ᠬᠤᠸᠠᠳᠧ ᠰᠢᠶᠠᠨ ᠭᠤᠷᠪᠠ ᠶᠢ ︽ᠪᠠᠷᠢᠮᠲᠠᠯᠠᠵᠤ︾ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2020-01-08
   ᠡᠨᠡ ᠵᠢᠯ ᠠᠴᠠ ᠨᠠᠰᠢ᠂ ᠬᠤᠸᠠᠳᠧ ᠰᠢᠶᠠᠨ ᠨᠠᠮ ᠤᠨ ᠠᠯᠢᠪᠠ ᠠᠵᠢᠯ ᠳᠠᠬᠢ ᠭᠤᠤᠯᠯᠠᠭᠴᠢ ᠬᠥᠲᠥᠯᠥᠨ ᠳᠠᠭᠠᠭᠤᠯᠬᠤ ᠦᠢᠯᠡᠳᠦᠯ ᠢ ᠨᠠᠩ ᠳᠣᠪᠤᠶᠢᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ  ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠭᠤᠷᠪᠠ ᠶᠢ ︽ᠪᠠᠷᠢᠮᠲᠠᠯᠠᠬᠤ︾ ᠪᠠᠷ ᠳᠠᠮᠵᠢᠭᠤᠯᠤᠨ ︽ᠦᠵᠡᠯ ᠰᠠᠨᠠᠭ᠎ᠠ᠂ ᠴᠢᠳᠠᠪᠤᠷᠢ᠂ ᠰᠤᠷᠲᠠᠯ ᠴᠠᠭᠠᠷᠠᠭᠰᠠᠨ︾ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠪᠠ᠃    ᠨᠢᠭᠡ ᠳᠤ᠂ ︽ᠰᠤᠷᠤᠯᠴᠠᠬᠤ︾ ᠶᠢ ᠲᠡᠷᠢᠭᠦᠨ ᠳᠤ ᠲᠠᠯᠪᠢᠵᠤ᠂ ᠨᠡᠶᠢᠲᠡᠯᠢᠭ ᠵᠢᠱᠢᠶ᠎ᠡ ᠪᠠᠷ ᠡᠰᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠪᠦᠬᠦ ᠺᠠᠳ᠋ᠷ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠭᠤᠯᠵᠤ ᠂ ᠥᠪᠡᠷ ᠢᠶᠠᠷ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠪᠦᠬᠦ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠯᠦᠭ ᠬᠤᠪᠢᠶᠠᠨ᠂ ᠲᠡᠰ ᠬᠤᠪᠢᠶᠠᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ᠂ ᠪᠦᠬᠦ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠠᠶᠢᠳ ᠨᠠᠷ ᠤᠨ ᠬᠤᠷᠠᠯ ᠵᠢᠴᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠣᠬᠢᠶᠠᠨ  ᠪᠠᠶᠢᠭᠤᠯᠤᠯᠲᠠ ᠶᠢᠨ ᠺᠠᠳ᠋ᠷ ᠤᠨ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠡᠵᠢᠶ᠎ᠡ ᠴᠦ ᠭᠡᠰᠡᠨ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠵᠣᠭᠰᠣᠯᠲᠠ ᠪᠠᠨ ᠪᠠᠲᠤᠳᠬᠠᠨ᠎ᠠ᠃ ᠡᠭᠦᠨ ᠤ ᠬᠠᠮᠲᠤ᠂ ᠪᠦᠬᠦ ᠤᠯᠤᠰ ᠤᠨ ᠰᠢᠯᠢᠳᠡᠭ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠯᠦ ᠢᠦᠶ ᠪᠦᠦ᠂ ᠶᠠᠩ ᠬᠠᠨ ᠵᠢᠶᠦ᠋ᠨ ᠵᠡᠷᠭᠡ ᠨᠥᠬᠦᠳ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠲᠣᠯᠢ ᠪᠣᠯᠭᠠᠵᠤ᠂ ᠲᠡᠳᠡᠨ ᠤ ᠬᠦᠴᠢᠷ ᠢ ᠰᠥᠷᠦᠨ ᠤᠷᠤᠭᠰᠢᠯᠠᠵᠤ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ᠂ ᠨᠠᠷᠢᠨ ᠬᠢᠨᠠᠮᠠᠭᠠᠶ ᠪᠣᠳᠠᠲᠠᠶ ᠠᠵᠢᠯᠯᠠᠬᠤ ᠡᠷᠬᠢᠮ ᠨᠠᠨᠳᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠪᠡᠶ᠎ᠡ ᠪᠠᠨ ᠴᠢᠩᠭ᠎ᠠ ᠱᠠᠭᠠᠷᠳᠠᠵᠤ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠵᠤ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠬᠢᠯᠭ᠎ᠠ ᠪᠠᠲᠤ ᠶᠢ ᠪᠡᠶᠡᠯᠡᠭᠦᠯᠵᠦ᠂ ᠺᠠᠳ᠋ᠷ ᠪᠠ ᠣᠯᠠᠨ ᠲᠦᠮᠡᠨ ᠤ ᠢᠲᠡᠭᠡᠯ ᠢ ᠣᠯᠬᠤ ᠬᠡᠷᠡᠭᠲᠡᠶ᠃    ᠬᠤᠶᠠᠷ ᠲᠤ᠂ ︽ᠬᠢᠬᠦ︾ ᠶᠢ ᠲᠡᠷᠢᠭᠦᠨ ᠳᠤ ᠲᠠᠯᠪᠢᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ 2019 ᠣᠨ ᠤ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠨᠠᠷᠢᠨ ᠬᠢᠨᠠᠮᠠᠭᠠᠶ ᠲᠥᠯᠥᠪᠵᠢᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠤᠷᠢᠲᠤ ᠢᠯᠠᠯᠲᠠ ᠶᠢ ᠣᠯᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠶᠠᠳᠠᠭᠤ ᠶᠢ ᠲᠡᠳᠬᠦᠬᠦ ᠺᠠᠳ᠋ᠷ ᠢ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠲᠠᠯ ᠨᠢ ᠦᠨᠡᠨ ᠪᠣᠳᠠᠲᠠᠶ ᠪᠢᠰᠢ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠨᠠᠮ ᠤᠨ ᠭᠡᠰᠢᠭᠦᠨ ᠺᠠᠳ᠋ᠷ ᠢ ᠴᠠᠭ ᠲᠤᠬᠠᠶ ᠳᠤᠨᠢ ᠰᠠᠨᠠᠭᠤᠯᠵᠤ ᠰᠤᠷᠭᠠᠨ ᠬᠥᠮᠦᠵᠢᠭᠦᠯᠵᠦ᠂ ᠲᠣᠬᠢᠷᠠᠭᠤᠯᠤᠯᠲᠠ ᠬᠢᠵᠦ ᠬᠠᠷᠢᠭᠤᠴᠠᠯᠭ᠎ᠠ ᠨᠡᠬᠡᠮᠵᠢᠯᠡᠪᠡ ︔ ᠠᠵᠢᠯ ᠢᠶᠠᠨ ᠨᠠᠷᠢᠨ ᠬᠢᠨᠠᠮᠠᠭᠠᠶ ᠬᠢᠭᠰᠡᠨ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠭᠰᠡᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠵᠣᠷᠢᠭᠲᠠᠶ ᠪᠠᠷ ᠵᠢᠳᠬᠦᠯ ᠴᠢᠷᠮᠠᠶᠢᠯᠭ᠎ᠠ ᠭᠠᠷᠭᠠᠭᠰᠠᠨ ᠨᠠᠮ ᠤᠨ ᠭᠡᠰᠢᠭᠦᠨ ᠺᠠᠳ᠋ᠷ ᠢ ᠴᠠᠭ ᠲᠤᠬᠠᠶ ᠳᠤᠨᠢ ᠬᠥᠬᠢᠭᠦᠯᠦᠨ ᠰᠠᠶᠢᠰᠢᠶᠠᠬᠤ ᠪᠠ ᠳᠡᠪᠰᠢᠭᠦᠯᠵᠦ᠂ ᠶᠠᠳᠠᠭᠤ ᠶᠢ ᠲᠡᠳᠬᠦᠬᠦ ᠡᠮᠦᠨ᠎ᠡ ᠹᠷᠣᠨᠲ ᠳᠤ ᠪᠠᠶᠢᠭ᠎ᠠ ᠨᠠᠮ ᠤᠨ ᠭᠡᠰᠢᠭᠦᠨ ᠺᠠᠳ᠋ᠷ ᠢ ᠰᠡᠳᠬᠢᠯ ᠳᠡᠭᠡᠨ ᠬᠦᠰᠡᠯ ᠡᠷᠡᠮᠡᠯᠵᠡᠯ ᠲᠠᠢ᠂ ᠠᠵᠢᠯ ᠬᠢᠬᠦ ᠳᠤ ᠬᠤᠷᠢᠭ᠎ᠠ ᠱᠤᠭᠤᠮ ᠲᠠᠢ ᠪᠣᠯᠭᠠᠬᠤ ᠬᠡᠷᠡᠭᠲᠡᠶ᠃ ᠣᠳᠣᠬᠠᠨ ᠪᠣᠯᠲᠠᠯ᠎ᠠ᠂  ᠪᠦᠬᠦ ᠰᠢᠶᠠᠨ ᠳᠤ ᠨᠢᠭᠡᠳᠦᠭᠡᠷ ᠱᠦᠵᠢ 2 ᠬᠥᠮᠦᠨ ᠢ ᠲᠣᠬᠢᠷᠠᠭᠤᠯᠤᠯᠲᠠ ᠬᠢᠵᠦ᠂ 11 ᠬᠥᠮᠦᠨ ᠢ ᠳᠡᠪᠰᠢᠭᠦᠯᠦᠭᠡᠳ ᠬᠠᠷᠢᠭᠤᠴᠠᠯᠭ᠎ᠠ ᠨᠡᠬᠡᠮᠵᠢᠯᠡᠭᠰᠡᠨ ᠬᠥᠮᠦᠨ ᠦᠭᠡᠢ᠂ 60 ᠬᠥᠮᠦᠨ ᠢ ᠬᠥᠬᠢᠭᠦᠯᠦᠨ ᠰᠠᠶᠢᠰᠢᠶᠠᠪᠠ᠃              ᠭᠤᠷᠪᠠ ᠳᠤ᠂ ︽ᠦᠨᠡᠨ︾ ᠢ ᠲᠡᠷᠢᠭᠦᠨ ᠳᠤ ᠲᠠᠯᠪᠢᠵᠤ᠂ ᠪᠣᠳᠠᠲᠠᠶ ᠠᠵᠢᠯᠯᠠᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠲᠠᠯ᠎ᠠ ᠣᠯᠠᠨ ᠬᠠᠷᠠᠭᠠᠰᠤ ᠠᠴᠠ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠢ ᠬᠥᠮᠦᠵᠢᠭᠦᠯᠦᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠶᠢ ᠦᠢᠯᠡ ᠠᠵᠢᠯᠯᠠᠭ᠎ᠠ ᠶᠢᠨ ᠦᠨᠳᠦᠰᠦᠨ ᠬᠡᠮᠵᠢᠭᠦᠷ ᠪᠣᠯᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠢ ᠰᠠᠬᠢᠯᠭ᠎ᠠ ᠪᠠᠲᠤ ᠶᠣᠰᠣ ᠳᠦᠷᠢᠮ ᠢ ᠰᠠᠬᠢᠵᠤ᠂ ᠴᠢᠩᠭ᠎ᠠ ᠱᠠᠭᠠᠷᠳᠠᠯᠭ᠎ᠠ᠂ ᠪᠣᠳᠠᠲᠠᠶ ᠰᠤᠷᠲᠠᠯ ᠢ ᠵᠣᠬᠢᠶᠠᠨ ᠪᠠᠶᠢᠭᠤᠯᠬᠤ ᠠᠵᠢᠯ ᠤᠨ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠶ᠃ ᠡᠭᠦᠨ ᠤ ᠬᠠᠮᠲᠤ᠂ ᠲᠥᠪ ᠭᠤᠤᠯᠴᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ ᠢᠮᠠᠭᠲᠠ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠬᠥᠮᠦᠨ ᠳᠤ ᠬᠠᠨᠳᠤᠵᠤ ᠤᠴᠢᠷ ᠶᠠᠪᠤᠳᠠᠯ ᠰᠢᠢᠳᠪᠤᠷᠢᠯᠡᠬᠦ ᠵᠠᠷᠴᠢᠮ ᠪᠣᠯᠭᠠᠬᠤ ᠬᠡᠷᠡᠭᠲᠡᠶ︔ ᠨᠠᠶᠢᠳᠠᠪᠤᠷᠢᠲᠠᠢ ᠬᠥᠮᠦᠨ ᠪᠣᠯᠬᠤ᠂ ᠯᠠᠪᠳᠠᠭᠤᠨ ᠪᠠᠲᠤᠲᠠᠶ ᠠᠵᠢᠯ ᠶᠠᠪᠤᠳᠠᠯ ᠬᠢᠬᠦ᠂ ᠡᠷᠡᠯᠬᠡᠭᠯᠡᠨ ᠲᠡᠮᠡᠴᠡᠬᠦ ᠰᠤᠷᠲᠠᠯ ᠢ ᠵᠣᠬᠢᠶᠠᠨ ᠪᠠᠶᠢᠭᠤᠯᠬᠤ ᠺᠠᠳ᠋ᠷ ᠤᠨ ᠡᠳᠦᠷ ᠲᠣᠲᠤᠮ ᠤᠨ ᠠᠵᠢᠯ ᠳᠠᠭᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠵᠣᠬᠢᠶᠠᠨ ᠪᠠᠶᠢᠭᠤᠯᠬᠤ ᠺᠠᠳ᠋ᠷ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃                                                     ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2