ᠰᠢᠶᠠᠩ ᠲᠧᠦ ᠭᠥᠸᠧ ᠵᠢᠢ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠤ ᠺᠣᠮᠫᠠᠨᠢ 5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠥᠷᠲᠡᠭᠡᠨ ᠤ ᠨᠡᠭᠡᠭᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/10/13
   ᠮᠠᠨ ᠤ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠢᠯᠡᠳᠦᠯᠭᠡᠵᠢᠭᠦᠯᠵᠦ ᠲᠥᠯᠥᠭᠡ᠂ ᠲᠩᠷᠢ ᠨᠢ ᠴᠡᠯᠮᠡᠭ᠂ ᠠᠭᠤᠯᠠ ᠨᠢ ᠨᠣᠭᠤᠭᠠᠨ᠂ ᠤᠰᠤ ᠨᠢ ᠲᠤᠩᠭᠠᠯᠠᠭ᠂ ᠠᠭᠠᠷ ᠨᠢ  ᠲᠤᠩᠭᠠᠯᠠᠭ ᠦᠵᠡᠰᠭᠦᠯᠡᠩᠲᠦ ᠰᠠᠶᠢᠬᠠᠨ ᠰᠢᠶᠠᠨ ᠤ ᠬᠤᠲᠠ ᠶᠢ ᠪᠠᠶᠢᠭᠤᠯᠤᠨ᠂ ᠪᠦᠬᠦ ᠰᠢᠶᠠᠨ ᠤ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ 10 ᠰᠠᠷ᠎ᠠ ᠶᠢᠨ 12 ᠤᠨ ᠡᠳᠦᠷ᠂ ᠮᠠᠨ ᠤ ᠰᠢᠶᠠᠨ ᠾᠦᠢ ᠳ᠋ᠧ ᠰᠠᠯᠬᠢᠨ ᠴᠠᠬᠢᠯᠭᠠᠨ ᠤ 5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠥᠷᠲᠡᠭᠡᠨ ᠤ ᠨᠡᠭᠡᠭᠡᠯᠲᠡ ᠶᠢᠨ ᠶᠣᠰᠣᠯᠠᠯ ᠶᠠᠪᠤᠭᠤᠯᠪᠠ᠃
   ᠶᠣᠰᠣᠯᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠰᠢᠤᠸᠠᠢ ᠶᠦᠩ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠡᠮᠦᠨ᠎ᠡ ᠠᠴᠠ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠤ 5 ᠲᠦᠮᠡᠨ ᠺᠢᠯᠣᠸᠠᠲ ᠤᠨ ᠴᠠᠬᠢᠯᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠥᠷᠲᠡᠭᠡᠨ ᠤ ᠪᠠᠶᠢᠭᠤᠯᠤᠭᠳᠠᠵᠤ ᠠᠰᠢᠭᠯᠠᠯᠲᠠ ᠳᠤ ᠣᠷᠣᠭᠰᠠᠨ ᠳᠤ ᠪᠠᠶᠠᠷ ᠬᠦᠷᠭᠡᠪᠡ᠃ ᠰᠢᠤᠸᠠᠢ ᠶᠦᠩ ᠵᠢᠭᠠᠵᠤ ᠭᠠᠷᠭᠠᠭᠰᠠᠨ ᠨᠢ᠂ ᠾᠦᠢ ᠳ᠋ᠧ ᠰᠠᠯᠬᠢᠨ ᠴᠠᠬᠢᠯᠭᠠᠨ ᠢᠯᠴᠢ ᠬᠠᠩᠭᠠᠬᠤ ᠢᠨᠵᠧᠨᠧᠷᠢᠩ ᠪᠣᠯ ᠮᠠᠨ ᠤ ᠰᠢᠶᠠᠨ ᠤ ᠨᠡᠶᠢᠭᠡᠮ ᠤᠨ ᠬᠦᠭᠵᠢᠯᠲᠡ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡ ᠪᠣᠯᠤᠨ᠎ᠠ᠃ ᠪᠦᠬᠦ ᠰᠢᠶᠠᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠢᠯᠠᠩᠭᠤᠶ᠎ᠠ ᠰᠢᠶᠠᠨ ᠤ ᠬᠤᠲᠠ ᠶᠢᠨ ᠢᠯᠴᠢ ᠶᠢᠨ ᠡᠨᠧᠷᠭᠢ ᠶᠢᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠨᠡᠩ ᠪᠠᠲᠤ ᠪᠠᠬᠢ ᠨᠢᠭᠡ ᠠᠯᠬᠤᠮ ᠠᠯᠬᠤᠵᠤ᠂ ᠮᠠᠨ ᠤ ᠰᠢᠶᠠᠨ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠣᠷᠴᠢᠯ ᠠᠵᠤ ᠠᠬᠤᠶ ᠶᠢ ᠬᠥᠭᠵᠢᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ᠂ ᠮᠠᠨ ᠤ ᠰᠢᠶᠠᠨ ᠤ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠮ ᠢ ᠬᠦᠴᠦᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠦᠢᠯᠡᠴᠢᠯᠡᠨ᠎ᠡ ᠭᠡᠪᠡ᠃
