠷ ᠵᠥᠪᠯᠡᠯ︾ ᠤᠨ ᠤᠳᠤᠷᠢᠳᠬᠤ ᠪᠠᠭ ᠢ ᠰᠢᠯᠢᠳᠡᠭᠵᠢᠭᠦᠯᠦᠨ | ᠪᠠᠶᠢᠭᠤᠯᠬᠤ ᠪᠣᠯ ᠰᠠᠭᠤᠷᠢ ᠮᠥᠨ᠂ ᠠᠷᠠᠳ ᠤᠨ ᠰᠡᠳᠬᠢᠯ ᠢ ᠨᠢᠭᠲᠠᠷᠠᠭᠤᠯᠬᠤ ᠪᠣᠯ ᠵᠠᠩᠭᠢᠯᠠᠭ᠎ᠠ ᠮᠥᠨ︾ ᠭᠡᠬᠦ | ᠱᠠᠭᠠᠷᠳᠠᠯᠭ᠎ᠠ ᠶᠣᠰᠣᠭᠠᠷ᠂ ᠲᠧᠯᠸᠢᠰ ᠦᠵᠡᠬᠦ᠂ ᠷᠠᠳᠢᠣ᠋ ᠨᠡᠪᠲᠡᠷᠡᠭᠦᠯᠭᠡ ᠰᠣᠨᠣᠰᠬᠤ᠂ ᠬᠤᠪᠢ ᠬᠥᠮᠦᠨ ᠤ | ᠪᠣᠯᠪᠠᠰᠤᠷᠠᠭᠤᠯᠤᠯ ᠪᠠ ᠬᠠᠮᠲᠤ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠶ᠋ᠯ ᠤᠨ ᠬᠡᠯᠪᠡᠷᠢ ᠶᠢ ᠵᠣᠬᠢᠶᠠᠨ | ᠪᠠᠶᠢᠭᠤᠯᠬᠤ ᠪᠠᠷ ᠳᠠᠮᠵᠢᠭᠤᠯᠤᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠤᠯ ᠰᠡᠳᠦᠪᠲᠦ ᠨᠠᠮ ᠤᠨ ᠡᠳᠦᠷ︾ ᠤᠨ | ᠠᠵᠢᠯᠯᠠᠭ᠎ᠠ ᠪᠠ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠦᠷᠨᠢᠭᠦᠯᠪᠡ᠃ ᠲᠣᠰᠬᠤᠨ ᠤ ᠨᠠᠮ ᠤᠨ ᠡᠭᠦᠷ ᠢ ᠴᠠᠭ | ᠲᠤᠬᠠᠶ ᠳᠤᠨᠢ ᠵᠢᠯᠣᠭᠤᠳᠴᠤ ᠪᠠᠶᠢᠭᠠᠳ ︽ᠭᠤᠷᠪᠠᠨ ᠬᠤᠷᠠᠯ ᠨᠢᠭᠡ ᠬᠢᠴᠢᠶᠡᠯ︾ ᠢ ᠬᠤᠷᠠᠯᠳᠤᠭᠤᠯᠵᠤ᠂ ᠣᠯᠠᠨ ᠲᠠᠢ | ᠦᠵᠡᠯ ᠰᠠᠨᠠᠭ᠎ᠠ ᠪᠠᠨ ᠰᠣᠯᠢᠯᠴᠠᠵᠤ᠂ ᠲᠥᠰᠦᠯ ᠰᠤᠳᠤᠯᠵᠤ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠲᠠᠢ | ᠤᠶᠠᠯᠳᠤᠭᠤᠯᠵᠤ᠂ ᠤᠯᠤᠰ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠡᠳᠬᠦᠬᠦ ᠲᠥᠷᠦ ᠶᠢᠨ ᠪᠣᠳᠣᠯᠭ᠎ᠠ ᠪᠣᠯᠤᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠰᠢᠰᠲ᠋ᠧᠮ ᠲᠠᠢ ᠰᠤᠷᠤᠯᠴᠠᠨ | ᠡᠵᠡᠮᠰᠢᠵᠦ᠂ ᠪᠦᠬᠦ ᠨᠠᠮ ᠤᠨ ᠭᠡᠰᠢᠭᠦᠨ ᠺᠠᠳ᠋ᠷ ᠤᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠦᠬᠦ ᠨᠠᠮ ᠤᠨ ᠭᠡᠰᠢᠭᠦᠨ ᠺᠠᠳ᠋ᠷ ᠢ ᠥᠪᠡᠷ ᠤᠨ ᠬᠠᠷᠢᠭᠤᠴᠠᠯᠭ᠎ᠠ ᠪᠣᠯᠤᠨ ᠡᠭᠦᠷᠭᠡᠯᠡᠯ ᠢᠶᠠᠨ | ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠢ ᠳᠠᠭᠠᠭᠤᠯᠤᠨ ᠪᠠᠶᠠᠵᠢᠨ | ᠴᠢᠨᠡᠭᠡᠯᠢᠭᠵᠢᠭᠦᠯᠦᠭᠰᠡᠨ ᠪᠠᠶᠢᠨ᠎ᠠ᠃ | ᠣᠯᠠᠨ ᠲᠦᠮᠡᠨ ᠤ ᠳᠤᠮᠲᠠ ᠪᠠᠭ᠎ᠠ ᠤᠴᠢᠷ ᠭᠡᠵᠦ ᠦᠭᠡᠢ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ | ᠦᠷᠭᠦᠯᠵᠢ ᠠᠶᠢᠯ ᠡᠷᠦᠬᠡ ᠳᠤ ᠬᠦᠷᠴᠦ ᠰᠤᠷᠪᠤᠯᠵᠢᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ | ᠂ ᠨᠠᠮ ᠤᠨ ᠡᠯ᠎ᠡ ᠵᠦᠢᠯ ᠤᠨ ᠶᠠᠳᠠᠭᠤ ᠶᠢ ᠲᠡᠳᠬᠦᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠨ ᠤᠬᠠᠭᠤᠯᠵᠤ᠂ ᠣᠯᠠᠨ ᠲᠦᠮᠡᠨ ᠢ ᠬᠠᠪᠰᠤᠷᠤᠨ ᠪᠣᠳᠠᠲᠠᠶ ᠠᠰᠠᠭᠤᠳᠠᠯ ᠢ ᠨᠢ | ᠰᠢᠢᠳᠪᠤᠷᠢᠯᠡᠵᠦ᠂ ᠲᠤᠬᠠᠶ ᠶᠢᠨ ᠭᠠᠵᠠᠷ ᠲᠤᠨᠢ ᠰᠢᠢᠳᠪᠤᠷᠢᠯᠡᠵᠦ ᠳᠡᠶᠢᠯᠬᠦ ᠶᠢ ᠨᠢ ᠳᠠᠷᠦ᠋ᠢᠬᠠᠨ ᠰᠢᠢᠳᠪᠤᠷᠢᠯᠡᠵᠦ᠂ | ᠵᠢᠭᠠᠬᠠᠨ ᠴᠤ ᠬᠤᠶᠢᠰᠢᠯᠠᠭᠤᠯᠬᠤ ᠦᠭᠡᠢ᠃ ᠰᠢᠶᠠᠨ᠂ ᠲᠣᠰᠬᠤᠨ ᠤ ᠬᠤᠭᠤᠷᠣᠨᠳᠣ᠂ ᠯᠦ ᠢ ᠺᠠᠶ ᠳᠤ ᠬᠥᠮᠦᠨ | ᠲᠤᠰᠴᠤ ᠬᠦᠷᠭᠡᠬᠦ᠂ ᠬᠥ᠋ ᠯᠣᠤ ᠾᠧ ᠶᠢᠨ ᠭᠡᠷ ᠲᠤ ᠵᠠᠬᠢᠭᠰᠠᠨ ᠶᠠᠭᠤᠮ᠎ᠠ ᠶᠢ ᠨᠢ ᠬᠦᠷᠭᠡᠵᠦ ᠥᠭᠬᠦ᠂ ᠫᠠᠩ ᠰᠢ᠂ | ᠸᠠᠩ ᠸᠠᠨ ᠬᠦᠶ ᠨᠡᠷ ᠢ ᠬᠠᠪᠰᠤᠷᠤᠨ ᠡᠮ ᠡᠮᠨᠡᠯᠭᠡ ᠶᠢᠨ ᠵᠠᠷᠤᠳᠠᠯ ᠢ ᠮᠡᠳᠡᠭᠦᠯᠬᠦ ᠪᠠᠷ ᠶᠠᠭᠠᠷᠠᠭᠤᠯᠤᠭᠰᠠᠨ ᠮᠡᠲᠦ ᠁ | ᠁ ᠨᠢᠭᠡᠳᠦᠭᠡᠷ ᠱᠦᠵᠢ ᠶᠢᠨ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ ᠳᠠᠭᠠᠭᠤᠯᠤᠭᠰᠠᠨ ᠢᠶᠠᠷ᠂ ᠡᠳᠡᠭᠡᠷ ᠨᠢ | ᠨᠢᠭᠡᠨᠲᠡ ᠪᠦᠬᠦ ᠠᠵᠢᠯᠯᠠᠬᠤ ᠠᠩᠭᠢ ᠶᠢᠨ ᠭᠡᠰᠢᠭᠦᠳ ᠤᠨ ᠡᠳᠦᠷ ᠲᠤᠲᠤᠮ ᠤᠨ ᠠᠵᠢᠯ ᠤᠨ ᠨᠢᠭᠡ ᠬᠡᠰᠡᠭ ᠪᠣᠯᠵᠠᠶ᠃ | ᠠᠯᠲᠠᠨᠨᠠᠮᠤᠷ ᠤᠨ ᠬᠤᠷᠢᠶᠠᠯᠲᠠ ᠶᠢᠨ ᠤᠯᠠᠷᠢᠯ ᠪᠣᠯᠵᠤ᠂ ᠬᠦᠮᠦᠰ ᠨᠠᠮᠤᠷ ᠤᠨ ᠡᠯᠪᠡᠭ ᠬᠤᠷᠢᠶᠠᠯᠲᠠ ᠭᠡᠵᠦ ᠬᠥᠯ | ᠭᠥᠭᠡᠷᠴᠦᠭ ᠪᠣᠯᠬᠤ ᠳᠤ᠂ ᠶᠠᠳᠠᠭᠤ ᠬᠦᠴᠢᠷᠲᠡᠶ ᠲᠠᠷᠢᠶᠠᠴᠢᠨ ᠡᠷᠦᠬᠡ ᠬᠠᠷᠢᠨ ᠠᠵᠢᠯ ᠬᠢᠬᠦ ᠬᠥᠮᠦᠨ ᠦᠭᠡᠢ ᠠᠴᠠ | ᠪᠣᠯᠵᠤ ᠮᠠᠰᠢ ᠵᠣᠪᠠᠨᠢᠯ ᠲᠠᠢ ᠪᠠᠶᠢᠳᠠᠭ᠃ ᠡᠳᠡᠭᠡᠷ ᠪᠠᠶᠢᠳᠠᠯ ᠢ ᠲᠣᠰᠬᠤᠨ ᠳᠤ ᠰᠠᠭᠤᠭ᠎ᠠ ᠠᠵᠢᠯᠯᠠᠬᠤ | ᠳᠤᠭᠤᠶᠢᠯᠠᠩ ᠤᠨ ᠳᠠᠷᠤᠭ᠎ᠠ ᠪᠥᠭᠡᠳ ᠨᠢᠭᠡᠳᠦᠭᠡᠷ ᠱᠦᠵᠢ ᠠᠵᠢᠨ ᠮᠡᠳᠡᠵᠦ᠂ ᠰᠡᠳᠬᠢᠯ ᠳ᠋ᠡᠭᠡᠨᠠᠪᠴᠤ ᠪᠠᠶᠢᠳᠠᠭ᠃ | ᠲᠡᠷᠡ ᠪᠦᠬᠦ ᠭᠡᠰᠢᠭᠦᠳ ᠢᠶᠠᠨ ᠳᠠᠭᠠᠭᠤᠯᠤᠨ ᠳᠡᠮᠡᠶ ᠳᠠᠳᠮᠠᠭᠠᠢ ᠪᠢᠰᠢ ᠴᠤ ᠭᠡᠰᠡᠨ᠂ ᠮᠦᠳᠲᠤ ᠵᠡᠮᠳᠡᠭ ᠪᠣᠯᠵᠤ | ᠶᠠᠳᠠᠭᠤᠷᠠᠭᠰᠠᠨ ᠯᠢ ᠼᠠᠢ ᠶᠢ ᠵᠠᠮ ᠴᠡᠪᠡᠷᠯᠡᠵᠦ᠂ ᠨᠣᠬᠠᠶ ᠶᠢᠨ ᠬᠤᠰᠢᠭᠤ ᠳᠡᠯᠭᠡᠵᠦ᠂ ᠪᠠᠭ᠎ᠠ ᠤᠳᠠᠭᠠᠳ ᠡᠬᠡᠨᠡᠷ ᠨᠢ | ᠣᠯᠠᠨ ᠵᠢᠯ ᠡᠪᠡᠳᠴᠢᠯᠡᠭᠡᠳᠬᠥ᠋ᠳᠡᠯᠮᠦᠷᠢᠯᠡᠵᠦ ᠳᠡᠶᠢᠯᠬᠦ ᠦᠭᠡᠢ ᠶᠠᠳᠠᠭᠤ ᠬᠦᠴᠢᠷᠳᠡᠯᠲᠡᠶ ᠡᠷᠦᠬᠡ ᠬᠤᠸᠠᠩ ᠵᠠᠨ ᠢ | ᠬᠠᠪᠰᠤᠷᠴᠤ᠂ ᠲᠠᠷᠢᠶᠠᠨ ᠳᠣᠲᠣᠷ᠎ᠠ ᠠᠴᠠ ᠠᠪᠴᠢᠷᠠᠭᠰᠠᠨ ᠪᠣᠭᠤᠳᠠᠶ ᠶᠢ ᠪᠣᠯᠪᠠᠰᠤᠷᠠᠭᠤᠯᠪᠠ᠃ ᠬᠡᠳᠦ᠋ᠢᠪᠡᠷ | ᠲᠠᠷᠢᠶᠠᠴᠢᠨ ᠠᠶᠢᠯ ᠤᠨ ᠬᠠᠰᠢᠷ ᠭᠠᠷ ᠠᠳᠠᠯᠢ ᠦᠳᠦᠷᠮᠡᠳᠡᠵᠦ᠂ ᠰᠢᠭᠰᠢᠵᠦ ᠬᠢᠵᠦ ᠴᠢᠳᠠᠬᠤ ᠦᠭᠡᠢ ᠪᠣᠯᠪᠠᠴᠤ | ᠮᠦᠬᠦᠯᠢᠭ ᠢ ᠨᠢ ᠤᠭᠤᠲᠠᠨ ᠳᠤ ᠬᠢᠵᠦ ᠬᠥᠮᠥᠷᠭᠡ ᠳᠤᠨᠢ ᠣᠷᠣᠭᠤᠯᠵᠤ ᠴᠢᠳᠠᠳᠠᠭ᠃ ᠬᠡᠳᠦ᠋ᠢᠪᠡᠷ ᠶᠡᠭᠡ | ᠲᠤᠰᠠᠦᠵᠡᠭᠦᠯᠵᠦ ᠳᠡᠶᠢᠯᠬᠦ ᠦᠭᠡᠢ ᠪᠣᠯᠪᠠᠴᠤ ᠲᠣᠰᠬᠤᠨ ᠤ ᠠᠷᠠᠳ ᠤᠨ ᠬᠥᠮᠦᠨ ᠬᠡᠷᠡᠭᠯᠡᠬᠦ ᠴᠠᠭ ᠲᠤ᠂ ᠠᠶᠢᠯ | ᠪᠣᠯᠭᠠᠨ ᠴᠥᠮ ᠶᠠᠭᠠᠷᠠᠵᠤ ᠪᠠᠶᠢᠭ᠎ᠠ ᠥᠶ᠎ᠡ ᠳᠤ᠂ ᠬᠦᠮᠦᠨ ᠭᠠᠷᠭᠠᠵᠤ ᠬᠥᠳᠡᠯᠮᠦᠷᠢ ᠬᠦᠴᠦ ᠪᠠᠷ ᠳᠤᠲᠠᠮᠠᠭ ᠡᠳᠡᠭᠡᠷ | ᠲᠠᠷᠢᠶᠠᠴᠢᠨ ᠡᠷᠦᠬᠡ ᠶᠢ ᠬᠠᠪᠰᠤᠷᠬᠤ ᠨᠢ ᠣᠯᠠᠨ ᠲᠦᠮᠡᠨ ᠳᠤ ᠲᠣᠰᠬᠤᠨ ᠳᠤ ᠰᠠᠭᠤᠭ᠎ᠠ ᠠᠵᠢᠯᠯᠠᠬᠤ | ᠳᠣᠭᠤᠶᠢᠯᠠᠩ ᠤᠨ ᠭᠡᠰᠢᠭᠦᠳ ᠤᠨ ᠰᠡᠳᠬᠢᠯ ᠢ ᠮᠡᠳᠡᠷᠡᠭᠦᠯᠪᠡ᠃ ᠲᠤᠰᠠ ᠪᠣᠯᠵᠤ ᠴᠢᠳᠠᠭᠰᠠᠨ᠂ ᠴᠢᠳᠠᠭᠰᠠᠨ ᠦᠭᠡᠢ᠂ | ᠣᠯᠠᠨ ᠲᠦᠮᠡᠨ ᠪᠣᠯᠤᠨ ᠠᠵᠢᠯᠯᠠᠬᠤ ᠠᠩᠭᠢ ᠶᠢᠨ ᠭᠡᠰᠢᠭᠦᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ | ᠲᠣᠰᠬᠤᠨ ᠳᠤ ᠰᠠᠭᠤᠭ᠎ᠠ ᠬᠥᠮᠦᠰ ᠢ ᠣᠯᠠᠨ ᠲᠦᠮᠡᠨ ᠲᠠᠢ ᠪᠠᠨ ᠳᠠᠰᠤᠯᠴᠠᠭᠤᠯᠵᠤ᠂ ᠪᠦᠯᠬᠦᠮᠳᠡᠯ ᠢ ᠴᠢᠩᠭᠠᠳᠬᠠᠨ᠂ | ᠲᠣᠰᠬᠤᠨ ᠤ ᠠᠷᠠᠳ ᠲᠠᠢ ᠭᠦᠨ ᠵᠤᠵᠠᠭᠠᠨ ᠨᠥᠬᠦᠷᠯᠡᠯ ᠢ ᠪᠠᠶᠢᠭᠤᠯᠪᠠ᠃ | ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ ᠲᠣᠰᠬᠤᠨ ᠤ ᠬᠠᠮᠲᠤ ᠶᠢᠨ ᠠᠵᠤ ᠠᠬᠤᠶ ᠪᠠᠶᠢᠬᠤ ᠦᠭᠡᠢ ᠪᠣᠯ | ᠪᠦᠬᠦ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠳᠤ ᠪᠡᠷᠬᠡ ᠶᠤᠮ᠃ ᠳᠠᠭᠤᠯᠠᠭᠴᠢ | ᠲᠣᠰᠬᠤᠨ ᠳᠤ ᠬᠠᠮᠲᠤ ᠶᠢᠨ ᠠᠵᠤ ᠠᠬᠤᠶ ᠪᠠᠶᠢᠬᠤ ᠦᠭᠡᠢ ᠣᠳᠣᠬᠢ ᠪᠠᠶᠢᠳᠠᠯ ᠳᠤ ᠴᠢᠭᠯᠡᠭᠦᠯᠦᠨ᠂ 2017 | ᠣᠨ ᠳᠤ᠂ ᠲᠡᠷᠡ ᠲᠣᠰᠬᠤᠨ ᠤ ᠵᠥᠪᠯᠡᠯ ᠳᠤ ᠳᠠᠭᠤᠯᠠᠭᠴᠢ ᠱᠧᠩ ᠲᠦᠸᠧ ᠬᠤᠪᠴᠠᠰᠤᠨ ᠦᠢᠯᠡᠳᠪᠤᠷᠢ ︽ | ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠪᠠᠶᠢᠭᠤᠯᠬᠤ ᠪᠠᠷ ᠢᠳᠡᠪᠬᠢᠲᠡᠢ ᠴᠢᠷᠮᠠᠶᠢᠪᠠ᠃ | ᠲᠣᠰᠬᠤᠨ ᠳᠤ 20 ᠭᠠᠷᠤᠶ ᠡᠮᠡᠭᠲᠡᠶᠢᠴᠦᠳ ᠤᠷᠢᠳ ᠬᠤᠵᠢᠳ ᠨᠡᠷ᠎ᠡ ᠮᠡᠳᠡᠭᠦᠯᠵᠦ ᠪᠣᠯᠪᠠᠰᠤᠷᠠᠯ ᠳᠤ ᠣᠷᠣᠯᠴᠠᠪᠠ᠃ | ᠨᠠᠷᠢᠨ ᠨᠢᠮᠪᠠᠶ ᠪᠣᠯᠪᠠᠰᠤᠷᠠᠯ᠂ ᠬᠢᠨᠠᠨ ᠰᠢᠯᠭᠠᠯᠲᠠ ᠪᠠᠷ ᠳᠠᠮᠵᠢᠨ ᠨᠢᠭᠡᠨᠲᠡ ᠬᠤᠪᠴᠠᠰᠤ ᠣᠶᠤᠬᠤ ᠮᠡᠷᠭᠡᠵᠢᠯ ᠢ | ᠡᠵᠡᠮᠰᠢᠭᠰᠡᠨ 14 ᠶᠠᠳᠠᠭᠤ ᠬᠦᠴᠢᠷᠳᠡᠯᠲᠡᠶ ᠡᠮᠡᠭᠲᠡᠶᠢᠴᠦᠳ ᠦᠢᠯᠡᠳᠪᠤᠷᠢ ᠶᠢᠨ ᠳᠠᠰᠤᠭ ᠲᠤ ᠣᠷᠣᠵᠤ ᠬᠤᠪᠴᠠᠰᠤ | ᠣᠶᠤᠵᠤ᠂ ᠲᠤᠬᠠᠶ ᠶᠢᠨ ᠵᠢᠯ ᠳᠤ ᠬᠥᠮᠦᠨ ᠳᠤᠮᠳᠠᠴᠢ ᠶᠢᠨ ᠣᠷᠣᠯᠭ᠎ᠠ ᠨᠢ 3 ᠮᠢᠩᠭᠠᠨ ᠲᠥᠭᠦᠷᠢᠭ ᠰᠢᠬᠠᠮ | ᠨᠡᠮᠡᠭᠳᠡᠵᠦ᠂ ᠭᠡᠷ ᠤᠨ ᠡᠭᠦᠳᠡᠨ ᠳᠤ ᠠᠵᠢᠯ ᠣᠯᠬᠤ ᠶᠢ ᠪᠡᠶᠡᠯᠡᠭᠦᠯᠵᠡᠶ᠃ ᠡᠭᠦᠨ ᠤ ᠬᠠᠮᠲᠤ᠂ ᠲᠣᠰᠬᠤᠨ ᠤ | ᠠᠷᠠᠳ ᠤᠨ ᠵᠥᠪᠯᠡᠯ ᠨᠢ ᠠᠩᠬᠠᠳᠠᠭᠴᠢ 5 ᠲᠦᠮᠡᠨ ᠲᠥᠭᠦᠷᠢᠭ ᠤᠨ ᠲᠠᠯᠠᠪᠤᠷ ᠲᠦᠷᠢᠶᠡᠰᠦᠯᠡᠬᠦ ᠰᠦᠢᠳᠬᠡᠯ ᠢᠶᠠᠨ | ᠣᠯᠵᠤ᠂ ᠳᠠᠭᠤᠯᠠᠭᠴᠢ ᠲᠣᠰᠬᠤᠨ ᠪᠠᠶᠢᠭᠤᠯᠤᠭᠳᠠᠭᠰᠠᠨ ᠠᠴᠠ ᠨᠠᠭᠠᠰᠢᠬᠢ ᠲᠣᠰᠬᠤᠨ ᠤ ᠬᠠᠮᠲᠤ ᠶᠢᠨ ᠠᠵᠤ | ᠠᠬᠤᠢ ᠶᠢᠨ ︽ᠦᠭᠡᠢ︾ ᠲᠡᠤᠬᠡ ᠶᠢ ᠡᠴᠦᠰᠯᠡᠭᠦᠯᠪᠡ᠃ | 2018 ᠣᠨ ᠳᠤ᠂ ᠰᠢᠨ ᠢᠦᠶ ᠪᠣᠭᠤᠳᠠᠯ ᠤᠨ ᠦᠢᠯᠡᠳᠪᠤᠷᠢ ᠶᠢᠨ ︽ᠶᠠᠳᠠᠭᠤ ᠠᠴᠠ ᠠᠩᠭᠢᠵᠢᠷᠠᠭᠤᠯᠬᠤ | ᠦᠢᠯᠡᠳᠪᠤᠷᠢ ᠶᠢᠨ ᠲᠠᠰᠤᠭ︾ ᠢ ᠣᠷᠣᠭᠤᠯᠤᠨ ᠠᠪᠴᠢᠷᠠᠵᠤ᠂ ︽ᠲᠣᠨ ᠤ ᠪᠠᠭᠲᠠᠭᠠᠮᠵᠢ ᠲᠠᠢ ᠤᠭᠤᠲᠠ︾ ᠶᠢ | ᠦᠢᠯᠡᠳᠪᠤᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 5 ᠲᠦᠮᠡᠨ ᠲᠥᠭᠦᠷᠢᠭ ᠲᠤ ᠬᠦᠷᠴᠡᠶ | ᠃ | 2019 ᠣᠨ ᠳᠤ᠂ ᠭᠡᠷᠡᠯ ᠴᠠᠬᠢᠯᠭᠠᠨ ᠤ ᠳᠡᠮᠵᠢᠯᠭᠡ ᠶᠢᠨ ᠲᠥᠷᠥᠯ ᠵᠦᠢᠯ ᠢ ᠴᠢᠷᠮᠠᠶᠢᠨ ᠣᠯᠵᠤ᠂ | ᠵᠢᠱᠢᠯᠲᠡ ᠪᠠᠷ ᠵᠢᠯ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ 10 — 30 ᠲᠦᠮᠡᠨ ᠲᠥᠭᠦᠷᠢᠭ | ᠨᠡᠮᠡᠭᠳᠡᠵᠦ᠂ ᠣᠳᠣᠬᠠᠨ ᠳᠤ ᠨᠢᠭᠡᠨᠲᠡ 3 ᠲᠦᠮᠡᠨ ᠲᠥᠭᠦᠷᠢᠭ ᠬᠦᠷᠴᠦ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠨᠡᠶᠢᠲᠡ 13 ᠲᠦᠮᠡᠨ ᠲᠥᠭᠦᠷᠢᠭ ᠲᠤ ᠬᠦᠷᠬᠦ ᠪᠣᠯᠤᠨ᠎ᠠ᠃ ᠬᠤᠵᠢᠮ ᠦᠨᠲ᠋ᠣᠰᠬᠤᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠲᠣᠰᠬᠤᠨ ᠤ ᠬᠠᠮᠲᠤ ᠶᠢᠨ ᠠᠵᠤ ᠠᠬᠤᠢ ᠶᠢᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠥᠪᠬᠢᠨᠡᠭᠦᠯᠬᠦ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠠᠰᠢᠭᠯᠠᠨ ᠵᠠᠰᠠᠵᠤ ᠰᠠᠶᠢᠵᠢᠷᠠᠭᠤᠯᠤᠭᠠᠳ ᠲᠣᠰᠬᠤᠨ ᠤ ᠳᠦᠷᠢ | ᠳᠥᠷᠬᠦ ᠶᠢ ᠮᠠᠰᠢ ᠶᠡᠭᠡ ᠪᠠᠷ ᠰᠠᠶᠢᠵᠢᠷᠠᠭᠤᠯᠪᠠ᠃ | ︽ ᠰᠢᠷᠭᠠᠭᠤ ᠠᠵᠢᠯᠯᠠᠭᠠᠳ ᠪᠠᠶᠢᠪᠠᠯ ᠬᠦᠰᠡᠯ ᠡᠷᠡᠮᠡᠯᠵᠡᠯ ᠲᠠᠢ︾᠃ ᠵᠣᠭᠤᠰ ᠮᠥᠩᠭᠦ ᠡᠳ᠋ ᠪᠣᠳᠠᠰ | ᠬᠦᠷᠭᠡᠬᠦ ᠠᠴᠠ ᠨᠢᠭᠡ ᠰᠠᠶᠢᠨ ᠲᠥᠷᠥᠯ ᠵᠦᠢᠯ ᠬᠦᠷᠭᠡᠵᠦ ᠥᠭᠬᠦ ᠶᠢ ᠬᠦᠷᠬᠦ ᠦᠭᠡᠢ᠃ ᠨᠢᠭᠡᠳᠦᠭᠡᠷ ᠱᠦᠵᠢ | ᠲᠤᠬᠠᠶ ᠶᠢᠨ ᠭᠠᠵᠠᠷ ᠤᠨ ᠲᠠᠷᠢᠮᠠᠯ ᠤᠨᠦᠢᠯᠡᠰ ᠪᠠ ᠣᠳᠣᠬᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠴᠡᠴᠡᠷᠯᠢᠭ ᠤᠨ ᠲᠣᠪᠴᠢᠶ᠎ᠠ ᠠᠴᠠ ᠢᠷᠡᠭᠰᠡᠨ | ᠮᠡᠷᠭᠡᠵᠢᠯ ᠤᠨ ᠳᠠᠪᠠᠭᠤᠯᠢᠭ ᠲᠠᠢ ᠤᠶᠠᠯᠳᠤᠭᠤᠯᠤᠨ᠂ ᠵᠢᠮᠢᠰ ᠤᠨ ᠮᠣᠳᠣᠨ ᠤ ᠤᠷᠭᠤᠯᠲᠠ ᠳᠤ ᠲᠣᠬᠢᠷᠠᠮᠵᠢᠲᠠᠶ ᠭᠠᠵᠠᠷ | ᠰᠢᠷᠣᠶ ᠶᠢ ᠨᠠᠷᠢᠨᠰᠣᠩᠭᠤᠵᠠᠶ᠃ ᠰᠢᠶᠠᠨ ᠤ ᠣᠢ ᠰᠢᠭᠤᠶ ᠶᠢᠨ ᠲᠣᠪᠴᠢᠶ᠎ᠠ᠂ ᠴᠡᠴᠡᠷᠯᠢᠭ ᠤᠨ ᠲᠣᠪᠴᠢᠶ᠎ᠠ ᠶᠢᠨ | ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ᠂ ᠲᠣᠰ ᠲᠣᠰᠬᠤᠨ ᠤ ︽ | ᠬᠤᠶᠠᠷ ᠵᠥᠪᠯᠡᠯ︾ ᠤᠨ ᠪᠦᠷᠢᠯᠳᠦᠬᠦᠨ ᠨᠡᠷ ᠣᠯᠠᠨ ᠤᠳᠠᠭ᠎ᠠ ᠲᠤᠬᠠᠶ ᠶᠢᠨ ᠲᠠᠯᠠᠪᠠᠢ ᠳᠤ ᠪᠠᠶᠢᠴᠠᠭᠠᠨ ᠦᠵᠡᠵᠦ᠂ | ᠳᠠᠭᠤᠯᠠᠭᠴᠢ ᠲᠣᠰᠬᠤᠨ ᠤ ᠪᠠᠷᠠᠭᠤᠨ ᠬᠤᠶᠢᠲᠤ ᠪᠠᠶᠢᠭ᠎ᠠ ᠰᠢ ᠪᠠᠨ ᠹᠠᠩ ᠡᠩᠭᠡᠷ ᠭᠠᠵᠠᠷ ᠲᠤ ︽ᠬᠤᠸᠠᠳᠧ ᠰᠢᠶᠠᠨ ᠤ | ᠳᠠᠭᠤᠯᠠᠭᠴᠢ ᠶᠢᠨ ᠠᠷᠠᠳ ᠢ ᠪᠠᠶᠠᠵᠢᠭᠤᠯᠬᠤ ᠠᠮᠢ ᠠᠬᠤᠢ ᠶᠢᠨ ᠵᠢᠮᠢᠰ ᠤᠨ ᠬᠦᠷᠢᠶᠡᠯᠡᠩ ᠤᠨ ᠰᠠᠭᠤᠷᠢᠨ ᠭᠠᠵᠠᠷ︾ ᠢ | 200 ᠮᠦ ᠪᠠᠶᠢᠭᠤᠯᠬᠤ ᠪᠠᠷ ᠲᠣᠭᠲᠠᠪᠠ᠃ ᠭᠠᠵᠠᠷ ᠰᠢᠷᠣᠶ ᠶᠢ ᠪᠦᠲᠦᠮᠵᠢᠲᠡᠶ ᠬᠡᠷᠡᠭᠯᠡᠬᠦ ᠶᠢ ᠭᠦᠢᠴᠡᠳ ᠠᠭᠤᠳᠠᠯᠵᠤ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠴᠡᠩᠬᠡᠭ ᠣᠰᠤ | ᠬᠥᠬᠡᠮᠳᠦᠭ ᠠᠭᠤᠯᠠ ᠶᠢ ᠠᠯᠲᠠ ᠮᠥᠩᠭᠦᠨ ᠠᠭᠤᠯᠠ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠠᠮᠵᠢᠨ᠎ᠠ᠃ | ᠦᠩᠭᠡᠷᠡᠭᠰᠡᠨ ᠳᠤ ᠲᠣᠰᠬᠤᠨ ᠳᠤ ᠠᠵᠤ ᠠᠬᠤᠢ ᠶᠢᠨ ᠤᠢ ᠶᠢᠨ ᠵᠢᠮᠢᠰ ᠤᠨ ᠮᠣᠳᠣ ᠲᠠᠷᠢᠭᠰᠠᠨ ᠲᠡᠤᠬᠡ ᠦᠭᠡᠢ | ᠪᠣᠯᠬᠤᠷ᠂ ᠵᠠᠷᠢᠮ ᠲᠣᠰᠬᠤᠨ ᠤ ᠠᠷᠠᠳ ᠳᠡᠮᠡᠶ ᠳᠠᠭᠠᠰᠢᠶᠠᠬᠤ ᠦᠭᠡᠢ᠂ ᠪᠠᠶᠢᠳᠠᠯ ᠢ ᠠᠵᠢᠬᠤ ᠣᠪᠣᠷ ᠲᠠᠢ ᠬᠥᠮᠦᠨ | ᠣᠯᠠᠨ ᠪᠠᠶᠢᠵᠤ᠂ ᠲᠣᠰᠬᠤᠨ ᠤ ᠠᠷᠠᠳ ᠤᠨ ᠳᠡᠮᠵᠢᠯᠭᠡ ᠶᠢ ᠣᠯᠬᠤ ᠦᠭᠡᠢ᠂ ᠨᠢᠭᠡ ᠯᠡ ᠳᠡᠭᠡᠷ᠎ᠡ ᠵᠢᠮᠢᠰ ᠤᠨ | ᠬᠦᠷᠢᠶᠡᠯᠡᠩ ᠤᠨ ᠰᠠᠭᠤᠷᠢᠨ ᠭᠠᠵᠠᠷ ᠢ ᠪᠠᠶᠢᠭᠤᠯᠬᠤ ᠳᠤ ᠰᠠᠭᠠᠳ ᠮᠠᠰᠢ ᠶᠡᠭᠡ ᠪᠠᠶᠢᠪᠠ᠃ 2019 ᠣᠨ ᠤ ᠬᠠᠪᠤᠷ᠂ | ᠨᠢᠭᠡᠳᠦᠭᠡᠷ ᠱᠦᠵᠢ ᠪᠣᠯᠤᠨ ᠠᠵᠢᠯᠯᠠᠬᠤ ᠳᠤᠭᠤᠶᠢᠯᠠᠩ ᠤᠨ ᠭᠡᠰᠢᠭᠦᠳ ᠲᠣᠰᠬᠤᠨ ᠤ ︽ᠬᠤᠶᠠᠷ ᠵᠥᠪᠯᠡᠯ︾ ᠤᠨ | ᠺᠠᠳ᠋ᠷᠴᠤᠳ ᠲᠠᠢ ᠬᠠᠮᠲᠤ ᠪᠦᠲᠦᠭᠡᠨ ᠪᠠᠶᠢᠭᠤᠯᠤᠯᠲᠠ ᠶᠢᠨ ᠴᠢᠭᠯᠡᠯ ᠢᠶᠠᠨ ᠲᠣᠬᠢᠷᠠᠭᠤᠯᠵᠤ᠂ ᠲᠣᠰᠬᠤᠨ ᠤ ᠶᠠᠳᠠᠭᠤ | ᠬᠦᠴᠢᠷᠳᠡᠯᠲᠡᠶ ᠡᠷᠦᠬᠡ ᠵᠠᠩ ᠰᠢᠤᠢ ᠯᠢᠶᠠᠩ ᠢᠶᠠᠷ ᠠᠩᠬᠠᠳᠠᠭᠴᠢ ᠲᠤᠷᠰᠢᠨ ᠲᠠᠷᠢᠬᠤ ᠡᠷᠦᠬᠡ ᠪᠣᠯᠭᠠᠵᠤ᠂ 5 ᠮᠦ ᠭᠡᠷ | ᠪᠦᠯᠢ ᠶᠢᠨ ᠠᠮᠢ ᠠᠬᠤᠢ ᠶᠢᠨ ᠵᠢᠮᠢᠰ ᠤᠨ ᠬᠦᠷᠢᠶᠡᠯᠡᠩ ᠲᠠᠷᠢᠪᠠ᠃ ᠲᠡᠷᠡ ᠣᠢ ᠰᠢᠭᠤᠶ ᠶᠢᠨ ᠰᠠᠯᠠᠭ᠎ᠠ ᠮᠥᠴᠢᠷ ᠲᠠᠢ | ᠢᠳᠡᠪᠬᠢᠲᠡᠢ ᠬᠠᠷᠢᠯᠴᠠᠵᠤ᠂ ᠣᠢ ᠰᠢᠭᠤᠶ ᠶᠢᠨ ᠰᠠᠯᠠᠭ᠎ᠠ ᠮᠥᠴᠢᠷ ᠤᠨ ᠤᠳᠤᠷᠢᠳᠤᠯᠭ᠎ᠠ ᠪᠣᠯᠤᠨ ᠲᠤᠰᠬᠠᠶ | ᠮᠡᠷᠭᠡᠵᠢᠯ ᠤᠨ ᠠᠵᠢᠯᠲᠠᠨ ᠤ ᠬᠦᠴᠦᠲᠡᠶ ᠳᠡᠮᠵᠢᠯᠭᠡ ᠶᠢ ᠣᠯᠵᠤ᠂ ᠰᠢᠶᠠᠨ ᠤ ᠠᠵᠤ ᠠᠬᠤᠢ ᠶᠢᠨ ᠣᠢ ᠵᠢᠮᠢᠰ ᠤᠨ | ᠬᠦᠷᠢᠶᠡᠯᠡᠩ ᠤᠨ ᠬᠥᠭᠵᠢᠯᠲᠡ ᠳᠤ ᠣᠷᠣᠭᠤᠯᠤᠭᠰᠠᠨ ᠰᠢᠨ᠎ᠡ ᠪᠦᠲᠦᠭᠡᠭᠳᠡᠭᠦᠨ ︽123︾ ᠵᠢᠮᠢᠰ ᠤᠨ ᠮᠣᠳᠣᠨ ᠤ | ᠴᠢᠬᠢ108 ᠰᠠᠭᠤᠷᠢ ᠣᠯᠪᠠ᠃ ᠲᠡᠷᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢᠶᠠᠨ | ᠳᠠᠭᠠᠭᠤᠯᠤᠨ ᠵᠢᠮᠢᠰ ᠤᠨ ᠬᠦᠷᠢᠶᠡᠯᠡᠩ ᠤᠨ ᠲᠦᠯᠦᠪᠵᠢᠭᠦᠯᠭᠡ᠂ ᠨᠦᠬᠡ ᠮᠠᠯᠲᠠᠬᠤ᠂ ᠰᠢᠷᠣᠶ ᠰᠣᠯᠢᠬᠤ᠂ ᠮᠣᠳᠣ | ᠵᠠᠶᠢᠯᠠᠬᠤ᠂ ᠰᠠᠯᠠᠭ᠎ᠠ ᠬᠠᠶᠢᠴᠢᠯᠠᠬᠤ᠂ ᠤᠰᠤᠯᠠᠬᠤ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠡᠳᠦᠷ | ᠲᠤᠲᠤᠮ ᠤᠨ ᠪᠣᠳᠠᠲᠠᠶ ᠠᠵᠢᠯ ᠳᠤ ᠣᠷᠣᠯᠴᠠᠪᠠ᠃ | ᠠᠮᠢ ᠠᠬᠤᠢ ᠶᠢᠨ ᠵᠢᠮᠢᠰ ᠤᠨ ᠬᠦᠷᠢᠶᠡᠯᠡᠩ ᠤᠨ ᠲᠥᠯᠥᠪᠵᠢᠭᠦᠯᠭᠡ ᠶᠢ ᠬᠤᠶᠠᠷ ᠬᠤᠭᠤᠴᠠᠭ᠎ᠠ ᠬᠤᠪᠢᠶᠠᠨ ᠵᠢᠯ | ᠳᠠᠷᠠᠭᠠᠯᠠᠨ ᠪᠦᠲᠦᠭᠡᠨ ᠪᠠᠶᠢᠭᠤᠯᠤᠨ᠎ᠠ᠃ ᠨᠢᠭᠡᠳᠦᠭᠡᠷ ᠬᠤᠭᠤᠴᠠᠭ᠎ᠠ ᠨᠢ ᠵᠢᠮᠢᠰ ᠤᠨ ᠮᠣᠳᠣ ᠲᠠᠷᠢᠬᠤ ᠬᠤᠭᠤᠴᠠᠭ᠎ᠠ᠂ | 108 ᠰᠠᠭᠤᠷᠢ ᠵᠢᠮᠢᠰ ᠤᠨ ᠮᠣᠳᠣ ᠲᠠᠷᠢᠨ᠎ᠠ᠃ ᠬᠤᠶᠠᠳᠤᠭᠠᠷ ᠬᠤᠭᠤᠴᠠᠭᠠᠨ ᠳᠤ ᠰᠠᠯᠬᠢ ᠬᠠᠯᠬᠠᠯᠠᠬᠤ ᠣᠢ ᠶᠢᠨ | ᠪᠦᠰᠡ ᠪᠠ ᠴᠢᠨ᠋ᠸ᠎ᠠ ᠶᠢᠨ ᠬᠠᠷᠮᠠᠭ ᠲᠠᠷᠢᠵᠤ ᠵᠢᠮᠢᠰ ᠤᠨ ᠬᠦᠷᠢᠶᠡᠯᠡᠩ ᠤᠨ ᠰᠠᠯᠬᠢ ᠶᠢ ᠬᠠᠯᠬᠠᠯᠠᠵᠤ᠂ ᠴᠡᠴᠡᠭ ᠳᠡᠯᠭᠡᠷᠡᠬᠦ | ᠬᠤᠭᠤᠴᠠᠭᠠᠨ ᠳᠤ ᠰᠠᠯᠬᠢᠨ ᠤ ᠭᠠᠮᠰᠢᠭ ᠲᠤ ᠨᠥᠯᠥᠭᠡᠯᠡᠭᠳᠡᠨ ᠵᠢᠮᠢᠰ ᠤᠨ ᠮᠣᠳᠣᠨ ᠤ ᠤᠨᠠᠯᠲᠠ ᠪᠠᠭᠤᠷᠠᠬᠤ ᠶᠢ | ᠰᠡᠷᠭᠡᠶᠢᠯᠡᠨ᠎ᠡ᠃ ᠡᠭᠦᠨ ᠤ ᠬᠠᠮᠲᠤ᠂ ᠬᠠᠪᠤᠷ ᠤᠯᠠᠷᠢᠯ ᠤᠨ ᠵᠢᠮᠢᠰ ᠤᠨ ᠮᠣᠳᠣᠨ ᠤ ᠴᠡᠴᠡᠭᠯᠡᠬᠦ ᠬᠤᠭᠤᠴᠠᠭᠠᠨ ᠳᠤ᠂ | ︽ᠬᠠᠪᠤᠷ ᠤᠯᠠᠷᠢᠯ ᠤᠨ ᠴᠡᠴᠡᠭ ᠰᠣᠨᠢᠷᠬᠠᠬᠤ ᠵᠤᠭᠠᠴᠠᠯ︾ ᠪᠠ ︽ᠨᠠᠮᠤᠷ ᠤᠨ ᠤᠯᠠᠷᠢᠯ ᠤᠨ ᠵᠢᠮᠢᠰ ᠲᠡᠭᠦᠬᠦ ᠪᠠᠶᠠᠷ︾ | ᠢ ᠥᠷᠨᠢᠭᠦᠯᠵᠦ᠂ ︽ᠬᠠᠪᠤᠷ ᠴᠡᠴᠡᠭᠯᠡᠵᠦ ᠨᠠᠮᠤᠷ ᠦᠷᠡᠯᠡᠬᠦ︾ ᠬᠥᠳᠡᠭᠡ ᠲᠣᠰᠬᠤᠨ ᠤ ᠭᠡᠷ ᠪᠦᠯᠢ ᠶᠢᠨ | ᠦᠵᠡᠮᠦᠷᠢ ᠶᠢᠨ ᠵᠢᠮᠢᠰ ᠲᠡᠭᠦᠬᠦ ᠬᠦᠷᠢᠶᠡᠯᠡᠩ ᠢ ᠪᠠᠶᠢᠭᠤᠯᠵᠤ᠂ ᠵᠢᠵᠢᠭ ᠬᠡᠯᠪᠡᠷᠢ ᠶᠢᠨ ︽ᠲᠠᠷᠢᠶᠠᠴᠢᠨ ᠠᠶᠢᠯ︾ ᠤᠨ | ᠵᠤᠭᠠᠴᠠᠯ ᠤᠨ ᠠᠵᠤ ᠦᠢᠯᠡᠰ ᠢ ᠡᠷᠬᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠰᠣᠶᠣᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠠᠮᠢ ᠠᠬᠤᠢ ᠶᠢᠨ ᠭᠡᠷ ᠪᠦᠯᠢ ᠶᠢᠨ ᠵᠢᠮᠢᠰ ᠤᠨ ᠬᠦᠷᠢᠶᠡᠯᠡᠩ ᠤᠨ ᠦᠷᠭᠦᠯᠵᠢᠯᠡᠨ | ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠡᠶᠢᠮᠦᠷᠬᠦᠤ ᠡᠵᠡᠩᠨᠡᠯᠲᠡ ᠶᠢᠨ ᠬᠡᠪ ᠵᠠᠭᠪᠤᠷ ᠨᠢ ᠠᠵᠤ | ᠠᠬᠤᠢ ᠶᠢᠨ ᠦᠷ᠎ᠡ ᠠᠰᠢᠭ ᠢ ᠡᠭᠦᠳᠦᠭᠰᠡᠨ ᠮᠥᠷᠲᠡᠭᠡᠨ ᠰᠢᠨ᠎ᠡ ᠬᠥᠳᠡᠭᠡ ᠲᠣᠰᠬᠤᠨ ᠤ ᠦᠢᠯᠡᠳᠪᠤᠷᠢᠯᠡᠯ | ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠨᠢᠭᠡᠨ ᠳᠡᠯᠭᠡᠷᠡᠭᠦᠯᠦᠭᠦᠰᠢᠲᠡᠶ ᠰᠠᠶᠢᠨ ᠲᠥᠷᠥᠯ ᠵᠦᠢᠯ | ᠪᠣᠯᠤᠨ᠎ᠠ᠃ ᠭᠡᠷ ᠪᠦᠯᠢ ᠶᠢᠨ ᠠᠮᠢ ᠠᠬᠤᠢ ᠶᠢᠨ ᠵᠢᠮᠢᠰ ᠤᠨ ᠬᠦᠷᠢᠶᠡᠯᠡᠩ ᠤᠨ ᠠᠩᠬᠠᠨ ᠤ ᠵᠢᠮᠢᠰᠯᠡᠬᠦ | ᠬᠤᠭᠤᠴᠠᠭᠠᠨ ᠳᠤ᠂ ᠰᠠᠭᠤᠷᠢ ᠮᠣᠳᠣ ᠪᠦᠷᠢ 40 ᠺᠢᠯᠣᠭ᠍ᠷᠠᠮ ᠣᠷᠴᠢᠮ ᠤᠨ ᠵᠢᠮᠢᠰ ᠭᠠᠷᠳᠠᠭ᠂ | ᠡᠩ ᠦᠨᠪᠣᠷᠣᠯᠠᠭᠤᠯᠭᠠ ᠶᠢᠨ ᠦᠨ᠎ᠡ ᠪᠠᠷ ᠪᠤᠳᠤᠪᠠᠯ ᠺᠢᠯᠣᠭ᠍ᠷᠠᠮ ᠪᠦᠷᠢ ᠶᠢᠨ ᠬᠤᠳᠠᠯᠳᠤᠬᠤ ᠦᠨ᠎ᠡ ᠨᠢ 3 ᠲᠥᠭᠦᠷᠢᠭ᠂ | ᠭᠠᠭᠴᠠ ᠰᠠᠭᠤᠷᠢ ᠵᠢᠮᠢᠰ ᠤᠨ ᠮᠣᠳᠣᠨ ᠤ ᠠᠰᠢᠭ ᠣᠯᠵᠠᠪᠤᠷᠢ ᠨᠢ 120 ᠲᠥᠭᠦᠷᠢᠭ᠂ 108 ᠰᠠᠭᠤᠷᠢ ᠵᠢᠮᠢᠰ ᠤᠨ | ᠮᠣᠳᠣᠨ ᠤ ᠵᠢᠯ ᠤᠨ ᠠᠰᠢᠭ ᠣᠯᠵᠠᠪᠤᠷᠢ ᠨᠢ 1 ᠲᠦᠮᠡ 3 ᠮᠢᠩᠭᠠᠨ ᠲᠥᠭᠦᠷᠢᠭ ᠣᠷᠴᠢᠮ ᠪᠣᠯᠤᠨ᠎ᠠ᠃ ᠭᠤᠷᠪᠠᠨ | ᠵᠢᠯ ᠤᠨ ᠳᠠᠷᠠᠭ᠎ᠠ15 ᠵᠢᠯ ᠠᠴᠠ 20 ᠵᠢᠯ ᠤᠨ ᠡᠯᠪᠡᠭ ᠤᠨᠠᠯᠲᠠ ᠶᠢᠨ ᠬᠤᠭᠤᠴᠠᠭᠠᠨ ᠳᠤ ᠣᠷᠤᠵᠤ᠂ ᠵᠢᠮᠢᠰ ᠤᠨ | ᠮᠣᠳᠣ ᠪᠦᠷᠢ 80 ᠺᠢᠯᠣᠭ᠍ᠷᠠᠮ ᠣᠷᠴᠢᠮ ᠵᠢᠮᠢᠰ ᠤᠨᠠᠵᠤ᠂ ᠵᠢᠮᠢᠰ ᠨᠢ ᠨᠡᠮᠡᠭᠳᠡᠵᠦ᠂ ᠶᠠᠰᠤ ᠴᠢᠨᠠᠷ ᠨᠢ ᠨᠡᠮᠡᠭᠳᠡᠨ᠎ᠡ᠂ | ᠵᠢᠱᠢᠯᠲᠡ ᠪᠠᠷ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ 5 ᠲᠥᠭᠦᠷᠢᠭ᠂ ᠭᠠᠭᠴᠠ ᠰᠠᠭᠤᠷᠢ ᠵᠢᠮᠢᠰ ᠤᠨ | ᠮᠣᠳᠣᠨ ᠤ ᠠᠰᠢᠭ ᠣᠷᠣᠯᠭ᠎ᠠ ᠨᠢ 400 ᠲᠥᠭᠦᠷᠢᠭ᠂ 108 ᠰᠠᠭᠤᠷᠢ ᠵᠢᠮᠢᠰ ᠤᠨ ᠮᠣᠳᠣᠨ ᠤ ᠵᠢᠯ ᠤᠨ ᠠᠰᠢᠭ | ᠣᠷᠣᠯᠭ᠎ᠠ ᠨᠢ 4 ᠲᠦᠮᠡ ᠭᠠᠷᠤᠶ ᠲᠥᠭᠦᠷᠢᠭ ᠪᠣᠯᠤᠨ᠎ᠠ᠃ ᠵᠢᠯ ᠪᠦᠷᠢ ᠶᠢᠨ ᠪᠣᠷᠳᠤᠭ᠎ᠠ᠂ ᠤᠰᠤᠯᠠᠯᠲᠠ᠂ | ᠬᠤᠷᠤᠬᠠᠶᠢᠯᠠᠭᠠ᠂ ᠠᠷᠠᠴᠢᠯᠠᠭ᠎ᠠ ᠶᠢᠨ ᠵᠠᠷᠤᠯᠭ᠎ᠠ ᠮᠢᠩᠭᠠᠨ ᠲᠥᠭᠦᠷᠢᠭ ᠠᠴᠠ ᠬᠡᠲᠦᠷᠡᠬᠦ ᠦᠭᠡᠢ᠂ ᠨᠢᠭᠡ ᠭᠤᠷᠪᠠᠨ | ᠠᠮᠠ ᠬᠥᠮᠦᠨ ᠲᠠᠢ ᠭᠡᠷ ᠪᠦᠯᠢ ᠠᠪᠴᠤ ᠬᠡᠯᠡᠪᠡᠯ ᠰᠠᠶᠢᠨ ᠣᠷᠣᠯᠭ᠎ᠠ ᠪᠣᠯᠤᠨ᠎ᠠ᠂ ᠡᠭᠦᠨ ᠤ ᠳᠡᠭᠡᠷ᠎ᠡ ︽ᠲᠠᠷᠢᠶᠠᠴᠢᠨ | ᠠᠶᠢᠯ ᠤᠨ ᠪᠠᠶᠠᠰᠤᠯ︾ ᠵᠢᠴᠢ ᠵᠢᠮᠢᠰ ᠲᠡᠭᠦᠬᠦ ᠵᠡᠷᠭᠡ ᠳᠡᠮ ᠠᠰᠢᠭ ᠣᠷᠣᠯᠭ᠎ᠠ ᠶᠢ ᠨᠡᠮᠡᠪᠡᠯ᠂ ᠶᠠᠳᠠᠭᠤ ᠠᠴᠠ | ᠠᠩᠭᠢᠵᠢᠷᠠᠨ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠶᠠᠮᠠᠷ ᠴᠤ ᠠᠰᠠᠭᠤᠳᠠᠯ ᠦᠭᠡᠢ᠂ ᠬᠠᠮᠤᠭ ᠴᠢᠬᠤᠯᠠ ᠨᠢ᠄ | ᠲᠤᠷᠰᠢᠯᠭ᠎ᠠ ᠬᠤᠷᠠᠮᠳᠤᠭᠤᠯᠬᠤ ᠪᠠᠷ ᠳᠠᠮᠵᠢᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠵᠦᠢᠯ ᠢ ᠳᠠᠪᠠᠵᠤ᠂ ᠳᠠᠶᠢᠴᠢᠯᠠᠬᠤ ᠦᠢᠯᠡᠳᠦᠯ ᠨᠢ ᠠᠯᠤᠰ ᠬᠡᠲᠦ ᠶᠢᠨ ᠠᠴᠢ | ᠬᠤᠯᠪᠣᠭᠳᠠᠯ ᠲᠠᠢ ᠶᠤᠮ᠃ ᠲᠡᠳᠡ ᠵᠢᠮᠢᠰ ᠤᠨ ᠬᠦᠷᠢᠶᠡᠯᠡᠩ ᠳᠤ ᠪᠣᠳᠠᠲᠤ ᠦᠷ᠎ᠡ ᠪᠦᠲᠦᠮᠵᠢ ᠣᠯᠤᠭᠰᠠᠨ ᠤ ᠳᠠᠷᠠᠭ᠎ᠠ᠂ | ᠲᠣᠰᠬᠤᠨ ᠤ ᠠᠷᠠᠳ ᠤᠨ ᠪᠠᠶᠠᠵᠢᠯ ᠤᠨ ᠳᠠᠭᠠᠭᠤᠯᠤᠭᠴᠢ ᠶᠢᠨ ᠬᠡᠯᠪᠡᠷᠢ ᠶᠢ ᠪᠣᠶ ᠪᠣᠯᠭᠠᠬᠤ ᠪᠠᠷ ᠳᠠᠮᠵᠢᠨ᠂ | ᠳᠡᠷᠭᠡᠳᠡᠬᠢ ᠬᠥᠮᠦᠰ ᠤᠨ ᠠᠮᠵᠢᠯᠲᠠ ᠲᠠᠢ ᠵᠢᠱᠢᠶ᠎ᠡ ᠦᠵᠡᠭᠦᠯᠬᠦ ᠦᠢᠯᠡᠳᠦᠯ ᠢᠶᠠᠷ ᠪᠦᠬᠦ ᠲᠣᠰᠬᠤᠨ ᠤ ᠠᠷᠠᠳ ᠢ | ᠳᠠᠶᠢᠴᠢᠯᠠᠨ ︽ᠬᠤᠸᠠᠳᠧ ᠰᠢᠶᠠᠨ ᠤ ᠳᠠᠭᠤᠯᠠᠭᠴᠢ ᠶᠢᠨ ᠠᠷᠠᠳ ᠢ ᠪᠠᠶᠠᠵᠢᠭᠤᠯᠬᠤ ᠠᠮᠢ ᠠᠬᠤᠢ ᠶᠢᠨ ᠵᠢᠮᠢᠰ ᠤᠨ | ᠬᠦᠷᠢᠶᠡᠯᠡᠩ ᠤᠨ ᠰᠠᠭᠤᠷᠢᠨ ᠭᠠᠵᠠᠷ︾ ᠢ ᠬᠠᠮᠲᠤ ᠪᠠᠷ ᠪᠦᠲᠦᠭᠡᠨ ᠪᠠᠶᠢᠭᠤᠯᠵᠤ᠂ ᠲᠣᠰ ᠲᠣᠰᠬᠤᠨ ᠤ | ᠬᠥᠭᠵᠢᠯᠲᠡ ᠳᠤ ᠲᠣᠬᠢᠷᠠᠬᠤ ︽ᠨᠢᠭᠡ ᠲᠣᠰᠬᠤᠨ ᠨᠢᠭᠡ ᠪᠦᠳᠦᠭᠡᠭᠳᠡᠭᠦᠨ︾ ᠤᠨ ᠤᠨᠴᠠᠯᠢᠭᠲᠤ ᠦᠢᠯᠡᠰ ᠪᠣᠰᠬᠠᠬᠤ | ᠵᠠᠮ ᠢᠶᠠᠷ ᠵᠠᠮᠨᠠᠬᠤ ᠪᠠᠷ ᠪᠡᠯᠡᠳᠬᠡᠵᠦ ᠪᠠᠶᠢᠨ᠎ᠠ᠃ | ᠲᠣᠰᠬᠤᠨ ᠳᠤ ᠰᠠᠭᠤᠭᠰᠠᠨ ᠠᠴᠠ ᠨᠠᠰᠢ᠂ ᠲᠡᠷᠡ ᠠᠵᠢᠯᠯᠠᠬᠤ ᠠᠩᠭᠢ ᠶᠢᠨ ᠭᠡᠰᠢᠭᠦᠳ ᠲᠠᠢ ᠬᠠᠮᠲᠤ ᠬᠠᠬᠢᠷ | ᠡᠪᠦᠯ ᠤᠨ ᠬᠦᠢᠲᠡᠨ ᠳᠤ ᠲᠣᠰᠬᠤᠨ ᠤ ᠠᠷᠠᠳ ᠤᠨ ᠵᠥᠪᠯᠡᠯ ᠳᠤ ᠬᠠᠯᠠᠭᠤᠨ ᠬᠠᠨᠵᠤ ᠦᠭᠡᠢ᠂ ᠶᠡᠷᠦ ᠠᠴᠠ ᠬᠥᠮᠦᠨ | ᠰᠠᠭᠤᠵᠤ ᠥᠩᠭᠡᠷᠡᠭᠰᠡᠨ ᠦᠭᠡᠢ᠂ ᠣᠷᠣᠢ ᠵᠤᠤᠬ᠎ᠠ ᠲᠦᠯᠡᠪᠡᠯ ᠨᠡᠭᠦᠷᠡᠰᠦᠨ ᠬᠡᠢ ᠳᠤ ᠬᠤᠤᠷᠳᠠᠭᠳᠠᠬᠤ ᠠᠴᠠ ᠠᠶᠤᠵᠤ | ᠂ ᠴᠠᠬᠢᠯᠭᠠᠨ ᠳᠡᠪᠢᠰᠬᠡᠷ ᠬᠠᠳᠬᠤᠪᠠᠯ ᠬᠠᠯᠠᠭᠤᠳᠠᠬᠤ ᠮᠥᠷᠲᠡᠭᠡᠨ ᠠᠮᠠᠷᠬᠠᠨ ᠡᠪᠡᠳᠴᠢᠯᠡᠬᠦ ᠵᠡᠷᠭᠡ ᠡᠯ᠎ᠡ ᠵᠦᠢᠯ ᠤᠨ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠣᠯᠣᠭᠠᠶ ᠶᠢᠨ ᠵᠠᠰᠠᠯ ᠬᠢᠵᠦ ᠥᠩᠭᠡᠷᠡᠭᠰᠡᠨ 80 ᠨᠠᠰᠤᠲᠠᠶ ᠡᠵᠢ ᠪᠠᠨ | ᠬᠠᠶᠠᠵᠤ᠂ 11 ᠨᠠᠰᠤᠲᠠᠶ ᠥᠬᠢᠨ ᠢᠶᠠᠨ ᠰᠤᠷᠭᠠᠭᠤᠯᠢ ᠳᠤᠨᠢ ᠲᠤᠰᠴᠤ ᠬᠦᠷᠭᠡᠬᠦ ᠪᠠ ᠰᠤᠷᠤᠯᠭ᠎ᠠ ᠶᠢ ᠨᠢ | ᠬᠠᠪᠰᠤᠷᠤᠨ ᠵᠢᠯᠣᠭᠤᠳᠬᠤ ᠪᠠᠨ ᠬᠠᠶᠠᠵᠤ᠂ ᠥᠪᠡᠷ ᠤᠨ ᠭᠡᠷ ᠪᠦᠯᠢ ᠪᠠᠨ ᠬᠠᠶᠠᠵᠤ᠂ ᠮᠥᠨ ᠯᠡ ᠵᠢᠯ ᠪᠦᠷᠢ 300 | ᠭᠠᠷᠤᠶ ᠡᠳᠦᠷ ᠲᠣᠰᠬᠤᠨ ᠳᠤ ᠰᠠᠭᠤᠵᠤ᠂ ᠪᠦᠬᠦ ᠲᠣᠰᠬᠤᠨ ᠤ ᠶᠠᠳᠠᠭᠤ ᠬᠦᠴᠢᠷᠳᠡᠯᠲᠡᠶ ᠪᠠᠶᠢᠳᠠᠯ ᠢ | ᠰᠠᠶᠢᠵᠢᠷᠠᠭᠤᠯᠬᠤ ᠶᠢᠨ ᠲᠥᠯᠥᠭᠡ ᠦᠭᠡ ᠳᠠᠭᠤᠨ ᠦᠭᠡᠢ ᠪᠠᠷ᠂ ᠨᠠᠷᠢᠨ ᠬᠢᠨᠠᠮᠠᠭᠠᠶ ᠠᠵᠢᠯᠯᠠᠵᠤ ᠪᠠᠶᠢᠯ᠎ᠠ᠃ | ᠲᠡᠭᠦᠨ ᠤ ᠴᠢᠷᠮᠠᠶᠢᠯᠭ᠎ᠠ ᠨᠢ ᠵᠣᠬᠢᠶᠠᠨ ᠪᠠᠶᠢᠭᠤᠯᠤᠯᠲᠠ ᠶᠢᠨ ᠨᠤᠲᠠᠯᠠᠯᠲᠠ ᠶᠢ ᠣᠯᠵᠤ᠂ ᠭᠤᠷᠪᠠᠨ ᠵᠢᠯ ᠳᠠᠷᠠᠭᠠᠯᠠᠨ | ᠬᠢᠨᠠᠨ ᠰᠢᠯᠭᠠᠯᠲᠠ ᠶᠢᠨ ᠦᠷ᠎ᠡ ᠳ᠋ᠦᠩ ᠨᠢ ᠴᠥᠮ ︽ᠰᠢᠯᠢᠳᠡᠭ︾ ᠪᠠᠶᠢᠵᠤ᠂ 2017 ᠣᠨ ᠳᠤ ᠰᠢᠶᠠᠨ ᠤ ︽ᠬᠡᠪ | ᠳᠠᠭᠤᠷᠢᠶᠠᠯ ᠤᠨ ᠠᠷᠢᠭᠤᠨ ᠴᠢᠬᠡᠴᠢ ᠺᠠᠳ᠋ᠷ︾ ᠢᠶᠠᠷ ᠦᠨᠡᠯᠡᠭᠳᠡᠵᠦ᠂ 2018 ᠣᠨ ᠳᠤ ︽ᠪᠦᠬᠦ ᠬᠤᠲᠠ ᠶᠢᠨ | ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠢᠶᠠᠷ ᠦᠨᠡᠯᠡᠭᠳᠡᠵᠦ᠂ 2019 ᠣᠨ ᠳᠤ ᠲᠡᠭᠦᠨ ᠤ ᠳᠠᠭᠠᠭᠤᠯᠤᠭᠰᠠᠨ | ᠪᠦᠯᠬᠦᠮ ᠨᠢ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠲᠣᠰᠬᠤᠨ ᠳᠤ ᠰᠠᠭᠤᠭ᠎ᠠ | ᠵᠢᠯᠯᠠᠬᠤ ᠳᠤᠭᠤᠶᠢᠯᠠᠩ︾ ᠢᠶᠠᠷ ᠦᠨᠡᠯᠡᠭᠳᠡᠪᠡ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠥᠬᠢᠭᠦᠯᠦᠨ ᠰᠠᠶᠢᠰᠢᠶᠠᠬᠤ ᠪᠣᠯ ᠲᠡᠭᠦᠨ ᠤ ᠪᠠ ᠲᠣᠰᠬᠤᠨ ᠳᠤ ᠰᠠᠭᠤᠭ᠎ᠠ ᠠᠵᠢᠯ ᠤᠨ ᠬᠦᠴᠦᠷᠬᠡᠭ ᠶᠡᠭᠡ ᠲᠦᠯᠬᠢᠴᠡ | ᠬᠦᠴᠦᠨ ᠮᠥᠨ᠃ ᠬᠤᠶᠢᠰᠢᠳᠠ ᠶᠢᠨ ᠠᠵᠢᠯ ᠳᠤᠮᠳᠠ ᠪᠠᠨ᠂ ᠲᠡᠷᠡ ᠤᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ | ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠥᠪᠡᠷ ᠤᠨ ᠠᠯᠢᠪᠠ ᠪᠠᠨ ᠵᠣᠷᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠨᠢᠭᠡᠨ ᠡᠪ ᠬᠠᠮᠲᠤ ᠨᠠᠮ ᠤᠨ ᠭᠡᠰᠢᠭᠦᠨ ᠤ ᠲᠠᠩᠭᠠᠷᠢᠭ ᠢᠶᠠᠨ ᠦᠢᠯᠡᠳᠦᠯᠭᠡᠵᠢᠭᠦᠯᠦᠨ᠎ᠡ᠃ | | ᠣᠷᠴᠢᠭᠤᠯᠤᠭᠴᠢ᠄ ᠭᠡᠷᠡᠯ | |