ᠬᠤᠸᠠᠳᠧ ᠰᠢᠶᠠᠨ ᠤ ᠲᠠᠪᠤᠨ ᠪᠠᠲᠤᠯᠠᠭ᠎ᠠ ᠶᠢᠨ ᠳᠦᠷᠢᠮ ᠢᠶᠠᠷ ᠠᠷᠠᠳ ᠣᠯᠠᠨ ᠤ ᠳᠠᠬᠢᠵᠤ ᠶᠠᠳᠠᠭᠤᠷᠠᠬᠤ ᠦᠭᠡᠢ ᠶᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2020-01-09
   ᠣᠶᠢᠷ᠎ᠠ ᠶᠢᠨ ᠵᠢᠯ ᠠᠴᠠ ᠨᠠᠭᠠᠰᠢ᠂ ᠬᠤᠸᠠᠳᠧ ᠰᠢᠶᠠᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠳᠤᠮᠳᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠠᠷᠠᠳ ᠤᠨ ᠶᠠᠪᠤᠳᠠᠯ ᠤᠨ ᠬᠦᠨᠳᠦ ᠡᠪᠡᠳᠴᠢᠨ ᠤ ᠠᠪᠤᠷᠠᠨ ᠲᠤᠰᠠᠯᠠᠬᠤ᠂ ᠬᠦᠨᠳᠦ ᠡᠪᠡᠳᠴᠢᠨ ᠤ ᠬᠤᠳᠠᠯᠳᠤᠭᠠᠨ ᠤ ᠨᠥᠬᠦᠪᠥᠷᠢ ᠳᠠᠭᠠᠳᠬᠠᠯ᠂ ᠬᠦᠨᠳᠦ ᠡᠪᠡᠳᠴᠢᠨ ᠤ ᠤᠳᠠᠭᠠᠨ ᠴᠢᠨᠠᠷᠲᠠᠶ ᠡᠪᠡᠳᠴᠢᠨ ᠤ ᠰᠠᠭᠤᠷᠢ ᠮᠥᠩᠭᠦ ᠶᠢᠨ ᠲᠠᠪᠤᠨ ᠳᠠᠪᠬᠤᠷ ᠪᠠᠲᠤᠯᠠᠭ᠎ᠠ ᠶᠢᠨ ᠳᠦᠷᠢᠮ ᠢ ᠪᠠᠶᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠡᠶ᠂ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠵᠡᠷᠭᠡ ᠦᠵᠡᠭᠳᠡᠯ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠪᠡ᠃    ᠲᠣᠰ ᠰᠢᠶᠠᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ︽ᠤᠷᠢᠳᠠᠪᠠᠷ ᠣᠨᠣᠰᠢᠯᠠᠨ ᠡᠮᠨᠡᠭᠦᠯᠵᠦ᠂ ᠳᠠᠷᠠᠭ᠎ᠠ ᠨᠢ ᠵᠠᠷᠤᠳᠠᠯ ᠲᠤᠰᠢᠶᠠᠬᠤ︾ ᠪᠠ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠦᠢᠯᠡᠴᠢᠯᠡᠭᠡ ᠶᠢ ᠬᠡᠷᠡᠭᠵᠢᠭᠦᠯᠵᠦ᠂ 2019 ᠣᠨ ᠳᠤ 6361 ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠩᠰᠠᠨ ᠠᠴᠠ ᠲᠠᠶᠢᠯᠵᠤ᠂ ᠡᠮᠨᠡᠯᠭᠡ ᠳᠤ ᠰᠠᠭᠤᠬᠤ ᠪᠠ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠨᠡᠶᠢᠲᠡ 4749 ᠲᠦᠮᠡᠨ ᠲᠥᠭᠦᠷᠢᠭ᠂ ᠦᠨᠳᠦᠰᠦᠨ ᠡᠮ ᠡᠮᠨᠡᠯᠭᠡ ᠵᠢᠴᠢ ᠳᠠᠭᠠᠳᠬᠠᠯ ᠢ 2987 ᠲᠦᠮᠡᠨ ᠲᠥᠭᠦᠷᠢᠭ ᠳᠠᠩᠰᠠᠨ ᠠᠴᠠ ᠲᠠᠶᠢᠯᠪᠠ᠃ ᠬᠦᠨᠳᠦ ᠣᠨᠴᠠ ᠶᠡᠭᠡ ᠡᠪᠡᠳᠴᠢᠨ ᠢ ᠵᠠᠰᠠᠭ ᠤᠨ ᠣᠷᠳᠣᠨ ᠠᠴᠠ ᠠᠪᠤᠷᠠᠨ ᠲᠤᠰᠠᠯᠠᠵᠤ ᠳᠠᠩᠰᠠ ᠠᠴᠠ ᠲᠠᠶᠢᠯᠬᠤ ᠳᠤ 403 ᠲᠦᠮᠡᠨ ᠲᠥᠭᠦᠷᠢᠭ᠂ 3803 ᠬᠥᠮᠦᠨ ᠤᠳᠠᠭ᠎ᠠ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠥᠬᠦᠪᠥᠷᠢ 222.3 ᠲᠦᠮᠡᠨ ᠲᠥᠭᠦᠷᠢᠭ ᠂ ᠬᠤᠳᠠᠯᠳᠤᠭᠠᠨ ᠤ ᠨᠥᠬᠦᠪᠥᠷᠢ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠰᠠᠭᠤᠷᠢ ᠮᠥᠩᠭᠦ ᠶᠢᠨ ᠳᠣᠣᠷ᠎ᠠ ᠪᠠᠲᠤᠯᠠᠭ᠎ᠠ ᠶᠢᠨ ᠳᠠᠩᠰᠠ ᠠᠴᠠ ᠲᠠᠶᠢᠯᠬᠤ ᠳᠤ 520.8 ᠲᠦᠮᠡᠨ ᠲᠥᠭᠦᠷᠢᠭ᠂ ᠬᠤᠳᠠᠯᠳᠤᠭᠠᠨ ᠤ ᠬᠦᠨᠳᠦ ᠡᠪᠡᠳᠴᠢᠨ ᠤ ᠳᠠᠭᠠᠳᠬᠠᠯ ᠤᠨ ᠲᠥᠯᠥᠪᠦᠷᠢ ᠥᠭᠬᠦ ᠳᠤ 141 ᠲᠦᠮᠡᠨ ᠲᠥᠭᠦᠷᠢᠭ᠂ 992 ᠬᠥᠮᠦᠨ ᠤᠳᠠᠭ᠎ᠠ ᠲᠤᠰᠠᠯᠠᠵᠤ᠂ ᠳᠠᠩᠰᠠ ᠲᠠᠶᠢᠯᠬᠤ ᠬᠠᠷᠢᠴᠠᠯ ᠴᠥᠮ 90 % ᠳᠤ ᠬᠦᠷᠪᠡ᠃ ᠶᠠᠳᠠᠭᠤ ᠬᠦᠴᠢᠷᠳᠡᠯ ᠲᠠᠢ ᠡᠷᠦᠬᠡ ᠶᠢᠨ ᠭᠡᠷ ᠪᠦᠯᠢ ᠶᠢᠨ ᠡᠮᠴᠢ ᠶᠢᠨ ᠭᠡᠷ᠎ᠡ 6927 ᠡᠷᠦᠬᠡ᠂ 15388 ᠬᠥᠮᠦᠨ ᠳᠤ ᠭᠡᠷ᠎ᠡ ᠲᠣᠭᠲᠠᠵᠤ᠂ ᠪᠠᠶᠢᠩᠭᠤ ᠰᠠᠭᠤᠭ᠎ᠠ ᠬᠦᠮᠦᠨ ᠠᠮᠠ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠲᠠᠢ ᠶᠠᠳᠠᠭᠤ ᠬᠦᠴᠢᠷᠳᠡᠯ ᠲᠠᠢ ᠬᠥᠮᠦᠨ ᠠᠮᠠ ᠳᠤ 218 ᠲᠦᠮᠡᠨ ᠲᠥᠭᠦᠷᠢᠭ᠂ 15874 ᠬᠥᠮᠦᠨ ᠤᠳᠠᠭ᠎ᠠ ᠳᠤ ᠡᠮ ᠬᠦᠷᠭᠡᠵᠦ ᠥᠭᠪᠡ᠃  ᠪᠦᠬᠦ ᠰᠢᠶᠠᠨ 233 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 14154 ᠬᠥᠮᠦᠨ ᠤᠳᠠᠭ᠎ᠠ ᠶᠢᠨ ᠰᠦᠢᠳᠬᠡᠯ ᠦᠭᠡᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ ᠶᠢ ᠦᠨᠡᠨᠬᠦ ᠪᠡᠶᠡᠯᠡᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠶ ᠣᠯᠠᠨ ᠲᠦᠮᠡᠨ ᠨᠢᠭᠡᠪᠦᠷᠢ ᠳᠤ ᠦᠨᠡᠨᠬᠦ ᠪᠦᠷᠬᠦᠭᠦᠯᠪᠡ᠃                                                             ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2