ᠨᠡᠷᠡᠨ ᠤᠨ ᠡᠨᠧᠷᠬᠢ ᠪᠠᠷ ᠴᠠᠬᠢᠯᠭᠠᠨ ᠭᠠᠷᠭᠠᠵᠤ ᠶᠠᠳᠠᠭᠤ ᠠᠴᠠ ᠠᠩᠭᠢᠵᠢᠷᠠᠵᠤ  ᠴᠢᠨᠡᠭᠡᠯᠢᠭᠵᠢᠯ ᠤᠨ ᠵᠠᠮ ᠢ ᠭᠡᠷᠡᠯᠲᠦᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020-01-07
  ᠤᠶᠢᠷ᠎ᠠ ᠶᠢᠨ ᠵᠢᠯ ᠠᠴᠠ᠂ ᠮᠠᠨ ᠤ ᠰᠢᠶᠠᠨ ᠭᠡᠷᠡᠯ ᠤᠨ ᠴᠠᠬᠢᠯᠭᠠᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠡᠷᠡᠯ ᠤᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠠᠬᠢᠯᠭᠠᠨ ᠡᠨᠧᠷᠭᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠬᠢ ᠪᠤᠯᠠᠭ ᠪᠣᠯᠭᠠᠵᠤ᠂ ︽ᠴᠢᠰᠤ ᠶᠡᠬᠦᠯᠡᠬᠦ ︾ ᠪᠠᠶᠢᠭᠰᠠᠨ ᠠᠴᠠ ᠪᠠᠨ ︽ᠴᠢᠰᠤ ᠪᠦᠳᠦᠭᠡᠬᠦ︾ ᠪᠣᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠢ ᠬᠠᠩᠭᠠᠵᠠᠶ᠃    ᠮᠠᠨ ᠤ ᠰᠢᠶᠠᠨ ᠤ ᠳ᠋ᠧ ᠱᠧᠩ ᠲᠣᠰᠬᠤᠨ ᠳᠤ ᠬᠦᠷᠪᠡᠯ᠂ ᠮᠥᠷ ᠮᠥᠷ ᠨᠠᠷᠠᠨ ᠤ ᠡᠨᠧᠷᠬᠢ ᠢᠶᠠᠷ ᠴᠠᠬᠢᠯᠭᠠᠨ ᠭᠠᠷᠭᠠᠬᠤ ᠬᠠᠪᠲᠠᠰᠤ ᠨᠡᠷᠡᠨ ᠤ ᠭᠡᠷᠡᠯ ᠳᠤ ᠭᠢᠯᠠᠯᠵᠠᠨ᠎ᠠ᠃ ᠳ᠋ᠧ ᠱᠧᠩ ᠲᠣᠰᠬᠤᠨ ᠤ 4.207 ᠺᠢᠯᠣᠸᠠᠲ ᠤᠨ ᠲᠣᠰᠬᠤᠨ ᠤ ᠲᠡᠰ ᠤᠨ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠪᠣᠯ ᠮᠠᠨ ᠤ ᠰᠢᠶᠠᠨ ᠤ ᠬᠠᠮᠤᠭ ᠤᠨ ᠲᠣᠮᠣ ᠭᠡᠷᠡᠯ ᠤᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠪᠣᠯᠤᠨ᠎ᠠ᠂ ᠵᠢᠱᠢᠯᠲᠡ ᠪᠠᠷ ᠨᠢᠭᠡ ᠵᠢᠯ ᠳᠤ 590 ᠲᠦᠮᠡᠨ ᠭᠷᠠᠳᠦ᠋ᠰ ᠣᠷᠴᠢᠮ ᠴᠠᠬᠢᠯᠭᠠᠨ ᠭᠠᠷᠭᠠᠨ᠎ᠠ᠃   ᠬᠤᠶᠠᠳᠤᠭᠠᠷ ᠡᠭᠡᠯᠵᠢ ᠶᠢᠨ 6.669 ᠰᠠᠶ᠎ᠠ ᠸᠠᠲ ᠭᠡᠷᠡᠯ ᠤᠨ ᠴᠠᠭᠢᠯᠭᠠᠨ ᠢᠶᠠᠷ ᠶᠠᠳᠠᠭᠤ ᠶᠢ ᠲᠡᠳᠬᠦᠬᠦ ᠲᠣᠰᠬᠤᠨ ᠤ ᠲᠡᠰ ᠤᠨ ᠴᠠᠬᠢᠯᠭᠠᠨ ᠦᠷᠲᠡᠭᠡᠨ ᠤ ᠲᠦᠷᠦᠯ ᠵᠦᠢᠯ ᠢ 2019 ᠣᠨ ᠤ 8 ᠰᠠᠷ᠎ᠠ ᠳᠤ ᠡᠬᠢᠯᠡᠭᠦᠯᠵᠦ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 4128.5 ᠲᠦᠮᠡᠨ ᠲᠥᠭᠦᠷᠢᠭ ᠪᠠᠶᠢᠵᠤ᠂ 300 ᠮᠤ᠋ ᠣᠷᠴᠢᠮ ᠭᠠᠵᠠᠷ ᠡᠵᠡᠯᠡᠵᠦ᠂ ᠨᠡᠶᠢᠲᠡ 14 ᠲᠣᠰᠬᠤᠨ ᠤ ᠲᠡᠰ ᠤᠨ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠦᠪᠯᠡᠷᠡᠭᠰᠡᠨ ᠪᠤᠰᠤ ᠮᠠᠶ᠋ᠢᠭ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠯᠡᠨ ᠬᠡᠷᠡᠭᠵᠢᠭᠦᠯᠵᠦ᠂ ᠬᠤᠶᠠᠷ ᠪᠦᠯᠦᠭᠯᠡᠨ ᠬᠤᠪᠢᠶᠠᠵᠤ᠂ ᠳ᠋ᠧ ᠱᠧᠩ ᠲᠣᠰᠬᠤᠨ ᠤ ᠬᠤᠯᠪᠤᠭᠠᠯᠠᠭᠰᠠᠨ ᠲᠣᠰᠬᠤᠨ ᠤ ᠴᠠᠬᠢᠯᠭᠠᠨ ᠦᠷᠲᠡᠭᠡᠨ ᠤ 4207 ᠺᠢᠯᠣᠸᠠᠲ ᠠᠴᠠ ᠭᠠᠳᠠᠨ᠎ᠠ᠂ ᠾᠧ ᠱᠧᠩ ᠲᠣᠰᠬᠤᠨ ᠤ ᠬᠤᠯᠪᠤᠭᠠᠯᠠᠭᠰᠠᠨ ᠲᠣᠰᠬᠤᠨ ᠤ ᠴᠠᠬᠢᠯᠭᠠᠨ ᠥᠷᠲᠡᠭᠡ 2462 ᠺᠢᠯᠣᠸᠠᠲ ᠪᠣᠯᠤᠨ᠎ᠠ᠃ ᠡᠨᠡ ᠵᠢᠯ ᠤᠨ 12 ᠰᠠᠷ᠎ᠠ ᠶᠢᠨ 10 ᠤ ᠡᠳᠦᠷ ᠪᠤᠢ ᠪᠦᠬᠦᠢ ᠭᠡᠷᠡᠯ ᠤᠨ ᠴᠠᠬᠢᠯᠭᠠᠨ ᠥᠷᠲᠡᠭᠡ ᠪᠦᠬᠦᠨ ᠢᠶᠠᠷ ᠢᠶᠠᠨ ᠠᠰᠢᠭᠯᠠᠯᠲᠠ ᠳᠤ ᠣᠷᠤᠨ ᠴᠠᠬᠢᠯᠭᠠᠨ ᠭᠠᠷᠭᠠᠵᠤ᠂ ᠴᠠᠬᠢᠯᠭᠠᠨ ᠥᠷᠲᠡᠭᠡ ᠨᠢᠭᠡᠪᠦᠷᠢ ᠶᠢᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 30000 ᠺᠢᠯᠣᠸᠠᠲ ᠣᠷᠴᠢᠮ ᠪᠠᠶᠢᠵᠤ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠳᠤᠮᠳᠠᠴᠢ ᠬᠡᠮᠵᠢᠶ᠎ᠡ ᠨᠢ ᠪᠠᠷᠤᠭ 935.38 ᠲᠦᠮᠡᠨ ᠭᠷᠠᠳᠦ᠋ᠰ ᠪᠣᠯᠤᠨ᠎ᠠ᠃    ᠭᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠨᠢ 25 ᠵᠢᠯ ᠦᠷᠭᠦᠯᠵᠢᠯᠡᠵᠦ ᠪᠣᠯᠤᠨ᠎ᠠ᠂ ᠲᠥᠷᠥᠯ ᠵᠦᠢᠯ ᠢᠶᠠᠷ ᠴᠠᠬᠢᠯᠭᠠᠨ ᠭᠠᠷᠭᠠᠭᠰᠠᠨ ᠤ ᠳᠠᠷᠠᠭ᠎ᠠ᠂ ᠡᠭᠦᠰᠦᠭᠰᠡᠨ ᠴᠠᠬᠢᠯᠭᠠᠨ ᠤ ᠰᠦᠢᠳᠬᠡᠯ 110 VK ᠬᠦᠴᠦᠳᠡᠯ ᠥᠭᠡᠷᠡᠴᠢᠯᠡᠬᠦ ᠦᠷᠲᠡᠭᠡᠨ ᠳᠤ ᠣᠷᠤᠵᠤ᠂ ᠬᠠᠮᠢᠶ᠎ᠠ ᠪᠦᠬᠦᠢ ᠴᠠᠬᠢᠯᠭᠠᠨ ᠦᠷᠲᠡᠭᠡᠨ ᠤ ᠥᠪᠡᠷ ᠤᠨ ᠥᠷᠲᠡᠭ ᠤᠨ ᠵᠠᠷᠤᠳᠠᠯ ᠢ ᠬᠠᠰᠤᠭᠰᠠᠨ ᠤ ᠳᠠᠷᠠᠭ᠎ᠠ᠂ ᠴᠡᠪᠡᠷ ᠠᠰᠢᠭ ᠢ ᠲᠣᠰᠬᠤᠨ ᠤ ᠬᠠᠮᠲᠤ ᠶᠢᠨ ᠣᠷᠣᠯᠭ᠎ᠠ ᠪᠣᠯᠭᠠᠵᠤ᠂ ᠡᠷᠦᠬᠡ ᠳᠤ ᠬᠦᠷᠲᠡᠯ᠎ᠡ ᠬᠡᠮᠵᠢᠶᠡᠵᠢᠭᠦᠯᠦᠨ ᠰᠢᠯᠵᠢᠭᠦᠯᠦᠨ ᠥᠭᠴᠦ ᠶᠠᠳᠠᠭᠤ ᠬᠦᠴᠢᠷᠳᠡᠯᠲᠡᠶ ᠡᠷᠦᠬᠡ ᠳᠤ ᠥᠭᠭᠦᠨ᠎ᠡ᠃ ᠲᠣᠰ ᠲᠥᠷᠥᠯ  ᠵᠦᠢᠯ ᠨᠢ ᠨᠡᠶᠢᠲᠡ 14 ᠶᠠᠳᠠᠭᠤ ᠬᠦᠴᠢᠷᠳᠡᠯᠲᠡᠢ ᠲᠣᠰᠬᠤᠨ ᠢ ᠬᠠᠪᠰᠤᠷᠤᠨ ᠲᠡᠳᠬᠦᠵᠦ᠂ 1327 ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠪᠡ᠃    ᠮᠠᠨ ᠤ ᠰᠢᠶᠠᠨ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠶᠠᠳᠠᠭᠤ ᠶᠢ ᠲᠡᠳᠬᠦᠬᠦ᠂ ᠪᠣᠬᠢᠷᠲᠤᠯ ᠦᠭᠡᠢ ᠪᠠᠷ ᠶᠠᠳᠠᠭᠤ ᠶᠢ ᠲᠡᠳᠬᠦᠬᠦ ᠴᠢᠬᠤᠯᠠ ᠶᠡᠭᠡ ᠲᠥᠷᠥᠯ ᠵᠦᠢᠯ ᠪᠣᠯᠭᠠᠵᠤ᠂ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠪᠣᠯᠤᠨ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ᠃ ᠴᠡᠪᠡᠷ ᠠᠰᠢᠭ ᠨᠢ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ︽ᠢᠲᠡᠭᠡᠮᠵᠢᠲᠡᠢ ᠪᠠᠩᠬᠢ︾ ᠪᠣᠯᠵᠤ ᠴᠢᠳᠠᠨ᠎ᠠ᠃                                                            ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2