   ᠰᠢᠤᠸᠠᠢ ᠶᠦᠩ ᠰᠢᠶᠠᠩ ᠲᠧᠦ ᠭᠥᠸᠧ ᠵᠢᠢ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠣᠶᠢᠯᠠᠭᠠᠭᠳᠠᠬᠤᠨ ᠤ ᠰᠢᠨ᠎ᠡ ᠶᠢ ᠡᠭᠦᠳᠦᠨ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠰᠠᠭᠤᠭᠠᠯᠢ ᠠᠷᠠᠳ ᠤᠨ ᠳᠡᠮᠵᠢᠯᠭᠡ ᠪᠠ ᠢᠲᠡᠭᠡᠯ ᠢ ᠣᠯᠵᠤ᠂ ᠴᠢᠨᠠᠷ ᠰᠠᠶᠢᠲᠠᠢ ᠢᠯᠴᠢ ᠬᠠᠩᠭᠠᠬᠤ ᠪᠠ ᠥᠨᠳᠥᠷ ᠲᠦᠪᠰᠢᠨ ᠪᠦᠬᠦᠢ ᠦᠢᠯᠡᠴᠢᠯᠡᠭᠡ ᠶᠢ ᠪᠠᠲᠤᠯᠠᠵᠤ᠂ ᠮᠠᠨ ᠤ ᠰᠢᠶᠠᠨ ᠤ ᠡᠨᠡᠬᠦ ᠠᠷᠠᠳ ᠤᠨ ᠰᠡᠳᠬᠢᠯ ᠢ ᠣᠯᠤᠭᠰᠠᠨ ᠠᠷᠭ᠎ᠠ ᠬᠡᠮᠵᠢᠶ᠎ᠡ ᠶᠢ ᠴᠢᠩᠭ᠎ᠠ᠂ ᠪᠣᠳᠠᠲᠠᠶ᠂ ᠰᠠᠶᠢᠲᠤᠷ ᠠᠳᠬᠤᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠦᠰᠡᠪᠡ᠃
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠤ 5 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠥᠷᠲᠡᠭᠡ ᠵᠢᠩᠬᠢᠨᠢ ᠪᠠᠷ ᠡᠷᠦᠬᠡ ᠪᠠᠨ ᠰᠡᠬᠦᠭᠰᠡᠨ ᠢ ᠵᠠᠷᠯᠠᠪᠠ᠃    ᠰᠢᠶᠠᠩ ᠲᠧᠦ ᠭᠥᠸᠧ ᠵᠢᠢ ᠾᠦᠢ ᠳ᠋ᠧ ᠰᠠᠯᠬᠢᠨ ᠴᠠᠬᠢᠯᠭᠠᠨ ᠤ ᠢᠯᠴᠢ ᠬᠠᠩᠭᠠᠬᠤ ᠥᠷᠲᠡᠭᠡ ᠪᠣᠯ ᠮᠠᠨ ᠤ ᠰᠢᠶᠠᠨ ᠤ ᠠᠩᠬᠠᠳᠠᠭᠴᠢ ᠴᠡᠪᠡᠷ ᠡᠨᠧᠷᠭᠢ ᠪᠠᠷ ᠢᠯᠴᠢ ᠬᠠᠩᠭᠠᠬᠤ ᠢᠯᠴᠢ ᠬᠠᠩᠭᠠᠬᠤ ᠺᠣᠮᠫᠠᠨᠢ ᠪᠣᠯᠤᠨ᠎ᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1950 ᠲᠦᠮᠡᠨ ᠲᠥᠭᠦᠷᠢᠭ᠂ ᠰᠢᠨ᠎ᠡ ᠪᠠᠷ 2 ᠰᠠᠭᠤᠷᠢ 5WM ᠬᠠᠲᠠᠭᠤ ᠪᠡᠶᠡᠲᠦ ᠢᠯᠴᠢ ᠬᠠᠳᠠᠭᠠᠯᠠᠬᠤ ᠴᠠᠬᠢᠯᠭᠠᠨ ᠭᠦᠸᠧᠯᠦ ᠶᠢ ᠨᠡᠮᠡᠵᠦ᠂ ᠢᠯᠴᠢ ᠬᠠᠩᠭᠠᠬᠤ ᠲᠠᠯᠠᠪᠠᠢ ᠶᠢ 10 ᠲᠦᠮᠡ ᠨᠡᠮᠡᠭᠳᠡᠵᠦ᠂ ᠭᠤᠤᠯᠳᠠᠭᠤ ᠡᠷᠭᠢᠨ ᠲᠣᠭᠤᠷᠢᠨ ᠤ ᠵᠠᠰᠠᠭ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠤᠨ ᠲᠣᠪᠴᠢᠶ᠎ᠠ᠂ ᠨᠡᠶᠢᠲᠡ ᠶᠢᠨ ᠲᠦᠷᠢᠶᠡᠰᠦᠨ ᠠᠰᠠᠷ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠪᠠ ᠲᠠᠯᠠᠪᠤᠷ ᠢ ᠬᠠᠮᠤᠷᠴᠤ᠂ ᠵᠢᠯ ᠤᠨ ᠴᠠᠬᠢᠯᠭᠠᠨ ᠤ ᠬᠤᠷᠣᠭᠳᠠᠯ ᠤᠨ ᠬᠡᠮᠵᠢᠶ᠎ᠡ ᠪᠠᠷᠤᠭ 1500 ᠲᠦᠮᠡᠨ ᠭᠷᠠᠳᠦ᠋ᠰ᠂ ᠵᠢᠯ ᠪᠦᠷᠢ 4800 ᠲᠣᠨ ᠪᠠᠷᠢᠮᠵᠢᠶᠠᠲᠤ ᠨᠡᠭᠦᠷᠡᠰᠦ ᠠᠷᠪᠢᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠪᠠ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
   ᠮᠠᠨ ᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠭᠡᠭᠡᠯᠲᠡ ᠶᠢᠨ ᠶᠣᠰᠣᠯᠠᠯ ᠳᠤ ᠣᠷᠤᠯᠴᠠᠵᠠᠢ᠃                   ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                   ᠣᠷᠴᠢᠭᠤᠯᠤᠭᠴᠢ᠄ ᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2