ᠬᠤᠸᠠᠳᠧ ᠵᠠᠰᠠᠭ ᠠᠯᠪᠠᠨ ᠲᠠᠷᠬᠠᠭᠠᠭᠰᠠᠨ ﹇2020﹈110 ᠳ᠋ᠤᠭᠠᠷ ᠲᠣᠭᠠᠲᠤ | | ︽ᠬᠤᠸᠠᠳᠧ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠳᠤ᠄ | ︽ᠬᠤᠸᠠᠳᠧ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ︾ | ᠢ ᠰᠢᠶᠠᠨ ᠤ ᠵᠠᠰᠠᠭ ᠤᠨ ᠣᠷᠳᠣᠨ ᠤ 2020 ᠣᠨ ᠤ ᠠᠷᠪᠠᠨ ᠬᠤᠶᠠᠳᠤᠭᠠᠷ ᠤᠳᠠᠭᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | 2020 ᠣᠨ ᠤ 10 ᠰᠠᠷ᠎ᠠ ᠶᠢᠨ 14 ᠤ ᠡᠳᠦᠷ | ᠬᠤᠸᠠᠳᠧ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠶᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠬᠠᠷᠢᠶᠠᠨ ᠳᠤ ᠪᠠᠶᠢᠭ᠎ᠠ ᠴᠠᠭᠠᠨᠨᠠᠭᠤᠷ ᠤᠨ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠰᠡᠳᠬᠢᠴᠡ | ︵ᠨᠢᠭᠡ︶ ᠵᠢᠯᠣᠭᠤᠳᠬᠤ ᠦᠵᠡᠯ ᠰᠠᠨᠠᠭ᠎ᠠ | ᠶᠡᠷᠦᠩᠬᠡᠶ ᠱᠦᠵᠢ ᠰᠢ ᠶᠢᠨ ᠫᠢᠩ ᠤᠨ ᠴᠠᠭᠠᠨᠨᠠᠭᠤᠷ ᠤᠨ ᠠᠮᠢ ᠠᠬᠤᠶ ᠶᠢᠨ ᠠᠮᠤᠷ ᠲᠦᠪᠰᠢᠨ ᠤ ᠲᠤᠬᠠᠶ | ᠴᠢᠬᠤᠯᠠ ᠴᠣᠬᠤᠯᠠᠪᠤᠷᠢ ᠪᠣᠯᠤᠨ ᠬᠠᠨ ᠵᠧᠩ᠂ ᠬᠤ᠋ ᠴᠦᠨ ᠬᠤᠸᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ | ᠵᠢᠭᠤᠳᠤᠯᠭᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠬᠤᠯᠪᠣᠭᠳᠠᠯ ᠪᠦᠬᠦᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠴᠢᠩᠭ᠎ᠠ | ᠪᠣᠳᠠᠲᠠᠢ ᠲᠤᠯᠭᠠᠮ᠎ᠠ ᠰᠡᠳᠭᠢᠯᠭᠡ ᠪᠠᠷ ᠮᠠᠨ ᠤ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠤᠨ ᠲᠡᠦᠬᠡ ᠶᠢᠨ ᠪᠤᠢ | ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ᠴᠠᠭᠠᠨᠨᠠᠭᠤᠷ ᠤᠨ ᠰᠠᠪᠠ ᠭᠠᠵᠠᠷ ᠢ ᠵᠠᠰᠠᠵᠤ ᠬᠠᠮᠠᠭᠠᠯᠠᠬᠤ ᠠᠵᠢᠯ ᠢ | ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ | ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠶ ᠶᠢᠨ ᠠᠮᠤᠷ ᠲᠦᠪᠰᠢᠨ᠂ ᠠᠮᠤ | ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠶ ᠶᠢᠨ ᠬᠦᠭᠵᠢᠯᠲᠡ ᠪᠣᠯᠤᠨ ᠶᠠᠳᠠᠭᠤ ᠠᠴᠠ | ᠠᠩᠭᠢᠵᠢᠷᠠᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢ ᠶᠡᠷᠦᠩᠬᠡᠶᠢᠯᠡᠨ ᠪᠣᠳᠤᠯᠬᠢᠯᠠᠵᠤ᠂ ᠴᠠᠭᠠᠨᠨᠠᠭᠤᠷ ᠤᠨ ᠰᠠᠪᠠ | ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠤᠯ ᠪᠣᠯᠭᠠᠨ᠂ | ᠤᠰᠤᠨ ᠤ ᠡᠬᠢ ᠪᠠᠶᠠᠯᠢᠭ ᠢᠶᠠᠷ ᠬᠠᠲᠠᠭᠤ ᠬᠢᠵᠠᠭᠠᠷᠯᠠᠯ ᠪᠣᠯᠭᠠᠵᠤ᠂ ᠰᠠᠪᠠ ᠭᠠᠵᠠᠷ ᠤᠨ ᠳᠣᠲᠣᠷᠠᠬᠢ ᠶᠡᠷᠦᠩᠬᠡᠶᠢᠯᠡᠨ | ᠵᠠᠰᠠᠯᠲᠠ ᠶᠢ ᠴᠢᠩᠭᠠᠳᠬᠠᠵᠤ᠂ ᠰᠠᠪᠠ ᠭᠠᠵᠠᠷ ᠤᠨ ᠳᠣᠲᠣᠷᠠᠬᠢ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ | ᠠᠯᠬᠤᠮ ᠠᠯᠬᠤᠮ ᠢᠶᠠᠷ ᠰᠡᠷᠭᠦᠭᠡᠵᠦ᠂ ᠪᠡᠭᠡᠵᠢᠩ ᠲᠢᠶᠠᠨᠵᠢᠨ ᠾᠧᠪᠧᠢ ᠶᠢᠨ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠨ᠎ᠠ᠃ | ︵ᠬᠤᠶᠠᠷ︶ ᠵᠠᠰᠠᠬᠤ ᠬᠦᠷᠢᠶ᠎ᠡ ᠬᠡᠪᠴᠢᠶ᠎ᠡ | ᠮᠠᠨ ᠤ ᠰᠢᠶᠠᠨ ᠤ ᠳᠣᠲᠣᠷᠠᠬᠢ ᠴᠠᠭᠠᠨᠨᠠᠭᠤᠷ ᠤᠨ ᠰᠠᠪᠠ ᠭᠠᠵᠠᠷ ᠤᠨ ᠲᠠᠯᠠᠪᠠᠢ 1379.9 km2 ︵ᠡᠯ ᠵᠢᠶ | ᠨᠠᠭᠤᠷ ᠤᠨ ᠪᠢᠲᠡᠭᠦᠤ ᠤᠷᠤᠰᠬᠠᠯᠲᠤ ᠣᠷᠣᠨ ᠤ ᠲᠠᠯᠠᠪᠠᠢ 361 km2 ᠪᠠᠭᠲᠠᠨ᠎ᠠ᠃ ᠲᠠᠪᠤᠨ ᠠᠭᠤᠯᠠ | ᠭᠤᠣᠯ ᠤᠨ ᠳᠣᠲᠣᠷᠠᠬᠢ ᠤᠷᠤᠰᠬᠠᠯ ᠤᠨ ᠣᠷᠣᠨ ᠤ ᠲᠠᠯᠠᠪᠠᠢ ᠨᠢ 625 km2︶᠂ ᠰᠠᠪᠠ ᠭᠠᠵᠠᠷ ᠤᠨ | ᠬᠡᠪᠴᠢᠶᠡᠨ ᠳᠤ ᠪᠠᠶᠠᠨᠲᠠᠯ᠎ᠠ ᠰᠢᠶᠠᠩ᠂ ᠴᠤᠤᠶᠠᠩ ᠪᠠᠯᠭᠠᠰᠤ᠂ ᠳᠡᠪᠡᠭᠡᠲᠤ ᠰᠢᠶᠠᠩ᠂ ᠴᠠᠩᠱᠦ᠋ᠨ ᠪᠠᠯᠭᠠᠰᠤ᠂ | ᠭᠦᠨᠤᠯᠠᠭᠠᠨᠬᠤᠳᠳᠤᠭ ᠰᠢᠶᠠᠩ ᠨᠡᠶᠢᠲᠡ 5 ᠰᠢᠶᠠᠩ ᠪᠠᠯᠭᠠᠰᠤ 49 ᠵᠠᠰᠠᠭ ᠵᠠᠬᠢᠷᠭᠠᠨ ᠤ ᠲᠣᠰᠬᠤᠨ ᠪᠠᠭᠲᠠᠨ᠎ᠠ᠃ | ᠰᠠᠪᠠ ᠭᠠᠵᠠᠷ ᠳᠣᠲᠣᠷ᠎ᠠ 4 ᠤᠰᠤᠨ ᠴᠥᠭᠦᠷᠥᠮ ︵ᠡᠭᠦᠨ ᠳᠤ ᠪᠠᠭ᠎ᠠ ᠨᠢᠭᠡ ᠬᠡᠯᠪᠡᠷᠢ 2᠂ ᠪᠠᠭ᠎ᠠ ᠬᠤᠶᠠᠷ ᠬᠡᠯᠪᠡᠷᠢ | 2︶ ᠪᠠᠶᠢᠨ᠎ᠠ᠃ | ︵ᠭᠤᠷᠪᠠ︶ ᠠᠵᠢᠯ ᠤᠨ ᠬᠠᠷᠠᠯᠲᠠ | ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠰᠤᠯᠢᠭ ᠭᠠᠵᠠᠷ ᠢ ᠬᠠᠭᠤᠷᠠᠢ ᠪᠣᠯᠭᠠᠨ ᠥᠭᠡᠷᠡᠴᠢᠯᠡᠬᠦ ᠠᠵᠢᠯ ᠢ | ᠲᠦᠷᠭᠡᠳᠬᠡᠨ ᠠᠬᠢᠭᠤᠯᠵᠤ᠂ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ | ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠤᠰᠤᠯᠠᠯᠲᠠ ᠶᠢᠨ ᠰᠠᠭᠤᠷᠢ ᠲᠥᠬᠦᠭᠡᠷᠦᠮᠵᠢ ᠶᠢ ᠳᠡᠰ | ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠴᠠᠭᠠᠨᠨᠠᠭᠤᠷ ᠤᠨ ᠰᠠᠪᠠ ᠭᠠᠵᠠᠷ ᠲᠠᠬᠢ | ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠠᠯᠬᠤᠮ ᠠᠯᠬᠤᠮ ᠢᠶᠠᠷ ᠪᠢᠲᠡᠭᠦᠮᠵᠢᠯᠡᠵᠦ᠂ ᠭᠠᠵᠠᠷ ᠳᠣᠤᠷᠠᠬᠢ | ᠤᠰᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠭᠠᠵᠠᠷ ᠳᠣᠣᠷᠠᠬᠢ ᠤᠰᠤ ᠶᠢ ᠠᠪᠬᠤ | ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠦᠨ᠎ᠡ᠃ | 2025 ᠤᠨ ᠪᠣᠯᠬᠤ ᠳᠤ᠂ ᠮᠠᠨ ᠤ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ᠂ | ᠬᠠᠭᠤᠷᠠᠶ ᠲᠠᠷᠢᠮᠠᠯ ᠤᠨ ᠬᠤᠷ᠎ᠠ ᠶᠢᠨ ᠲᠠᠷᠢᠶᠠᠯᠠᠩ᠂ ᠡᠯᠪᠡᠭᠰᠤᠪᠤᠳ ᠲᠡᠵᠢᠭᠡᠯ ᠤᠨ ᠮᠠᠯ ᠠᠵᠤ ᠠᠬᠤᠶ ᠶᠢᠨ | ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠵᠦ᠂ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ | ᠨᠡᠮᠡᠭᠳᠡᠪᠡ᠃ | ᠬᠤᠶᠠᠷ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠤᠰᠤᠨ ᠤ ᠠᠮᠢ ᠠᠬᠤᠶ ᠶᠢ ᠰᠡᠷᠭᠦᠭᠡᠬᠦ ᠠᠵᠢᠯ ᠢ | ᠴᠢᠩᠭᠠᠳᠬᠠᠨ᠎ᠠ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ ᠡ ᠶᠢ | ᠴᠢᠩᠬ᠎ᠠ ᠬᠢᠵᠠᠭᠠᠷᠯᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠠᠬᠢᠭᠤᠯᠵᠤ᠂ ᠤᠰᠤ ᠪᠠᠷ | ᠤᠨᠠᠯᠲᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠶ ᠶᠢ ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠰᠤ ᠬᠡᠷᠡᠭᠯᠡᠬᠦ ᠵᠦᠶ ᠵᠣᠬᠢᠰ | ᠥᠬᠡᠶ ᠬᠡᠷᠡᠭᠴᠡᠭᠡ ᠶᠢ ᠡᠷᠡᠰ ᠬᠤᠷᠢᠭᠯᠠᠨ᠎ᠠ᠃ | ︵ᠨᠢᠭᠡ︶ ᠤᠰᠤ ᠬᠡᠷᠡᠭᠯᠡᠬᠦ ᠶᠡᠷᠦᠩᠬᠡᠶ ᠬᠡᠮᠵᠢᠶᠡᠨ ᠤ ᠬᠠᠷᠠᠯᠲᠠ ᠶᠢ ᠴᠢᠩᠭ᠎ᠠ ᠡᠵᠡᠮᠳᠡᠨ᠎ᠡ᠃ ᠮᠠᠨ ᠤ ᠰᠢᠶᠠᠨ ᠤ | ᠴᠠᠭᠠᠨᠨᠠᠭᠤᠷ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ | ᠣᠶᠢᠯᠠᠭᠠᠵᠤ᠂ ᠴᠠᠭᠠᠨᠨᠠᠭᠤᠷ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠨᠠᠷᠢᠨ | ᠬᠢᠨᠠᠮᠠᠭᠠᠢ ᠵᠠᠳᠠᠯᠵᠤ᠂ ᠮᠠᠨ ᠤ ᠰᠢᠶᠠᠨ ᠤ ᠴᠠᠩᠱᠦ᠋ᠨ ᠪᠠᠯᠭᠠᠰᠤ᠂ ᠴᠤᠤᠶᠠᠩ ᠪᠠᠯᠭᠠᠰᠤ᠂ ᠪᠠᠶᠠᠨᠲᠠᠯ᠎ᠠ ᠰᠢᠶᠠᠩ᠂ | ᠬᠦᠨᠤᠯᠠᠭᠠᠨᠬᠤᠳᠳᠤᠭ ᠰᠢᠶᠠᠩ᠂ ᠳᠡᠪᠡᠭᠡᠲᠤ ᠰᠢᠶᠠᠩ ᠤᠨ ᠬᠡᠷᠡᠭᠯᠡᠵᠦ ᠪᠣᠯᠬᠤ ᠤᠰᠤᠨ ᠤ ᠬᠡᠮᠵᠢᠶ᠎ᠡ ᠶᠢ ᠵᠣᠬᠢᠰᠲᠠᠢ | ᠲᠣᠭᠲᠠᠭᠠᠨ᠎ᠠ᠃ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠬᠠᠲᠠᠭᠤ ᠬᠢᠵᠠᠭᠠᠷᠯᠠᠯ ᠢ | ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠶᠢ ᠬᠠᠮᠢᠶᠠᠷᠤᠨ | ᠡᠵᠡᠮᠳᠡᠬᠦ ᠭᠦᠢᠴᠡᠳᠬᠡᠯ ᠲᠤᠭ᠎ᠠ ᠶᠢ ᠰᠤᠳᠤᠯᠤᠨ ᠲᠣᠭᠲᠠᠭᠠᠵᠤ᠂ ᠠᠮᠢᠳᠤᠷᠠᠯ᠂ ᠠᠮᠢ ᠠᠬᠤᠶ᠂ ᠠᠵᠤ | ᠦᠢᠯᠡᠳᠪᠤᠷᠢ ᠳᠤ ᠬᠡᠷᠡᠭᠯᠡᠬᠦ ᠤᠰᠤ ᠶᠢ ᠪᠠᠲᠤᠯᠠᠭᠰᠠᠨ ᠤᠷᠢᠲᠠᠯ ᠳᠣᠤᠷ᠎ᠠ᠂ ᠲᠠᠷᠢᠶᠠᠯᠠᠩ ᠤᠨ ᠤᠰᠤᠯᠠᠯᠲᠠ ᠳᠤ | ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠠᠰᠬᠠᠵᠤ᠂ 2021 — 2023 ᠣᠨ ᠳᠤ ᠤᠰᠤᠯᠢᠭ ᠭᠠᠵᠠᠷ ᠢ ᠬᠠᠭᠤᠷᠠᠢ | ᠪᠣᠯᠭᠠᠨ ᠥᠭᠡᠷᠡᠴᠢᠯᠡᠬᠦ 2 ᠲᠦᠮᠡᠨ ᠮᠥ ︵ᠡᠭᠦᠨ ᠳᠤ 2021 ᠣᠨ ᠳᠤ 1 ᠲᠦᠮᠡᠨ ᠮᠥ᠂ 2022 ᠣᠨ ᠳᠤ 0. | 5 ᠲᠦᠮᠡᠨ ᠮᠥ᠂ 2023 ᠣᠨ ᠳᠤ 0.5 ᠲᠦᠮᠡᠨ ᠮᠥ︶ ᠶᠢ ᠬᠡᠷᠡᠭᠵᠢᠭᠦᠯᠵᠦ᠂ ︽ᠬᠤᠸᠠᠳᠧ ᠰᠢᠶᠠᠨ ᠤ | ᠴᠠᠭᠠᠨᠨᠠᠭᠤᠷ ᠤᠨ ᠰᠠᠪᠠ ᠭᠠᠵᠠᠷ ᠤᠨ ᠶᠡᠷᠦᠩᠬᠡᠶᠢᠯᠡᠨ ᠵᠠᠰᠠᠯᠲᠠ ᠶᠢᠨ ᠤᠰᠤᠯᠢᠭ ᠭᠠᠵᠠᠷ ᠢ ᠬᠠᠭᠤᠷᠠᠢ ᠪᠣᠯᠭᠠᠨ | ᠥᠭᠡᠷᠡᠴᠢᠯᠡᠬᠦ ᠠᠵᠢᠯ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠡᠯ ᠤᠨ | ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ︵ ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ | ᠷᠦᠩ︔ ᠲᠦᠷᠦᠭᠦᠯᠡᠬᠦ ᠰᠠᠯᠠᠭ᠎ᠠ ᠮᠥᠴᠢᠷ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠡ᠂ | ᠡᠳ᠋ ᠤᠨ ᠵᠠᠰᠠᠭ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠡᠴᠦᠰ︶ | ︵ᠬᠤᠶᠠᠷ︶ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ 2020 ᠣᠨ ᠳᠤ 1.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠳᠡᠭᠡᠳᠦ ᠱᠠᠲᠤᠨ ᠤ ᠡᠳ᠋ ᠤᠨ | ᠵᠠᠰᠠᠭ ᠤᠨ ᠪᠡᠯᠡ ᠮᠥᠩᠭᠦᠨ ᠤ ᠳᠡᠮᠵᠢᠯᠭᠡ ᠶᠢ ᠢᠳᠡᠪᠬᠢᠯᠡᠨ ᠣᠯᠵᠤ᠂ ᠴᠠᠭᠠᠨᠨᠠᠭᠤᠷ ᠤᠨ ᠰᠠᠪᠠ ᠭᠠᠵᠠᠷ ᠤᠨ | ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠤᠰᠤᠨ ᠲᠠᠷᠢᠶ᠎ᠠ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ᠂ ᠳᠤᠰᠤᠯᠭᠠᠨ | ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ᠂ ᠪᠦᠷᠢᠨ ᠪᠦᠷᠬᠦᠪᠴᠢᠲᠦ ᠭᠤᠤ ᠳᠤ ᠪᠣᠷᠣᠭᠠᠨ ᠤ ᠬᠤᠷᠠᠮᠠᠯ | ᠤᠰᠤ ᠵᠡᠷᠭᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠤᠰᠤᠯᠭᠠᠨ | ᠤᠰᠤᠯᠠᠬᠤ ᠪᠠᠷ ᠥᠨᠳᠥᠷ ᠦᠷ᠎ᠡ ᠠᠰᠢᠭᠲᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠲᠦᠯᠬᠢᠨ | ᠠᠬᠢᠭᠤᠯᠵᠤ᠂ 2021 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1.5 ᠲᠦᠮᠡᠨ ᠮᠦ ᠬᠥᠭᠵᠢᠭᠦᠯᠬᠦ ᠪᠠᠷ | ᠴᠢᠷᠮᠠᠶᠢᠨ᠎ᠠ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ ᠲᠦᠷᠦᠭᠦᠯᠡᠬᠦ ᠰᠠᠯᠠᠭ᠎ᠠ ᠮᠥᠴᠢᠷ᠄ | ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ | ᠄ 2021 ᠣᠨ ᠤ ᠡᠴᠦᠰ︶ | ︵ᠭᠤᠷᠪᠠ︶ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠭᠰᠠᠨ ᠦᠷ᠎ᠡ ᠪᠦᠲᠦᠭᠡᠯ ᠢ | ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠨᠢᠭᠡᠨᠲᠡ ᠤᠰᠤᠨ ᠲᠠᠷᠢᠶ᠎ᠠ ᠶᠢ ᠪᠠᠭᠠᠰᠬᠠᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ | ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠣᠷᠣᠨ ᠪᠦᠰᠡ ᠪᠣᠯᠭᠠᠨ᠎ᠠ᠃ ᠰᠠᠪᠠ ᠭᠠᠵᠠᠷ ᠳᠣᠲᠣᠷᠠᠬᠢ ᠮᠠᠰᠢᠨ | ᠴᠠᠬᠢᠯᠭᠠᠨ ᠬᠤᠳᠳᠤᠭ ᠤᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠴᠠᠭᠠᠨᠨᠠᠭᠤᠷ ᠤᠨ | ᠰᠠᠪᠠ ᠭᠠᠵᠠᠷ ᠲᠠᠬᠢ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠠᠯᠬᠤᠮ ᠠᠯᠬᠤᠮ ᠢᠶᠠᠷ | ᠪᠢᠲᠡᠭᠦᠮᠵᠢᠯᠡᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ | ᠴᠠᠬᠢᠯᠭᠠᠨ ᠢᠶᠠᠷ ᠤᠰᠤ ᠨᠤᠭᠤᠯᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠪᠠ ᠭᠠᠵᠠᠷ ᠤᠨ 399 | ᠤᠰᠤᠨ ᠠᠰᠢᠭᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠤᠰᠤ ᠠᠪᠬᠤ ᠣᠶᠤᠨᠴᠢ ᠬᠡᠮᠵᠵᠢᠯᠲᠡ ᠶᠢᠨ | ᠲᠥᠬᠦᠭᠡᠷᠦᠮᠵᠢ ᠤᠭᠰᠠᠷᠠᠵᠤ᠂ 6.56 ᠲᠦᠮᠡᠨ ᠮᠦ ᠤᠰᠤᠯᠠᠯᠲᠠ ᠶᠢᠨ ᠲᠠᠯᠠᠪᠠᠶ ᠶᠢ ᠬᠢᠵᠠᠭᠠᠷᠯᠠᠵᠤ᠂ | ᠤᠰᠤᠯᠠᠯᠲᠠ ᠳᠤ ᠬᠡᠷᠡᠭᠯᠡᠬᠦ ᠤᠰᠤ ᠶᠢ ᠱᠠᠲᠤᠯᠢᠭ ᠬᠡᠯᠪᠡᠷᠢ ᠶᠢᠨ ᠤᠰᠤᠨ ᠤ ᠰᠦᠢᠳᠬᠡᠯ ᠬᠤᠷᠢᠶᠠᠵᠤ ᠠᠪᠬᠤ ᠶᠢ | ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ 2020 | ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠪᠡᠶᠡᠯᠡᠭᠦᠯᠦᠨ᠎ᠡ᠃ ᠡᠭᠦᠨ ᠤ ᠬᠠᠮᠲᠤ ᠤᠰᠤ ᠠᠪᠴᠤ ᠬᠡᠷᠡᠭᠯᠡᠬᠦ | ᠵᠥᠪᠰᠢᠶᠡᠷᠡᠯ ᠤᠨ ᠭᠠᠷᠳᠠᠮ ᠭᠦᠢᠴᠡᠳᠬᠡᠬᠦ ᠶᠢ ᠴᠢᠩᠭᠠᠳᠬᠠᠵᠤ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ | ᠰᠢᠨ᠎ᠡ ᠪᠠᠷ ᠨᠡᠮᠡᠭᠳᠡᠭᠦᠯᠬᠦ ᠶᠢ ᠬᠤᠷᠢᠭᠯᠠᠨ᠂ ᠰᠠᠪᠠ ᠭᠠᠵᠠᠷ ᠲᠠᠬᠢ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠭᠠᠵᠠᠷ ᠳᠣᠤᠷᠠᠬᠢ ᠤᠰᠤᠨ ᠤ ᠲᠦᠪᠰᠢᠨ ᠤ ᠵᠢᠯ ᠳᠠᠷᠠᠭᠠᠯᠠᠨ ᠳᠡᠭᠡᠭᠰᠢᠯᠡᠬᠦ ᠶᠢ ᠦᠨᠡᠨᠬᠦ | ᠪᠠᠲᠤᠯᠠᠨ᠎ᠠ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ ᠲᠦᠷᠦᠭᠦᠯᠡᠬᠦ ᠰᠠᠯᠠᠭ᠎ᠠ ᠮᠥᠴᠢᠷ᠄ | ᠤᠰᠤᠨ ᠠᠰᠢᠭᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠰᠡᠭᠦᠯᠴᠢ︶ | ︵ᠳᠥᠷᠪᠡ︶ ᠭᠠᠵᠠᠷ ᠳᠣᠤᠷᠠᠬᠢ ᠤᠰᠤ ᠶᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠴᠠᠭᠠᠨᠨᠠᠭᠤᠷ ᠤᠨ ᠰᠠᠪᠠ ᠭᠠᠵᠠᠷ ᠲᠤ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠴᠡᠭ ᠨᠡᠮᠡᠵᠦ᠂ | ᠴᠠᠭᠠᠨᠨᠠᠭᠤᠷ ᠤᠨ ᠰᠠᠪᠠ ᠭᠠᠵᠠᠷ ᠢ ᠪᠦᠷᠬᠦᠭᠰᠡᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠰᠢᠰᠲ᠋ᠧᠮ ᠢ | ᠪᠠᠶᠢᠭᠤᠯᠵᠤ᠂ ᠭᠠᠵᠠᠷ ᠳᠣᠣᠷᠠᠬᠢ ᠤᠰᠤᠨ ᠤ ᠤᠰᠤᠨ ᠲᠦᠪᠰᠢᠨ ᠤ ᠬᠤᠪᠢᠷᠠᠯᠲᠠ ᠶᠢᠨ ᠪᠠᠶᠢᠳᠠᠯ ᠢ ᠴᠠᠭ | ᠲᠤᠬᠠᠢ ᠳᠤᠨᠢ ᠬᠢᠨᠠᠨ ᠡᠵᠡᠮᠳᠡᠨ᠎ᠡ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ ᠲᠦᠷᠦᠭᠦᠯᠡᠬᠦ | ᠰᠠᠯᠠᠭ᠎ᠠ ᠮᠥᠴᠢᠷ᠄ ᠤᠰᠤᠨ ᠠᠰᠢᠭᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ | ᠰᠡᠭᠦᠯᠴᠢ︶ | ᠭᠤᠷᠪᠠ᠄ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ | ︵ᠨᠢᠭᠡ︶ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠎ᠠ᠃ ᠬᠠᠭᠤᠷᠠᠶ ᠲᠠᠷᠢᠶᠠᠯᠠᠭ᠎ᠠ ᠶᠢᠨ | ᠲᠠᠷᠢᠶᠠᠯᠠᠩ᠂ ᠪᠣᠷᠣᠭᠠᠨ ᠳᠤ ᠲᠣᠬᠢᠷᠠᠬᠤ ᠲᠠᠷᠢᠶᠠᠯᠠᠩ᠂ ᠬᠠᠭᠤᠷᠠᠶ ᠲᠠᠷᠢᠮᠠᠯ ᠤᠨ ᠪᠦᠷᠢᠨ ᠪᠦᠷᠬᠦᠪᠴᠢᠲᠦ ᠲᠠᠷᠢᠬᠤ | ᠮᠡᠷᠭᠡᠵᠢᠯ ᠢ ᠳᠡᠯᠭᠡᠷᠡᠭᠦᠯᠵᠦ᠂ ᠢᠳᠡᠰᠢᠨ ᠨᠣᠭᠤᠭ᠎ᠠ᠂ ᠰᠢᠬᠢᠷ ᠯᠤᠤᠪᠠᠩ᠂ ᠲᠥᠮᠥᠰᠥ᠂ ᠨᠡᠷᠡᠨ ᠬᠤᠸᠠᠷ ᠵᠡᠷᠭᠡ ᠤᠰᠤ | ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠢ ᠶᠢ ᠪᠠᠭᠠᠰᠬᠠᠵᠤ᠂ ᠣᠷᠭᠠᠨᠢᠭ ᠨᠣᠬᠠᠶ ᠶᠢᠨ ᠬᠤᠰᠢᠭᠤ᠂ ᠪᠤᠭᠤᠳᠠᠢ᠂ | ᠡᠯᠳᠡᠪ ᠠᠮᠤ ᠡᠯᠳᠡᠪ ᠪᠤᠷᠴᠠᠭ ᠵᠡᠷᠭᠡ ᠤᠰᠤ ᠪᠠᠭ᠎ᠠ ᠬᠤᠷᠣᠭᠳᠠᠯ ᠲᠠᠢ ᠭᠠᠩ ᠬᠠᠭᠰᠠᠷᠠᠭᠠᠨ ᠳᠤ ᠲᠡᠰᠪᠦᠷᠢᠲᠡᠶ | ᠲᠠᠷᠢᠮᠠᠯ ᠢ ᠥᠭᠡᠷᠡᠴᠢᠯᠡᠨ ᠲᠠᠷᠢᠨ᠎ᠠ᠃ ᠬᠢᠵᠠᠭᠠᠷ ᠲᠠᠢ ᠤᠰᠤᠨ ᠤ ᠡᠬᠢ ᠪᠠᠶᠠᠯᠢᠭ ᠤᠨ ᠨᠥᠬᠦᠴᠡᠯ ᠳᠣᠤᠷ᠎ᠠ᠂ ᠥᠨᠳᠥᠷ | ᠨᠡᠮᠡᠯᠲᠡ ᠦᠷᠳᠡᠭ ᠲᠠᠢ ᠭᠤᠸ᠎ᠠ ᠵᠢᠮᠢᠰ ᠤᠨ ᠲᠠᠷᠢᠮᠠᠯ ᠢ ᠬᠥᠭᠵᠢᠭᠦᠯᠦᠨ᠎ᠡ᠃ ︵ᠲᠦᠷᠦᠭᠦᠯᠡᠬᠦ ᠤᠳᠤᠷᠢᠳᠤᠯᠭ᠎ᠠ᠄ ᠵᠠᠩ | ᠭᠥᠸᠧ ᠷᠦᠩ︔ ᠲᠦᠷᠦᠭᠦᠯᠡᠬᠦ ᠰᠠᠯᠠᠭ᠎ᠠ ᠮᠥᠴᠢᠷ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ | ᠴᠠᠭ ᠤᠨ ᠬᠢᠵᠠᠭᠠᠷ ᠨᠢ᠄ 2021 ᠣᠨ ᠤ 3 ᠰᠠᠷ᠎ᠠ ᠶᠢᠨ ᠰᠡᠭᠦᠯᠴᠢ︶ | ︵ᠬᠤᠶᠠᠷ︶ ᠡᠪᠡᠰᠦᠨ ᠲᠡᠵᠢᠭᠡᠯᠲᠦ ᠮᠠᠯ ᠠᠵᠤ ᠠᠬᠤᠶ ᠶᠢ ᠢᠳᠡᠪᠬᠢᠲᠡᠶ ᠪᠠᠷ ᠬᠦᠭᠵᠢᠭᠦᠯᠦᠨ᠎ᠡ᠃ ᠬᠥᠷᠥᠰᠥᠨ ᠤ | ᠶᠠᠰᠤ ᠴᠢᠨᠠᠷ ᠤᠨ ᠪᠠᠷᠢᠮᠵᠢᠶ᠎ᠠ ᠳᠣᠣᠷ᠎ᠠ᠂ ᠲᠠᠷᠢᠮᠠᠯ ᠤᠨ ᠦᠷ᠎ᠡ ᠠᠰᠢᠭ ᠠᠨᠠᠶ᠂ ᠪᠦᠲᠦᠮᠵᠢᠲᠡᠶ ᠲᠤᠰᠤᠯᠠᠭᠠᠨ | ᠤᠰᠤᠯᠠᠵᠤ ᠴᠢᠳᠠᠬᠤ ᠦᠭᠡᠢ ᠲᠠᠷᠢᠶᠠᠨ ᠭᠠᠵᠠᠷ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠪᠠ | ᠣᠷᠭᠠᠨᠢᠭ ᠬᠠᠭᠤᠷᠠᠶ ᠲᠠᠷᠢᠶᠠᠯᠠᠩ ᠢ ᠲᠠᠷᠢᠨ᠎ᠠ᠃ ᠴᠠᠷᠭᠠᠰᠤ᠂ ᠳᠠᠷᠤᠰᠢᠭᠤᠯᠤᠭᠰᠠᠨ ᠡᠷᠳᠡᠨᠢ ᠰᠢᠰᠢ᠂ ᠨᠣᠬᠠᠶ ᠶᠢᠨ | ᠬᠤᠰᠢᠭᠤ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠬᠤ ᠶᠢ ᠳᠡᠯᠭᠡᠷᠡᠭᠦᠯᠵᠦ᠂ ᠡᠪᠡᠰᠦᠨ ᠲᠡᠵᠢᠭᠡᠯᠲᠦ ᠮᠠᠯ ᠠᠵᠤ | ᠠᠬᠤᠶ ᠶᠢ ᠢᠳᠡᠪᠬᠢᠲᠡᠶ ᠬᠥᠭᠵᠢᠭᠦᠯᠦᠨ᠎ᠡ᠃ ᠮᠢᠬᠠᠨ ᠤ ᠦᠬᠡᠷ᠂ ᠮᠢᠬᠠᠨ ᠤ ᠡᠯᠵᠢᠭᠡ ᠲᠡᠵᠢᠭᠡᠨ ᠦᠷᠡᠵᠢᠭᠦᠯᠬᠦ | ᠦᠢᠯᠡᠰ ᠪᠠ ᠣᠨᠴᠠᠯᠢᠭᠲᠤ ᠬᠢᠲᠠᠳ ᠡᠪᠡᠰᠦᠨ ᠡᠮ ᠲᠠᠷᠢᠬᠤ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ | ᠬᠡᠯᠪᠡᠷᠢ ᠶᠢᠨ ᠬᠤᠪᠢᠷᠠᠭᠤᠯᠤᠯᠲᠠ ᠪᠣᠯᠤᠨ ᠪᠣᠬᠢᠷᠲᠤᠯ ᠦᠭᠡᠶ ᠬᠥᠭᠵᠢᠯᠲᠡ ᠶᠢ ᠪᠡᠶᠡᠯᠡᠭᠦᠯᠵᠦ᠂ ᠴᠠᠭᠠᠨᠨᠠᠭᠤᠷ ᠤᠨ ᠰᠠᠪᠠ | ᠭᠠᠵᠠᠷ ᠤᠨ ᠵᠠᠰᠠᠯᠲᠠ ᠶᠢ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠢᠭ ᠪᠣᠯᠭᠠᠵᠤ᠂ | ᠲᠠᠷᠢᠶᠠᠴᠢᠳ ᠢ ᠠᠮᠢ ᠠᠬᠤᠶ ᠶᠢ ᠬᠠᠮᠠᠭᠠᠯᠠᠬᠤ ᠶᠢᠨ ᠬᠠᠮᠲᠤ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ | ᠪᠠᠲᠤᠯᠠᠵᠤ᠂ 2021 — 2023 ᠣᠨ ᠳᠤ ᠠᠮᠤ ᠪᠤᠳᠠᠭ᠎ᠠ ᠶᠢ 1.66 ᠲᠦᠮᠡᠨ ᠮᠦ ᠪᠣᠯᠭᠠᠨ | ᠥᠭᠡᠷᠡᠴᠢᠯᠡᠬᠦ ᠪᠠᠷ ᠪᠠᠶᠢᠨ᠎ᠠ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ ᠲᠦᠷᠦᠭᠦᠯᠡᠬᠦ ᠰᠠᠯᠠᠭ᠎ᠠ | ᠮᠥᠴᠢᠷ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ | ᠰᠡᠭᠦᠯᠴᠢ︶ | ᠳᠥᠷᠪᠡ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠪᠠ ᠤᠷᠭᠤᠮᠠᠯ ᠤᠨ ᠬᠤᠴᠢᠯᠭ᠎ᠠ ᠶᠢ | ᠰᠢᠯᠢᠳᠡᠭᠵᠢᠭᠦᠯᠬᠦ ᠶᠢ ᠴᠢᠩᠭᠠᠷᠠᠭᠤᠯᠤᠨ᠎ᠠ | ᠮᠠᠨ ᠤ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠤᠨ ᠬᠡᠪᠴᠢᠶᠡᠨ ᠳᠠᠬᠢ ᠤᠰᠤᠨ ᠳᠤ ᠬᠤᠯᠪᠣᠭᠳᠠᠭᠰᠠᠨ ᠠᠵᠤ | ᠠᠬᠤᠶᠢᠯᠠᠯ ᠤᠨ ᠪᠣᠬᠢᠷ ᠤᠰᠤ᠂ ᠬᠠᠶᠠᠭᠳᠠᠮᠠᠯ ᠤᠰᠤ ᠭᠠᠳᠠᠭᠰᠢᠯᠠᠭᠤᠯᠤᠭᠰᠠᠨ ᠪᠠᠶᠢᠳᠠᠯ ᠢ ᠬᠢᠨᠠᠨ ᠬᠡᠮᠵᠢᠵᠦ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠪᠣᠬᠢᠷ ᠤᠰᠤ ᠶᠢᠨ ᠭᠠᠳᠠᠭᠰᠢᠯᠠᠯᠲᠠ ᠨᠢ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠵᠤ᠂ ᠪᠣᠬᠢᠷ ᠤᠰᠤ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ᠂ | ᠵᠦᠶ ᠵᠣᠬᠢᠰᠲᠠᠶ ᠠᠰᠢᠭᠯᠠᠨ᠎ᠠ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠢᠴᠢ | ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ᠃ | ︵ᠨᠢᠭᠡ︶ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠳᠬᠠᠨ᠎ᠠ᠃ ᠤᠰᠤ ᠠᠪᠬᠤ ᠵᠥᠪᠰᠢᠶᠡᠷᠡᠯ ᠤᠨ ᠦᠨᠡᠮᠯᠡᠯ ᠦᠭᠡᠢ ᠪᠠᠷ ᠭᠠᠵᠠᠷ ᠳᠣᠤᠷᠠᠬᠢ ᠤᠰᠤ᠂ ᠳᠤᠮᠳᠠ | ᠤᠰᠤ ᠶᠢ ᠲᠠᠲᠠᠵᠤ ᠬᠡᠷᠡᠭᠯᠡᠬᠦ ᠠᠵᠤ ᠠᠬᠤᠶᠢᠯᠠᠯ ᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠠᠵᠤ | ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠲᠦᠷᠭᠡᠬᠡᠨ | ᠭᠦᠢᠴᠡᠳᠬᠡᠬᠦ ᠬᠡᠷᠡᠭᠲᠡᠶ᠃ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠢᠳᠡᠭᠡᠨ ᠪᠠ ᠡᠮ ᠤᠨ ᠵᠦᠢᠯ ᠢ | ᠪᠣᠯᠪᠠᠰᠤᠷᠠᠭᠤᠯᠬᠤ ᠪᠠ ᠴᠡᠪᠡᠷ ᠠᠮᠢᠳᠤᠷᠠᠯ ᠤᠨ ᠤᠰᠤ ᠬᠡᠷᠡᠭᠯᠡᠬᠦ ᠠᠵᠤ ᠠᠬᠤᠶᠢᠯᠠᠯ ᠳᠤ᠂ ᠰᠢᠶᠠᠨ ᠤ ᠤᠰᠤᠨ | ᠠᠰᠢᠭᠯᠠᠯᠲᠠ ᠶᠢᠨ ᠲᠣᠪᠴᠢᠶ᠎ᠠ ᠨᠢ ᠡᠯ᠎ᠡ ᠰᠢᠶᠠᠩ ᠪᠠᠯᠭᠠᠰᠤᠨ ᠳᠤ ᠬᠠᠮᠵᠢᠯᠴᠠᠨ᠂ ᠠᠵᠤ ᠠᠬᠤᠶᠢᠯᠠᠯ ᠢ ᠰᠢᠮᠳᠠᠭᠤᠯᠤᠨ | ᠵᠢᠯᠣᠭᠤᠳᠴᠤ ᠪᠠᠶᠢᠭᠠᠳ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠰᠤ ᠠᠪᠬᠤ | ᠵᠥᠪᠰᠢᠶᠡᠷᠡᠯ ᠤᠨ ᠭᠠᠷᠳᠠᠮ ᠢ ᠭᠦᠢᠴᠡᠳᠬᠡᠬᠦ ᠬᠡᠷᠡᠭᠲᠡᠶ᠃ ᠭᠠᠵᠠᠷ ᠳᠣᠣᠷᠠᠬᠢ ᠤᠰᠤᠨ ᠤ ᠤᠰᠤ ᠠᠪᠬᠤ | ᠵᠥᠪᠰᠢᠶᠡᠷᠡᠯ ᠤᠨ ᠦᠨᠡᠮᠯᠡᠯ ᠢ ᠨᠢᠭᠡᠨᠲᠡ ᠭᠦᠢᠴᠡᠳᠬᠡᠭᠰᠡᠨ ᠠᠵᠤ ᠠᠬᠤᠶᠢᠯᠠᠯ ᠳᠤ᠂ ᠦᠢᠯᠡᠳᠪᠤᠷᠢᠯᠡᠯ ᠳᠤ ᠬᠡᠷᠡᠭᠯᠡᠬᠦ | ᠤᠰᠤ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠠᠴᠠ ᠳᠤᠮᠳᠠ ᠤᠰᠤᠨ | ᠰᠤᠷᠪᠤᠯᠵᠢ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ ᠢ ᠬᠠᠮᠲᠤᠪᠡᠷ ᠨᠠᠶᠢᠳᠠᠪᠤᠷᠢᠵᠢᠭᠤᠯᠵᠤ᠂ | 2020 ᠣᠨ ᠤ ᠰᠡᠭᠦᠯᠴᠢ ᠶᠢᠨ ᠳᠤᠮᠳᠠ ᠤᠰᠤ ᠶᠢ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ | ᠪᠦᠬᠦᠨ ᠢ ᠠᠵᠢᠯ ᠢᠶᠠᠨ ᠳᠠᠭᠤᠰᠬᠠᠨ᠎ᠠ᠃ ᠠᠵᠤ ᠠᠬᠤᠶᠢᠯᠠᠯ ᠤᠨ ᠦᠢᠯᠡᠳᠪᠤᠷᠢᠯᠡᠯ ᠳᠤ ᠬᠡᠷᠡᠭᠯᠡᠬᠦ ᠤᠰᠤ ᠶᠢ | ᠪᠥᠬᠦᠳᠡ ᠶᠢ ᠳᠤᠮᠳᠠ ᠤᠰᠤ ᠪᠠᠷ ᠬᠠᠩᠭᠠᠬᠤ ᠪᠣᠯᠭᠠᠨ ᠥᠭᠡᠷᠡᠴᠢᠯᠡᠨ᠎ᠡ᠃ ᠴᠠᠭᠠᠨ ᠨᠠᠭᠤᠷ ᠤᠨ ᠰᠠᠪᠠ ᠭᠠᠵᠠᠷ ᠲᠠᠬᠢ | 27 ᠠᠵᠤ ᠦᠢᠯᠡᠳᠪᠤᠷᠢ ᠶᠢᠨ ᠠᠵᠤ ᠠᠬᠤᠶᠢᠯᠠᠯ ᠳᠤ ᠠᠯᠤᠰ ᠤᠨ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ᠂ | ᠠᠯᠤᠰ ᠠᠴᠠ ᠴᠠᠭ ᠲᠤᠬᠠᠶ ᠳᠤᠨᠢ ᠬᠢᠨᠠᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠠᠵᠤ ᠦᠢᠯᠡᠳᠪᠤᠷᠢ ᠶᠢᠨ | ᠤᠰᠤ ᠠᠷᠪᠢᠯᠠᠬᠤ ᠶᠠᠪᠤᠳᠠᠯ ᠢ ᠠᠬᠢᠭᠤᠯᠤᠨ᠎ᠠ᠃ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠰᠠᠪᠠ ᠭᠠᠵᠠᠷ ᠲᠠᠬᠢ ᠤᠰᠤ ᠭᠠᠳᠠᠭᠰᠢᠯᠠᠭᠤᠯᠬᠤ ᠠᠵᠤ ᠠᠬᠤᠶᠢᠯᠠᠯ ᠳᠤ ᠬᠢᠨᠠᠯᠲᠠ ᠲᠠᠯᠪᠢᠬᠤ ᠴᠢᠨᠠᠷᠲᠠᠶ | ᠬᠢᠨᠠᠨ ᠬᠡᠮᠵᠢᠯᠲᠡ ᠬᠢᠵᠦ᠂ ᠤᠰᠤᠨ ᠤ ᠴᠢᠨᠠᠷ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠴᠠᠭ ᠲᠤᠬᠠᠶ ᠳᠤᠨᠢ | ᠵᠠᠷᠯᠠᠨ ᠰᠡᠷᠡᠮᠵᠢᠯᠡᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ | ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠪᠠ | ᠭᠠᠵᠠᠷ ᠤᠨ ᠳᠣᠲᠣᠷᠠᠬᠢ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯᠯᠠᠭᠠᠨ ᠢ ᠲᠣᠭᠲᠠᠭᠤᠨ ᠪᠠᠶᠢᠯᠭᠠᠵᠤ᠂ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠤᠨ᠂ | ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠴᠠᠭᠠᠨᠨᠠᠭᠤᠷ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠶᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠡᠷᠭᠡ | ᠴᠢᠬᠤᠯᠠ ᠶᠡᠭᠡ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠠᠶᠢᠴᠠᠭᠠᠯᠲᠠ ᠶᠢᠨ ᠭᠤᠤᠯᠳᠠᠯᠭ᠎ᠠ ᠳᠤ ᠵᠢᠭᠰᠠᠭᠠᠨ | ᠣᠷᠣᠭᠤᠯᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠲᠠᠷᠤᠢ ᠬᠡᠷᠡᠭᠵᠢᠭᠦᠯᠵᠦ ᠲᠡᠷᠡ ᠳᠠᠷᠤᠢ ᠥᠭᠡᠷᠡᠴᠢᠯᠡᠨ᠎ᠡ᠃ ︵ | ᠲᠦᠷᠦᠭᠦᠯᠡᠬᠦ ᠤᠳᠤᠷᠢᠳᠤᠯᠭ᠎ᠠ᠄ ᠰᠢᠤᠸᠠᠢ ᠶᠦᠩ︔ ᠲᠦᠷᠦᠭᠦᠯᠡᠬᠦ ᠰᠠᠯᠠᠭ᠎ᠠ ᠮᠥᠴᠢᠷ᠄ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠠᠵᠤ | ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠡᠴᠦᠰ︶ | ︵ᠬᠤᠶᠠᠷ︶ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠴᠠᠭᠠᠨᠨᠠᠭᠤᠷ ᠤᠨ ᠰᠠᠪᠠ ᠭᠠᠵᠠᠷ ᠤᠨ ᠦᠷᠭᠦᠯᠵᠢᠯᠡᠨ ᠲᠠᠷᠢᠶᠠᠯᠠᠬᠤ ᠳᠤ ᠲᠣᠬᠢᠷᠠᠬᠤ ᠦᠭᠡᠢ ᠲᠠᠷᠢᠶᠠᠨ ᠭᠠᠵᠠᠷ ᠢ | ᠲᠥᠷᠥᠯ ᠬᠤᠪᠢᠶᠠᠨ ᠪᠦᠷᠢᠳᠬᠡᠵᠦ᠂ ᠲᠠᠷᠢᠶᠠᠯᠠᠬᠤ ᠪᠠᠨ ᠵᠣᠭᠰᠣᠭᠰᠠᠨ ᠲᠠᠯᠠᠪᠠᠢ᠂ ᠲᠠᠷᠬᠠᠯᠲᠠ ᠶᠢ ᠬᠢᠨᠠᠨ | ᠬᠠᠷᠭᠤᠭᠤᠯᠵᠤ᠂ ᠲᠠᠷᠢᠶᠠᠯᠠᠬᠤ ᠪᠠᠨ ᠵᠣᠭᠰᠤᠭᠠᠵᠤ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠪᠠ ᠬᠡᠷᠡᠭᠴᠡᠭᠡ | ᠱᠠᠭᠠᠷᠳᠠᠯᠭ᠎ᠠ ᠶᠢ ᠰᠤᠳᠤᠯᠤᠨ ᠳᠤᠷᠠᠳᠤᠨ᠎ᠠ᠃ ᠴᠠᠭᠠᠨᠨᠠᠭᠤᠷ ᠤᠨ ᠰᠠᠪᠠ ᠭᠠᠵᠠᠷ ᠤᠨ ᠳᠣᠲᠣᠷᠠᠬᠢ ᠪᠡᠯᠴᠢᠭᠡᠷ ᠤᠨ | ᠬᠠᠮᠢᠶᠠᠷᠤᠯᠲᠠ᠂ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠮᠠᠭᠤᠵᠢᠷᠠᠭᠰᠠᠨ᠂ ᠡᠯᠡᠰᠦᠷᠬᠡᠭᠵᠢᠭᠰᠡᠨ᠂ | ᠬᠤᠵᠢᠷᠰᠢᠭᠰᠠᠨ ᠨᠤᠲᠤᠭ ᠪᠡᠯᠴᠢᠭᠡᠷ ᠢ ᠪᠦᠬᠦ ᠲᠠᠯ᠎ᠠ ᠪᠠᠷ ᠮᠠᠯᠵᠢᠬᠤ ᠶᠢ ᠴᠠᠭᠠᠵᠠᠯᠠᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠲᠦᠷᠭᠡᠳᠬᠡᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢ | ᠴᠢᠩᠭᠠᠳᠬᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ | ᠲᠦᠷᠦᠭᠦᠯᠡᠬᠦ ᠰᠠᠯᠠᠭ᠎ᠠ ᠮᠥᠴᠢᠷ᠄ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2021 ᠣᠨ ᠤ ᠡᠴᠦᠰ︶ | ︵ᠭᠤᠷᠪᠠ︶ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ | ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ᠴᠠᠭᠠᠨᠨᠠᠭᠤᠷ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠨᠢ ᠤᠮᠠᠷᠠᠲᠤ ᠣᠷᠣᠨ ᠤ ᠡᠯᠡᠰᠦᠷᠭᠡᠭᠵᠢᠯ ᠢ ᠰᠡᠷᠭᠡᠶᠢᠯᠡᠬᠦ ᠪᠦᠰᠡ ᠶᠢᠨ | ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠯᠥᠪᠵᠢᠭᠦᠯᠭᠡ ᠶᠢᠨ | ᠭᠤᠤᠯᠳᠠᠯᠭ᠎ᠠ ᠲᠠᠢ ᠢᠨᠵᠧᠨᠧᠷᠢᠩ ᠤᠨ ᠠᠭᠤᠯᠭ᠎ᠠ ᠪᠣᠯᠤᠭᠰᠠᠨ ᠤ ᠬᠤᠪᠢ ᠳᠤ ᠠᠭᠤᠯᠠ ᠤᠰᠤ ᠣᠶ ᠰᠢᠭᠤᠶ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠲᠦᠯᠬᠢᠨ ᠠᠬᠢᠭᠤᠯᠵᠤ᠂ | ᠴᠠᠭᠠᠨᠨᠠᠭᠤᠷ ᠤᠨ ᠰᠠᠪᠠ ᠭᠠᠵᠠᠷ ᠤᠨ ᠨᠤᠭᠤ ᠭᠠᠵᠠᠷ᠂ ᠲᠠᠯ᠎ᠠ ᠨᠤᠲᠤᠭ᠂ ᠣᠢ ᠰᠢᠭᠤᠶ ᠶᠢᠨ ᠬᠠᠮᠠᠭᠠᠯᠠᠯᠲᠠ ᠶᠢᠨ | ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠦᠲᠦᠭᠡᠨ ᠪᠠᠶᠢᠭᠤᠯᠬᠤ ᠬᠠᠷᠠᠯᠲᠠ ᠪᠠᠨ ᠲᠣᠳᠣᠷᠬᠠᠶᠢᠯᠠᠨ᠂ | ᠪᠦᠲᠦᠭᠡᠨ ᠪᠠᠶᠢᠭᠤᠯᠬᠤ ᠡᠭᠦᠷᠭᠡ ᠪᠠᠨ ᠵᠦᠶ ᠵᠣᠬᠢᠰᠲᠠᠶ ᠲᠣᠭᠲᠠᠭᠠᠵᠤ᠂ ᠭᠤᠤᠯᠳᠠᠯᠭ᠎ᠠ ᠲᠠᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠮᠢ ᠠᠬᠤᠢ ᠶᠢᠨ ᠤᠰᠤ ᠨᠥᠬᠦᠪᠥᠷᠢᠯᠡᠬᠦ | ᠵᠠᠮ ᠢ ᠰᠢᠯᠤᠭᠤᠳᠬᠠᠵᠤ᠂ ᠰᠠᠪᠠ ᠭᠠᠵᠠᠷ ᠤᠨ ᠳᠣᠲᠣᠷᠠᠬᠢ ᠤᠰᠤᠨ ᠴᠥᠭᠦᠷᠥᠮ ᠤᠨ ᠠᠮᠢ ᠠᠬᠤᠢ ᠶᠢᠨ ᠤᠷᠤᠰᠴᠠ ︵ | ᠤᠰᠤᠨ ᠤ ᠬᠡᠮᠵᠢᠶ᠎ᠡ︶ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ | ᠷᠦᠩ︔ ᠲᠦᠷᠦᠭᠦᠯᠡᠬᠦ ᠰᠠᠯᠠᠭ᠎ᠠ ᠮᠥᠴᠢᠷ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︔ | ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠡᠴᠦᠰ︶ | ︵ᠳᠥᠷᠪᠡ︶ ᠣᠢ ᠮᠣᠳᠣᠨ ᠤ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠎ᠠ᠃ ᠮᠠᠭᠤᠳᠠᠭᠰᠠᠨ ᠬᠠᠯᠬᠠᠪᠴᠢ | ᠣᠢ ᠶᠢ ᠵᠠᠰᠠᠨ ᠰᠡᠷᠭᠦᠭᠡᠬᠦ ᠲᠠᠢ ᠤᠶᠠᠯᠳᠤᠭᠤᠯᠤᠨ᠂ ᠬᠥᠮᠦᠨ ᠤ ᠬᠦᠴᠦ ᠪᠠᠷ ᠵᠠᠶᠢᠯᠠᠭᠰᠠᠨ ᠤᠯᠢᠶᠠᠰᠤ ᠵᠡᠷᠭᠡ ᠤᠰᠤ | ᠶᠡᠭᠡ ᠬᠤᠷᠣᠭᠳᠠᠭᠤᠯᠬᠤ ᠮᠣᠳᠣᠨ ᠤ ᠲᠥᠷᠥᠯ ᠢ ᠠᠯᠬᠤᠮ ᠠᠯᠬᠤᠮ ᠢᠶᠠᠷ ᠭᠠᠩ ᠬᠠᠭᠤᠷᠠᠶ ᠬᠦᠢᠲᠡᠨ ᠳᠤ ᠲᠡᠰᠪᠦᠷᠢᠲᠡᠶ | ᠪᠤᠲᠠ ᠮᠣᠳᠣ ᠵᠡᠷᠭᠡ ᠮᠣᠳᠣᠨ ᠤ ᠲᠥᠷᠥᠯ ᠪᠣᠯᠭᠠᠨ ᠲᠣᠬᠢᠷᠠᠭᠤᠯᠵᠤ᠂ ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ | ᠠᠭᠤᠷᠰᠢᠯᠲᠠ ᠶᠢᠨ ᠬᠡᠮᠵᠢᠶ᠎ᠡ ᠶᠢ ᠪᠠᠭᠤᠷᠠᠭᠤᠯᠤᠨ᠎ᠠ᠃ ︵ᠲᠦᠷᠦᠭᠦᠯᠡᠬᠦ ᠤᠳᠤᠷᠢᠳᠤᠯᠭ᠎ᠠ᠄ ᠵᠠᠩ ᠭᠥᠸᠧ ᠷᠦᠩ︔ | ᠲᠦᠷᠦᠭᠦᠯᠡᠬᠦ ᠰᠠᠯᠠᠭ᠎ᠠ ᠮᠥᠴᠢᠷ᠄ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ ᠪᠡᠶᠡᠯᠡᠭᠦᠯᠬᠦ ᠴᠠᠭ ᠤᠨ ᠬᠢᠵᠠᠭᠠᠷ ᠨᠢ᠄ 2025 | ᠣᠨ ᠤ ᠡᠴᠦᠰ︶ | ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠎ᠠ | ᠮᠠᠨ ᠤ ᠰᠢᠶᠠᠨ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠢ ᠡᠭᠦᠷᠭᠡᠯᠡᠵᠦ᠂ | ᠳᠤᠭᠤᠶᠢᠯᠠᠩ ᠤᠨ ᠳᠡᠳ᠋ ᠳᠠᠷᠤᠭ᠎ᠠ ᠶᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ | ᠳᠠᠷᠤᠭ᠎ᠠ ᠵᠤᠤ ᠯᠦᠩ ᠹᠸᠢ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ᠂ ᠰᠢᠤᠸᠠᠢ ᠶᠦᠩ ᠲᠤᠰᠢᠶᠠᠯ | ᠡᠭᠦᠷᠭᠡᠯᠡᠵᠦ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠦᠷᠢᠯᠳᠦᠬᠦᠨ ᠭᠡᠰᠢᠭᠦᠨ ᠪᠣᠯᠪᠠ᠃ ᠤᠳᠤᠷᠢᠳᠬᠤ | ᠳᠤᠭᠤᠶᠢᠯᠠᠩ ᠨᠢ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ | ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ︽ᠬᠤᠸᠠᠳᠧ ᠰᠢᠶᠠᠨ ᠤ ᠴᠠᠭᠠᠨᠨᠠᠭᠤᠷ ᠤᠨ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ︾ ᠲᠠᠢ ᠤᠶᠠᠯᠳᠤᠭᠤᠯᠤᠨ᠂ ᠰᠢᠶᠠᠨ ᠤ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ ᠰᠠᠪᠠ ᠭᠠᠵᠠᠷ ᠲᠠᠬᠢ ᠠᠮᠢ | ᠠᠬᠤᠶ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠡᠯ᠎ᠡ ᠲᠠᠯ᠎ᠠ ᠶᠢᠨ ᠪᠡᠯᠡ ᠮᠥᠩᠭᠦ᠂ ᠲᠥᠷᠥ ᠶᠢᠨ | ᠪᠣᠳᠣᠯᠭ᠎ᠠ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠠᠨ ᠤ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠶᠢ ᠳᠡᠮᠵᠢᠬᠦ ᠡᠷᠴᠢᠮ ᠢᠶᠠᠨ ᠴᠢᠩᠬᠠᠷᠠᠭᠤᠯᠵᠤ᠂ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠢᠯ ᠤᠨ ᠲᠣᠬᠢᠷᠠᠭᠤᠯᠤᠯᠲᠠ ᠪᠠ ᠬᠢᠨᠠᠨ ᠵᠢᠯᠣᠭᠤᠳᠬᠤ ᠪᠠᠨ | ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠮᠠᠨ ᠤ ᠰᠢᠶᠠᠨ ᠤ ᠴᠠᠭᠠᠨᠨᠠᠭᠤᠷ ᠤᠨ ᠰᠠᠪᠠ | ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠤᠨ ᠪᠣᠳᠠᠲᠤ ᠠᠬᠢᠴᠠ ᠲᠠᠢ ᠪᠣᠯᠬᠤ ᠶᠢ ᠦᠨᠡᠨᠬᠦ | ᠠᠬᠢᠭᠤᠯᠤᠨ᠎ᠠ᠃ | ᠬᠤᠸᠠᠳᠧ ᠰᠢᠶᠠᠨ ᠤ ᠴᠠᠭᠠᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠯᠲᠠ | ︽ᠤᠰᠤᠯᠢᠭ ᠭᠠᠵᠠᠷ ᠢ ᠬᠠᠭᠤᠷᠠᠶ ᠪᠣᠯᠭᠠᠬᠤ︾ ᠠᠵᠢᠯᠯᠠᠭ᠎ᠠ ᠶᠢᠨ ᠶᠠᠪᠤᠴᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠪᠣᠯᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠤᠷᠲᠤ ᠴᠠᠭᠠᠨ ᠬᠡᠷᠡᠮ ᠢ | ᠪᠠᠶᠢᠭᠤᠯᠬᠤ ᠶᠢᠨ ᠲᠦᠯᠦᠭᠡ᠂ ︽ᠬᠤᠸᠠᠳᠧ ᠰᠢᠶᠠᠨ ᠤ ᠴᠠᠭᠠᠨᠨᠠᠭᠤᠷ ᠤᠨ ᠤᠨ ᠰᠠᠪᠠ ᠭᠠᠵᠠᠷ ᠢ ᠶᠡᠷᠦᠩᠬᠡᠶᠢᠯᠡᠨ | ᠵᠠᠰᠠᠯᠲᠠ ᠶᠢᠨ ᠤᠰᠤᠨ ᠣᠷᠣᠨ ᠢ ᠬᠠᠭᠤᠷᠠᠶ ᠭᠠᠵᠠᠷ ᠪᠣᠯᠭᠠᠨ ᠥᠭᠡᠷᠡᠴᠢᠯᠡᠬᠦ ᠠᠵᠢᠯ ᠤᠨ ᠵᠢᠯᠣᠭᠤᠳᠬᠤ ᠰᠠᠨᠠᠯ | ︵ᠲᠤᠷᠰᠢᠨ ᠬᠡᠷᠡᠭᠵᠢᠭᠦᠯᠬᠦ︶︾ ᠮᠠᠲ᠋ᠧᠷᠢᠶᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠠᠭᠠᠨᠨᠠᠭᠤᠷ ᠤᠨ ᠰᠠᠪᠠ | ᠭᠠᠵᠠᠷ ᠢ ᠶᠡᠷᠦᠩᠬᠡᠶᠢᠯᠡᠨ ᠵᠠᠰᠠᠯᠲᠠ ᠶᠢᠨ ︽ᠤᠰᠤᠯᠢᠭ ᠭᠠᠵᠠᠷ ᠢ ᠬᠠᠭᠤᠷᠠᠢ ᠪᠣᠯᠭᠠᠬᠤ︾ ᠠᠵᠢᠯ ᠤᠨ ᠤᠷᠤᠭᠰᠢᠲᠠᠶ | ᠠᠬᠢᠬᠤ ᠶᠢ ᠪᠠᠲᠤᠯᠠᠬᠤ ᠶᠢᠨ ᠲᠥᠯᠥᠭᠡ ᠨᠢᠭᠡᠳᠦᠯᠲᠡᠶ ᠠᠵᠢᠯᠯᠠᠬᠤ ᠠᠷᠭ᠎ᠠ ᠪᠠ ᠶᠠᠪᠤᠴᠠ ᠶᠢ ᠲᠣᠭᠲᠠᠭᠠᠨ᠎ᠠ᠃ | ᠨᠢᠭᠡ᠂ ᠮᠠᠭᠠᠳᠯᠠᠨ ᠲᠣᠭᠲᠠᠭᠠᠬᠤ | ︵ᠨᠢᠭᠡ︶ ᠤᠰᠤᠯᠠᠯᠲᠠ ᠶᠢᠨ ᠭᠠᠵᠠᠷ ᠢ ᠪᠠᠭᠠᠰᠬᠠᠬᠤ ᠮᠠᠭᠠᠳᠯᠠᠨ ᠲᠣᠭᠲᠠᠭᠠᠬᠤ ᠨᠥᠬᠦᠴᠡᠯ᠃ ᠲᠣᠰ ᠤᠳᠠᠭ᠎ᠠ | ᠮᠠᠭᠠᠳᠯᠠᠨ ᠲᠣᠭᠲᠠᠭᠠᠭᠰᠠᠨ ᠤᠰᠤᠯᠠᠯᠲᠠ ᠶᠢᠨ ᠭᠠᠵᠠᠷ ᠭᠡᠳᠡᠭ ᠨᠢ ᠲᠠᠷᠢᠶᠠᠨ ᠭᠠᠵᠠᠷ ᠲᠤ ᠭᠠᠵᠠᠷ ᠳᠣᠣᠷᠠᠬᠢ | ᠤᠰᠤᠨ ᠤ ᠡᠬᠢ ᠰᠤᠷᠪᠤᠯᠵᠢ᠂ ᠤᠰᠤᠯᠠᠯᠲᠠ ᠶᠢᠨ ᠲᠥᠬᠦᠭᠡᠷᠦᠮᠵᠢ ᠶᠢ ᠦᠨᠳᠦᠰᠦᠨ ᠳᠡᠭᠡᠨ ᠢᠵᠢ ᠪᠥᠷᠢᠳᠦᠭᠦᠯᠵᠦ᠂ | ᠮᠠᠰᠢᠨ ᠴᠠᠬᠢᠯᠭᠠᠨ ᠬᠤᠳᠳᠤᠭ ᠢ ᠠᠰᠢᠭᠯᠠᠨ ᠭᠠᠵᠠᠷ ᠳᠣᠤᠷᠠᠬᠢ ᠤᠰᠤ ᠶᠢ ᠲᠡᠳᠡᠨ ᠠᠪᠴᠤ ᠤᠰᠤᠯᠠᠵᠤ ᠪᠠᠶᠢᠭ᠎ᠠ | ᠪᠣᠳᠠᠲᠠᠶ ᠲᠠᠷᠢᠶᠠᠨ ᠭᠠᠵᠠᠷ ᠤᠨ ᠲᠠᠯᠠᠪᠠᠶ ᠶᠢ ᠵᠢᠭᠠᠵᠤ ᠪᠣᠶ᠂ ᠬᠦᠷᠢᠶ᠎ᠡ ᠬᠠᠰᠢᠶᠠᠨ ᠳᠤ ᠲᠠᠷᠢᠭᠰᠠᠨ ᠤᠰᠤᠯᠠᠯᠲᠠ ᠶᠢᠨ | ᠭᠠᠵᠠᠷ ᠢ ᠪᠠᠭᠲᠠᠭᠠᠬᠤ ᠦᠭᠡᠢ᠃ ᠤᠰᠤᠯᠠᠯᠲᠠ ᠶᠢᠨ ᠲᠥᠬᠦᠭᠡᠷᠦᠮᠵᠢ᠂ ᠮᠠᠰᠢᠨ ᠬᠤᠳᠳᠤᠭ ᠲᠠᠢ ᠤᠰᠤᠯᠠᠯᠲᠠ ᠶᠢᠨ | ᠭᠠᠵᠠᠷ ᠲᠤ ᠲᠤᠬᠠᠶ ᠶᠢᠨ ᠭᠠᠵᠠᠷ ᠤᠨ ᠬᠡᠮᠵᠢᠯᠲᠡ ᠪᠠ ᠬᠠᠶᠢᠨ ᠬᠡᠮᠵᠢᠯᠲᠡ ᠬᠢᠬᠦ ᠪᠠᠷ ᠳᠠᠮᠵᠢᠭᠤᠯᠤᠨ᠂ ᠪᠠᠭᠠᠰᠬᠠᠬᠤ | ᠤᠰᠤᠨ ᠤᠰᠤᠯᠠᠯᠲᠠ ᠶᠢᠨ ᠲᠠᠯᠠᠪᠠᠢ ᠶᠢᠨ ᠳᠡᠭᠡᠷᠡᠬᠢ ᠵᠢᠷᠤᠭ ᠤᠨ ᠣᠷᠣᠨ ᠪᠠᠶᠢᠷᠢ ᠶᠢ ᠲᠣᠭᠲᠠᠭᠠᠬᠤ ᠶᠢᠨ ᠬᠠᠮᠲᠤ | ᠵᠢᠷᠤᠭ ᠲᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠢ ᠬᠠᠭᠠᠵᠤ ᠵᠣᠭᠰᠣᠭᠠᠬᠤ ᠣᠷᠣᠨ ᠪᠠᠶᠢᠷᠢ ᠶᠢ | ᠲᠣᠳᠣᠷᠬᠠᠶᠢᠯᠠᠨ᠎ᠠ᠃ | 1. ᠮᠠᠭᠠᠳᠯᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠵᠠᠷᠴᠢᠮ ᠳᠡᠭᠡᠷ᠎ᠡ ᠪᠠᠨ ᠭᠤᠤᠯᠳᠠᠯᠭ᠎ᠠ ᠲᠠᠢ ᠮᠠᠯᠲᠠᠯᠲᠠ ᠶᠢᠨ | ᠣᠷᠣᠨ ᠤ ᠬᠡᠪᠴᠢᠶᠡᠨ ᠳᠣᠲᠣᠷ᠎ᠠ ᠪᠠᠭᠠᠰᠬᠠᠬᠤ ᠤᠰᠤᠯᠠᠯᠲᠠ ᠶᠢᠨ ᠭᠠᠵᠠᠷ ᠢ ᠤᠷᠢᠳᠠᠪᠠᠷ ᠮᠠᠭᠠᠳᠯᠠᠨ ᠲᠣᠭᠲᠠᠭᠠᠵᠤ᠂ | ᠰᠡᠭᠦᠯᠡᠷ ᠨᠢ ᠪᠤᠰᠤᠳ ᠣᠷᠣᠨ ᠪᠦᠰᠡ ᠶᠢᠨ ᠪᠠᠭᠠᠰᠬᠠᠬᠤ ᠤᠰᠤᠯᠠᠯᠲᠠ ᠶᠢᠨ ᠭᠠᠵᠠᠷ ᠬᠦᠷᠲᠡᠯ᠎ᠡ ᠳᠡᠯᠭᠡᠷᠡᠭᠦᠯᠦᠨ᠎ᠡ᠃ | 2. ᠮᠠᠭᠠᠳᠯᠠᠨ ᠲᠣᠭᠲᠠᠭᠠᠬᠤ ᠠᠷᠭ᠎ᠠ᠃ ᠮᠠᠭᠤᠲᠠᠭᠰᠠᠨ ᠤᠰᠤᠯᠠᠯᠲᠠ ᠶᠢᠨ ᠭᠠᠵᠠᠷ ᠨᠢ ᠭᠠᠵᠠᠷ ᠳᠣᠣᠷᠠᠬᠢ | ᠤᠰᠤᠨ ᠤ ᠡᠬᠢ ᠰᠤᠷᠪᠤᠯᠵᠢ ᠲᠠᠢ᠂ ᠤᠰᠤᠯᠠᠯᠲᠠ ᠶᠢᠨ ᠪᠡᠯᠡᠳᠬᠡᠮᠵᠢ ᠶᠢ ᠢᠵᠢ ᠪᠦᠷᠢᠳᠦᠭᠦᠯᠬᠦ ᠮᠥᠷᠲᠡᠭᠡᠨ ᠳᠡᠭᠡᠷ᠎ᠡ | ᠨᠢᠭᠡ ᠵᠢᠯ ᠳᠤ ᠭᠠᠵᠠᠷ ᠳᠣᠤᠷᠠᠬᠢ ᠤᠰᠤ ᠶᠢ ᠲᠠᠲᠠᠵᠤ ᠤᠰᠤᠯᠠᠭᠰᠠᠨ ᠲᠠᠷᠢᠶᠠᠨ ᠭᠠᠵᠠᠷ ᠪᠠᠶᠢᠪᠠᠯ ᠵᠣᠬᠢᠨ᠎ᠠ᠃ ᠪᠠᠰᠠ | ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠺᠣᠮᠫᠠᠨᠢ ᠠᠴᠠ ᠪᠠᠭᠠᠰᠬᠠᠬᠤ ᠤᠰᠤᠯᠠᠯᠲᠠ ᠶᠢᠨ ᠭᠠᠵᠠᠷ ᠲᠤ | ᠲᠤᠬᠠᠶ ᠶᠢᠨ ᠭᠠᠵᠠᠷ ᠤᠨ ᠬᠡᠮᠵᠢᠯᠲᠡ ᠪᠠ ᠬᠠᠶᠢᠨ ᠪᠠᠶᠢᠴᠠᠭᠠᠯᠲᠠ ᠬᠢᠵᠦ᠂ ᠮᠠᠭᠠᠳᠯᠠᠨ ᠲᠣᠭᠲᠠᠭᠠᠭᠰᠠᠨ ᠪᠠᠭᠠᠰᠬᠠᠬᠤ | ᠤᠰᠤᠯᠠᠯᠲᠠ ᠶᠢᠨ ᠲᠠᠯᠠᠪᠠᠢ ᠶᠢᠨ ᠳᠡᠭᠡᠷᠡᠬᠢ ᠵᠢᠷᠤᠭ ᠤᠨ ᠣᠷᠣᠨ ᠪᠠᠶᠢᠷᠢ ᠶᠢ ᠲᠣᠭᠲᠠᠭᠠᠬᠤ ᠶᠢᠨ ᠬᠠᠮᠲᠤ ᠵᠢᠷᠤᠭ ᠲᠤ | ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠢ ᠬᠠᠭᠠᠵᠤ ᠵᠣᠭᠰᠣᠭᠠᠬᠤ ᠣᠷᠣᠨ ᠪᠠᠶᠢᠷᠢ ᠶᠢ | ᠲᠣᠳᠣᠷᠬᠠᠶᠢᠯᠠᠨ᠎ᠠ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠺᠣᠮᠫᠠᠨᠢ ᠨᠢ ᠰᠢᠶᠠᠩ ᠪᠠᠯᠭᠠᠰᠤᠨ ᠤ ᠵᠠᠰᠠᠭ ᠤᠨ | ᠣᠷᠳᠣᠨ ᠪᠠ ᠲᠣᠰᠬᠤᠨ ᠤ ᠠᠷᠠᠳ ᠤᠨ ᠵᠥᠪᠯᠡᠯ ᠲᠠᠢ ᠬᠠᠮᠲᠤᠷᠠᠨ ᠪᠠᠭᠠᠰᠬᠠᠬᠤ ᠤᠰᠤᠯᠠᠯᠲᠠ ᠶᠢᠨ ᠭᠠᠵᠠᠷ ᠤᠨ ᠪᠡᠯᠡ | ᠣᠷᠤᠭᠤᠯᠤᠨ ᠡᠵᠡᠩᠨᠡᠬᠦ ᠭᠤᠣᠯ ᠴᠣᠭᠴᠠ ᠶᠢ ᠵᠣᠬᠢᠶᠠᠨ ᠪᠠᠶᠢᠭᠤᠯᠵᠤ ᠪᠠᠶᠢᠭᠠᠳ ︽ᠤᠰᠤᠨ ᠠᠰᠢᠭᠯᠠᠯᠲᠠ ᠶᠢᠨ | ᠲᠠᠯᠠᠪᠠᠢ ᠶᠢ ᠬᠢᠨᠠᠨ ᠬᠠᠷᠭᠤᠭᠤᠯᠬᠤ ᠨᠠᠷᠢᠨ ᠳᠠᠩᠰᠠ︾ ᠶᠢ ᠲᠠᠭᠯᠠᠨ᠂ ᠲᠡᠷᠡᠴᠢᠯᠡᠨ ᠲᠠᠯᠠᠪᠠᠢ ᠶᠢ ᠬᠢᠨᠠᠨ ᠮᠠᠭᠠᠳᠯᠠᠵᠤ᠂ | ᠪᠠᠭᠠᠰᠬᠠᠬᠤ ᠤᠰᠤᠯᠠᠯᠲᠠ ᠶᠢᠨ ᠲᠠᠯᠠᠪᠠᠶ ᠶᠢ ᠨᠣᠲᠠᠯᠠᠨ ᠳᠠᠭᠤᠰᠤᠭᠰᠠᠨ ᠤ ᠳᠠᠷᠠᠭ᠎ᠠ ᠵᠠᠰᠠᠭ ᠵᠠᠬᠢᠷᠭᠠᠨ ᠤ ᠲᠣᠰᠬᠤᠨ | ᠪᠣᠯᠤᠨ ᠠᠶᠢᠯ ᠲᠣᠰᠬᠤᠨ ᠳᠤ 7 ᠡᠳᠦᠷ ᠵᠠᠷᠯᠠᠨ ᠨᠠᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ | ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ᠃ ᠵᠠᠷᠯᠠᠨ ᠨᠡᠶᠢᠲᠡᠯᠡᠬᠦ ᠳᠤ ᠣᠨᠳᠣᠣ ᠰᠠᠨᠠᠯ | ᠦᠭᠡᠢ ᠪᠣᠯᠤᠭᠰᠠᠨ ᠤ ᠳᠠᠷᠠᠭ᠎ᠠ᠂ ᠭᠤᠷᠪᠠᠳᠠᠬᠢ ᠡᠲᠡᠭᠡᠳ ᠠᠴᠠ ᠮᠠᠰᠢᠨ ᠬᠤᠳᠳᠤᠭ᠂ ᠪᠠᠭᠠᠰᠬᠠᠬᠤ ᠤᠰᠤᠨ | ᠲᠠᠷᠢᠶ᠎ᠠ ᠶᠢ ᠪᠤᠴᠠᠭᠠᠨ ᠬᠠᠰᠤᠵᠤ᠂ ᠳᠠᠩᠰᠠ ᠡᠪᠬᠡᠮᠡᠯ ᠳᠤ ᠣᠷᠣᠭᠤᠯᠵᠤ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ᠠᠴᠠ ᠬᠢᠨᠠᠨ ᠪᠠᠶᠢᠴᠠᠭᠠᠭᠠᠳ ᠪᠤᠷᠤᠭᠤ ᠦᠭᠡᠢ ᠭᠡᠵᠦ ᠨᠤᠲᠠᠯᠠᠭᠰᠠᠨ ᠤ ᠳᠠᠷᠠᠭ᠎ᠠ᠂ ᠭᠤᠤᠯ ᠤᠳᠤᠷᠢᠳᠤᠯᠭ᠎ᠠ | ᠭᠠᠷ ᠤᠨ ᠦᠰᠦᠭ ᠵᠢᠷᠤᠵᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠠ ᠤᠰᠤᠨ | ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠵᠦ ᠰᠤᠭᠤᠴᠢᠨ ᠪᠠᠶᠢᠴᠠᠭᠠᠯᠭᠠᠬᠤ ᠪᠥᠭᠡᠳ ᠳᠠᠩᠰᠠᠯᠠᠭᠤᠯᠤᠨ᠎ᠠ᠃ | 3. ᠲᠠᠯᠠᠪᠠᠢ ᠶᠢ ᠮᠠᠭᠠᠳᠯᠠᠨ ᠲᠣᠭᠲᠠᠭᠠᠬᠤ᠃ ᠨᠢᠭᠡ ᠳᠤ᠂ ᠳᠠᠭᠠᠭᠠᠴᠢᠯᠠᠯᠲᠠ᠂ ᠡᠷᠭᠢᠯᠲᠡ ᠳᠤ ᠣᠷᠣᠭᠤᠯᠬᠤ | ᠭᠡᠷ᠎ᠡ ᠳᠤ ᠲᠣᠳᠣᠷᠬᠠᠶᠢᠯᠠᠭᠰᠠᠨ ᠲᠠᠯᠠᠪᠠᠢ︔ ᠬᠤᠶᠠᠷ ᠲᠤ᠂ ᠪᠣᠳᠠᠲᠤ ᠭᠠᠵᠠᠷ ᠢᠶᠠᠷ ᠳᠠᠮᠵᠢᠨ ᠲᠠᠯᠠᠪᠠᠢ ᠶᠢ ᠬᠡᠮᠵᠢᠨ᠎ᠡ᠃ | ᠭᠤᠷᠪᠠ ᠳᠤ᠂ ᠤᠯᠤᠰ ᠤᠨ ᠨᠤᠲᠤᠭ ᠳᠡᠪᠢᠰᠬᠡᠷ᠂ ᠲᠠᠷᠢᠶᠠᠯᠠᠩ ᠵᠡᠷᠭᠡ ᠰᠠᠯᠠᠭ᠎ᠠ ᠮᠥᠴᠢᠷ ᠤᠨ ᠨᠢᠭᠡᠨᠲᠡ ᠪᠠᠶᠢᠭ᠎ᠠ | ᠭᠠᠵᠠᠷ ᠰᠢᠷᠣᠶ ᠶᠢ ᠬᠠᠶᠢᠨ ᠬᠡᠮᠵᠢᠭᠰᠡᠨ᠂ ᠡᠷᠬᠡ ᠶᠢ ᠨᠤᠲᠠᠯᠠᠨ ᠲᠣᠭᠲᠠᠭᠠᠭᠰᠠᠨ ᠵᠡᠷᠭᠡ ᠦᠷ᠎ᠡ ᠪᠦᠲᠦᠭᠡᠯ ᠢ | ᠠᠰᠢᠭᠯᠠᠨ᠎ᠠ︔ ᠳᠥᠷᠪᠡ ᠳᠤ᠂ ᠤᠯᠤᠰ ᠤᠨ ᠲᠦᠰᠦᠯ ᠳᠤ ᠪᠡᠯᠡ ᠣᠷᠣᠭᠤᠯᠤᠭᠰᠠᠨ ᠪᠣᠯ ᠤᠤᠯ ᠤᠨ ᠵᠢᠷᠤᠭᠯᠠᠨ | ᠲᠥᠯᠥᠪᠯᠡᠭᠰᠡᠨ ᠪᠤᠶᠤ ᠴᠣᠬᠤᠯᠠᠪᠤᠷᠢᠯᠠᠭᠰᠠᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ ᠵᠡᠷᠭᠡ ᠪᠠᠷ ᠦᠨᠳᠦᠰᠦᠯᠡᠯ | ᠪᠣᠯᠭᠠᠨ ᠲᠠᠯᠠᠪᠠᠢ ᠶᠢ ᠮᠠᠭᠠᠳᠯᠠᠨ ᠲᠣᠭᠲᠠᠭᠠᠨ᠎ᠠ᠃ | ︵ᠬᠤᠶᠠᠷ︶ ᠮᠠᠰᠢᠨ ᠴᠠᠬᠢᠯᠭᠠᠨ ᠬᠤᠳᠳᠤᠭ ᠢ ᠵᠣᠰᠤᠭᠠᠬᠤ ᠨᠥᠬᠦᠴᠡᠯ᠃ ᠲᠣᠰ ᠤᠳᠠᠭᠠᠨ ᠤ ᠬᠠᠭᠠᠵᠤ | ᠵᠣᠭᠰᠣᠭᠠᠬᠤ ᠨᠢ ᠭᠤᠤᠯᠳᠠᠭᠤ ᠴᠠᠬᠢᠯᠭᠠᠨ ᠬᠠᠩᠭᠠᠬᠤ ᠪᠠ ᠤᠰᠤᠨ ᠠᠰᠢᠭᠯᠠᠯᠲᠠ ᠶᠢᠨ ᠲᠦᠬᠦᠭᠡᠷᠦᠮᠵᠢ ᠶᠢᠨ ᠢᠵᠢ | ᠪᠥᠷᠢᠳᠦᠭᠰᠡᠨ ᠪᠦᠷᠢᠨ ᠪᠦᠲᠦᠨ᠂ ᠤᠰᠤ ᠠᠪᠬᠤ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠤᠰᠤ ᠭᠠᠷᠭᠠᠬᠤ | ᠬᠡᠮᠵᠢᠶ᠎ᠡ ᠶᠢ ᠪᠠᠭᠠᠰᠬᠠᠬᠤ ᠤᠰᠤᠨ ᠤᠰᠤᠯᠠᠯᠲᠠ ᠶᠢᠨ ᠭᠠᠵᠠᠷ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ | ᠳᠡᠶᠢᠯᠬᠦ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠲᠤ ᠴᠢᠭᠯᠡᠭᠦᠯᠦᠭᠰᠡᠨ ᠪᠠᠶᠢᠨ᠎ᠠ᠃ ᠣᠨᠴᠠᠭᠠᠢ | ᠰᠢᠯᠲᠠᠭᠠᠨ ᠠᠴᠠ ᠪᠣᠯᠵᠤ ᠵᠣᠭᠰᠣᠭᠠᠵᠤ ᠪᠣᠯᠬᠤ ᠦᠭᠡᠢ ᠬᠤᠳᠳᠤᠭ ᠵᠢᠱᠢᠶᠡᠯᠡᠪᠡᠯ ᠲᠠᠷᠢᠶᠠᠯᠠᠩ ᠤᠨ ᠤᠰᠤᠯᠠᠯᠲᠠ ᠪᠠ | ᠠᠮᠢᠳᠤᠷᠠᠯ ᠳᠤ ᠬᠤᠯᠢᠯᠳᠤᠭᠤᠯᠤᠨ ᠬᠡᠷᠡᠭᠯᠡᠭᠰᠡᠨ᠂ ᠲᠦᠷ ᠬᠠᠭᠠᠵᠤ ᠵᠣᠭᠰᠣᠭᠠᠵᠤ ᠪᠣᠯᠬᠤ ᠦᠭᠡᠢ ᠮᠠᠰᠢᠨ | ᠬᠤᠳᠳᠤᠭ ᠢ ᠵᠠᠷᠴᠢᠮ ᠳᠡᠭᠡᠷ᠎ᠡ ᠪᠠᠨ ᠪᠤᠴᠠᠭᠠᠬᠤ ᠦᠭᠡᠢ᠃ ᠡᠭᠦᠨ ᠤ ᠬᠠᠮᠲᠤ᠂ ᠲᠥᠯᠥᠭᠡᠯᠡᠬᠦ ᠴᠢᠨᠠᠷᠲᠠᠶ ᠣᠷᠣᠨ | ᠪᠦᠰᠡ ᠶᠢ ᠰᠣᠩᠭᠤᠨ 1 — 2 ᠮᠠᠰᠢᠨ ᠴᠠᠬᠢᠯᠭᠠᠨ ᠬᠤᠳᠳᠤᠭ ᠦᠯᠡᠳᠡᠭᠡᠵᠦ ᠭᠠᠵᠠᠷ ᠳᠣᠣᠷᠠᠬᠢ ᠤᠰᠤᠨ | ᠲᠦᠪᠰᠢᠨ ᠤ ᠲᠤᠭ᠎ᠠ ᠪᠠᠷᠢᠮᠲᠠ ᠶᠢ ᠬᠢᠨᠠᠨ ᠬᠡᠮᠵᠢᠵᠦ᠂ ᠭᠠᠵᠠᠷ ᠳᠣᠤᠷᠠᠬᠢ ᠤᠰᠤᠨ ᠤ ᠳᠠᠷᠤᠯᠲᠠ ᠶᠢ ᠮᠡᠳᠡᠬᠦ ᠦᠷ᠎ᠡ | ᠳ᠋ᠦᠩ ᠢ ᠲᠤᠰᠬᠠᠵᠤ ᠪᠣᠯᠤᠨ᠎ᠠ᠂ ᠠᠵᠢᠭᠯᠠᠨ ᠬᠡᠮᠵᠢᠬᠦ ᠬᠤᠳᠳᠤᠭ ᠲᠤ ᠡᠷᠬᠡᠪᠰᠢ ᠴᠠᠬᠢᠯᠭᠠᠨ ᠲᠠᠰᠤᠯᠬᠤ ᠠᠷᠭ᠎ᠠ | ᠬᠡᠮᠵᠢᠶ᠎ᠡ ᠠᠪᠤᠨ᠎ᠠ᠃ | 1. ᠮᠠᠭᠠᠳᠯᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠪᠠᠭᠠᠰᠬᠠᠬᠤ ᠤᠰᠤᠯᠠᠯᠲᠠ ᠶᠢᠨ ᠭᠠᠵᠠᠷ ᠤᠨ | ᠬᠡᠪᠴᠢᠶᠡᠨ ᠳᠠᠬᠢ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠪᠤᠢ ᠪᠦᠬᠦᠢ ᠮᠠᠰᠢᠨ ᠴᠠᠬᠢᠯᠭᠠᠨ ᠬᠤᠳᠳᠤᠭ ᠪᠣᠯᠤᠨ᠎ᠠ | ᠃ | 2. ᠲᠤᠭ᠎ᠠ ᠬᠡᠮᠵᠢᠶ᠎ᠡ ᠶᠢ ᠮᠠᠭᠠᠳᠯᠠᠨ ᠲᠣᠭᠲᠠᠭᠠᠬᠤ᠃ ᠰᠢᠶᠠᠨ᠂ ᠰᠢᠶᠠᠩ ᠭᠤᠷᠪᠠᠳᠠᠬᠢ ᠡᠲᠡᠭᠡᠳ ᠤᠨ ᠦᠨᠡᠯᠡᠨ | ᠵᠢᠱᠢᠬᠦ ᠺᠣᠮᠫᠠᠨᠢ ᠳᠤ ᠨᠠᠶᠢᠳᠠᠵᠤ᠂ ᠲᠣᠭᠲᠠᠭᠰᠠᠨ ᠪᠠᠭᠠᠰᠬᠠᠬᠤ ᠤᠰᠤᠯᠠᠯᠲᠠ ᠶᠢᠨ ᠭᠠᠵᠠᠷ ᠤᠨ ᠬᠡᠰᠡᠭ ᠲᠤ ᠬᠤᠳᠳᠤᠭ | ᠳᠠᠷᠠᠭᠠᠯᠠᠨ ᠪᠠᠶᠢᠴᠠᠭᠠᠵᠤ᠂ ᠮᠠᠭᠠᠳᠯᠠᠨ ᠲᠤᠭᠲᠠᠭᠠᠭᠰᠠᠨ ᠬᠤᠳᠳᠤᠭ ᠢ ᠬᠠᠭᠠᠵᠤ ᠵᠣᠭᠰᠤᠭᠠᠬᠤ ᠵᠢᠴᠢ ᠪᠠᠭᠠᠰᠬᠠᠬᠤ | ᠤᠰᠤᠯᠠᠯᠲᠠ ᠶᠢᠨ ᠭᠠᠵᠠᠷ ᠤᠨ ᠲᠠᠯᠠᠪᠠᠶ ᠶᠢᠨ ᠬᠡᠪᠴᠢᠶᠡᠨ ᠳᠣᠲᠣᠷ᠎ᠠ ᠪᠣᠳᠠᠲᠠᠶ ᠪᠠᠶᠢᠴᠠᠭᠠᠭᠰᠠᠨ ᠮᠠᠰᠢᠨ ᠬᠤᠳᠳᠤᠭ᠂ | ᠲᠡᠷᠡᠴᠢᠯᠡᠨ ᠵᠣᠬᠢᠬᠤ ᠬᠡᠮᠵᠢᠶᠡᠨ ᠤ ᠤᠰᠤ ᠭᠠᠷᠭᠠᠬᠤ ᠬᠡᠮᠵᠢᠶ᠎ᠡ ᠶᠢ ᠪᠦᠷᠢᠳᠦᠭᠦᠯᠵᠦ ᠪᠣᠳᠠᠲᠠᠶ ᠤᠰᠤᠯᠠᠬᠤ ᠮᠠᠰᠢᠨ | ᠬᠤᠳᠳᠤᠭ ᠤᠨ ᠲᠤᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ᠃ ᠭᠤᠷᠪᠠᠳᠠᠬᠢ ᠡᠲᠡᠭᠡᠳ ᠨᠢ ᠲᠤᠬᠠᠶ ᠶᠢᠨ | ᠲᠠᠯᠠᠪᠠᠢ ᠳᠤ ᠬᠤᠳᠳᠤᠭ ᠳᠠᠷᠠᠭᠠᠯᠠᠨ ᠪᠠᠶᠢᠴᠠᠭᠠᠵᠤ᠂ ᠤᠰᠤᠨ ᠤ ᠤᠰᠤᠯᠠᠯᠲᠠ ᠶᠢᠨ ᠭᠠᠵᠠᠷ ᠤᠨ ᠳᠣᠲᠣᠷᠠᠬᠢ ᠮᠠᠰᠢᠨ | ᠬᠤᠳᠳᠤᠭ ᠤᠨ ᠲᠤᠭ᠎ᠠ ᠬᠡᠮᠵᠢᠶ᠎ᠡ ᠶᠢᠨ ᠪᠠᠶᠢᠷᠢ᠂ ᠭᠦᠨ ᠵᠢᠴᠢ ᠤᠰᠤᠨ ᠴᠠᠬᠢᠯᠭᠠᠨ ᠤ ᠢᠵᠢ ᠪᠦᠷᠢᠳᠦᠭᠦᠯᠬᠦ ᠬᠠᠮᠢᠶ᠎ᠠ | ᠪᠦᠬᠦᠢ ᠲᠥᠬᠦᠭᠡᠷᠦᠮᠵᠢ ᠶᠢ ᠲᠣᠭᠲᠠᠭᠠᠵᠤ᠂ ᠮᠠᠰᠢᠨ ᠬᠤᠳᠳᠤᠭ ᠵᠢᠴᠢ ᠢᠵᠢ ᠪᠦᠷᠢᠳᠦᠭᠦᠯᠬᠦ ᠴᠠᠬᠢᠯᠭᠠᠨ ᠬᠦᠴᠦᠨ ᠤ | ᠪᠡᠯᠡᠳᠬᠡᠮᠵᠢ ᠶᠢᠨ ᠪᠡᠯᠡ ᠣᠷᠣᠭᠤᠯᠤᠯᠲᠠ ︵ᠥᠨᠳᠥᠷ ᠳᠣᠤᠷ᠎ᠠ ᠳᠠᠷᠤᠯᠲᠠ ᠶᠢᠨ ᠱᠤᠭᠤᠮ᠂ ᠬᠤᠪᠢᠰᠬᠠᠬᠤ ᠲᠠᠪᠴᠠᠩ᠂ | ᠬᠤᠳᠳᠤᠭ ᠤᠨ ᠬᠥᠭᠡᠷᠭᠡ᠂ ᠬᠤᠳᠳᠤᠭ ᠤᠨ ᠭᠡᠷ ᠵᠡᠷᠭᠡ ᠶᠢ ᠪᠠᠭᠲᠠᠭᠠᠨ᠎ᠠ︶ ᠶᠢ ᠣᠨᠣᠪᠴᠢᠲᠠᠶ ᠲᠥᠰᠦᠭᠡᠯᠡᠨ | ᠪᠣᠳᠣᠵᠤ᠂ ᠡᠬᠡ ᠲᠠᠩᠰᠠ ᠶᠢ ᠪᠠᠶᠢᠭᠤᠯᠵᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠠ | ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠳᠤ ᠳᠠᠩᠰᠠᠯᠠᠭᠤᠯᠵᠤ᠂ ᠬᠠᠮᠢᠶ᠎ᠠ ᠪᠥᠬᠦᠶ | ᠰᠢᠶᠠᠩ ᠪᠠᠯᠭᠠᠰᠤ ᠳᠤ ᠦᠯᠡᠳᠡᠭᠡᠨ ᠬᠠᠳᠠᠭᠠᠯᠠᠨ᠎ᠠ᠃ | ᠬᠤᠶᠠᠷ᠂ ᠰᠢᠯᠭᠠᠨ ᠠᠪᠬᠤ | ︽ᠬᠤᠸᠠᠳᠧ ᠰᠢᠶᠠᠨ ᠤ ᠴᠠᠭᠠᠨᠨᠠᠭᠤᠷ ᠤᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠯᠲᠠ ᠶᠢᠨ | ᠤᠰᠤᠯᠠᠭ ᠭᠠᠵᠠᠷ ᠢ ᠬᠠᠭᠤᠷᠠᠶ ᠪᠣᠯᠭᠠᠨ ᠥᠭᠡᠷᠡᠴᠢᠯᠡᠬᠦ ᠠᠵᠢᠯ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ | ︾ ᠤᠨ ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ | ᠲᠣᠭᠲᠠᠭᠠᠭᠰᠠᠨᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠣᠷᠠᠬᠢ ᠤᠰᠤ ᠶᠢ ᠶᠡᠷᠦᠩᠬᠡᠶᠢᠯᠡᠨ ᠵᠠᠰᠠᠬᠤ ᠬᠠᠷᠠᠯᠲᠠ | ᠡᠭᠦᠷᠭᠡ ᠶᠢᠨ ᠲᠣᠭᠤᠷᠢᠨ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠣᠯᠤᠨ ᠡᠭᠦᠷᠭᠡ ᠶᠢ ᠪᠡᠶᠡᠯᠡᠭᠦᠯᠬᠦ ᠶᠢ | ᠤᠶᠠᠯᠳᠤᠭᠤᠯᠬᠤ ᠶᠢ ᠪᠠᠷᠢᠮᠲᠠᠯᠠᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠠᠷᠭ᠎ᠠ ᠬᠡᠮᠵᠢᠶ᠎ᠡ ᠶᠢ | ᠨᠠᠶᠢᠳᠠᠪᠤᠶᠢᠵᠢᠭᠤᠯᠬᠤ ᠶᠢ ᠤᠶᠠᠯᠳᠤᠭᠤᠯᠵᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠵᠣᠬᠢᠶᠠᠨ ᠪᠠᠶᠢᠭᠤᠯᠵᠤ᠂ ᠭᠤᠷᠪᠠᠳᠤᠭᠠᠷ | ᠡᠲᠡᠭᠡᠳ ᠢ ᠤᠷᠢᠵᠤ ᠰᠢᠶᠠᠨ ᠤ ᠱᠠᠲᠤᠨ ᠤ ᠰᠢᠯᠭᠠᠨ ᠠᠪᠬᠤ ᠪᠣᠳᠠᠲᠠᠶ ᠠᠵᠢᠯ ᠢ ᠬᠠᠷᠢᠭᠤᠴᠠᠭᠤᠯᠵᠤ᠂ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠠᠴᠠ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠰᠢᠶᠠᠨ ᠤ ᠱᠠᠲᠤᠨ ᠤ ᠥᠪᠡᠰᠦᠪᠡᠨ ᠰᠢᠯᠭᠠᠬᠤ ᠠᠵᠢᠯ ᠢ ᠵᠢᠯ ᠬᠤᠪᠢᠶᠠᠨ ᠪᠡᠶᠡᠯᠡᠭᠦᠯᠵᠦ᠂ ᠰᠢᠶᠠᠨ ᠤ ᠱᠠᠲᠤᠨ ᠠᠴᠠ | ᠪᠤᠴᠠᠭᠠᠵᠤ ᠬᠠᠰᠤᠭᠰᠠᠨ ᠤᠰᠤᠯᠠᠯᠲᠠ ᠶᠢᠨ ᠭᠠᠵᠠᠷ ᠪᠣᠯᠤᠨ ᠬᠠᠭᠠᠵᠤ ᠵᠣᠭᠰᠣᠭᠠᠭᠰᠠᠨ ᠤᠰᠤᠯᠠᠯᠲᠠ ᠶᠢᠨ ᠮᠠᠰᠢᠨ | ᠬᠤᠳᠳᠤᠭ ᠢ ᠵᠢᠯ ᠬᠤᠪᠢᠶᠠᠨ ᠪᠦᠬᠦᠨ ᠢ ᠰᠢᠯᠭᠠᠨ ᠠᠪᠴᠤ᠂ ᠰᠢᠯᠭᠠᠨ ᠠᠪᠴᠤ ᠳᠠᠭᠤᠰᠤᠭᠰᠠᠨ ᠤ ᠳᠠᠷᠠᠭ᠎ᠠ ᠲᠤᠰ | ᠵᠢᠯ ᠤᠨ ᠨᠥᠬᠦᠪᠥᠷᠢ ᠪᠡᠯᠡ ᠮᠥᠩᠭᠦ ᠶᠢ ᠰᠠᠯᠭᠠᠨ ᠥᠭᠭᠦᠨ᠎ᠡ᠃ | ᠭᠤᠷᠪᠠ᠂ ᠨᠥᠬᠦᠪᠥᠷᠢ | ᠪᠦᠬᠦ ᠰᠢᠶᠠᠨ ᠤ ᠭᠠᠵᠠᠷ ᠳᠣᠣᠷᠠᠬᠢ ᠤᠰᠤ ᠲᠠᠲᠠᠬᠤ ᠠᠵᠢᠯ ᠢ ᠤᠷᠤᠭᠰᠢᠲᠠᠶ ᠠᠬᠢᠭᠤᠯᠬᠤ ᠶᠢᠨ ᠲᠥᠯᠥᠭᠡ᠂ | ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠮᠠᠯᠲᠠᠬᠤ ᠶᠢ ᠨᠡᠩ ᠪᠦᠲᠦᠮᠵᠢᠲᠡᠶ ᠪᠠᠷ ᠬᠢᠵᠠᠭᠠᠷᠯᠠᠵᠤ᠂ ᠤᠰᠤ | ᠲᠠᠲᠠᠬᠤ ᠶᠢ ᠪᠠᠭᠠᠰᠬᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠲᠣᠭᠲᠠᠭᠤᠨ ᠬᠡᠮᠵᠢᠶ᠎ᠡ ᠲᠠᠢ | ᠮᠠᠯᠲᠠᠬᠤ ᠵᠣᠷᠢᠯᠭ᠎ᠠ ᠳᠠᠭᠠᠨ ᠬᠦᠷᠴᠦ ᠴᠢᠳᠠᠬᠤ ᠮᠥᠷᠲᠡᠭᠡᠨ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠴᠤ | ᠨᠥᠯᠥᠭᠡᠯᠡᠬᠦ ᠦᠭᠡᠢ︾ ᠵᠠᠷᠴᠢᠮ ᠶᠣᠰᠣᠭᠠᠷ᠂ ᠨᠢᠭᠡ ᠯᠡ ᠤᠳᠠᠭ᠎ᠠ ᠶᠢᠨ ᠴᠢᠨᠠᠷᠲᠠᠶ ᠦᠨᠡᠯᠡᠨ ᠵᠢᠱᠢᠯᠲᠡ ᠬᠢᠵᠦ᠂ ᠵᠢᠯ | ᠬᠤᠪᠢᠶᠠᠨ ᠨᠥᠬᠦᠪᠥᠷᠢ ᠥᠭᠬᠦᠨ᠎ᠡ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠦᠨᠳᠦᠰᠦᠯᠡᠨ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠲᠥᠪᠯᠡᠷᠡᠭᠦᠯᠦᠨ | ᠡᠷᠭᠢᠯᠳᠦᠭᠦᠯᠦᠨ᠎ᠡ᠃ ᠡᠭᠦᠨ ᠤ ᠬᠠᠮᠲᠤ᠂ ᠦᠷᠭᠦᠯᠵᠢᠯᠡᠨ ᠤᠰᠤᠨ ᠲᠠᠷᠢᠶ᠎ᠠ ᠡᠵᠡᠩᠨᠡᠵᠦ ᠪᠠᠶᠢᠭ᠎ᠠ ᠬᠡᠰᠡᠭ ᠲᠠᠷᠢᠮᠠᠯ ᠤᠨ | ᠲᠣᠮᠣ ᠡᠷᠦᠬᠡ ᠳᠤ ᠬᠤᠳᠳᠤᠭ ᠢᠶᠠᠷ ᠤᠰᠤ ᠲᠣᠭᠲᠠᠭᠠᠬᠤ ᠠᠷᠭ᠎ᠠ ᠬᠡᠯᠪᠡᠷᠢ ᠶᠢ ᠠᠪᠴᠤ᠂ ᠲᠠᠷᠢᠶᠠᠯᠠᠩ ᠤᠨ | ᠤᠰᠤᠨ ᠤ ᠦᠨ᠎ᠡ ᠶᠢ ᠶᠡᠷᠦᠩᠭᠡᠶᠢᠯᠡᠨ ᠥᠭᠡᠷᠡᠴᠢᠯᠡᠵᠦ᠂ ︽ᠴᠠᠬᠢᠯᠭᠠᠨ ᠢᠶᠠᠷ ᠤᠰᠤ ᠶᠢ ᠨᠤᠭᠤᠯᠬᠤ︾ ᠪᠠᠷ ᠳᠠᠮᠵᠢᠨ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ | ᠪᠠᠶᠠᠯᠢᠭ ᠤᠨ ᠭᠠᠶᠢᠯᠢ ᠬᠤᠷᠢᠶᠠᠬᠤ ᠡᠷᠴᠢᠮ ᠢᠶᠠᠨ ᠨᠡᠮᠡᠭᠳᠡᠭᠦᠯᠵᠦ᠂ ᠪᠦᠬᠦ ᠰᠢᠶᠠᠨ ᠤ ᠭᠠᠵᠠᠷ ᠳᠣᠤᠷᠠᠬᠢ | ᠤᠰᠤ ᠲᠠᠲᠠᠬᠤ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃ | ︵ᠨᠢᠭᠡ︶ ᠨᠥᠬᠦᠪᠥᠷᠢ ᠣᠯᠭᠤᠬᠤ ᠡᠲᠡᠭᠡᠳ᠃ ᠲᠣᠭᠲᠠᠭᠠᠯ ᠶᠣᠰᠣᠭᠠᠷ᠂ ᠱᠠᠭᠠᠷᠳᠠᠯᠭ᠎ᠠ ᠶᠣᠰᠣᠭᠠᠷ ᠤᠰᠤᠯᠢᠭ | ᠭᠠᠵᠠᠷ ᠢ ᠬᠠᠭᠤᠷᠠᠢ ᠪᠣᠯᠭᠠᠬᠤ ᠲᠠᠷᠢᠮᠠᠯ ᠤᠨ ᠡᠭᠦᠷᠭᠡ ᠶᠢ ᠡᠭᠦᠷᠭᠡᠯᠡᠭᠰᠡᠨ ᠲᠠᠷᠢᠶᠠᠴᠢᠨ ᠡᠷᠦᠬᠡ ᠪᠤᠶᠤ | ᠳᠠᠭᠠᠭᠠᠴᠢᠯᠠᠭᠰᠠᠨ ᠡᠷᠦᠬᠡ ᠵᠡᠷᠭᠡ᠃ | ︵ᠬᠤᠶᠠᠷ︶ ᠲᠤᠰᠠᠯᠠᠬᠤ ᠭᠤᠭᠴᠤᠭ᠎ᠠ᠃ ᠤᠷᠢᠳᠠᠪᠠᠷ ᠬᠡᠷᠡᠭᠵᠢᠭᠦᠯᠵᠦ ᠳᠠᠷᠠᠭ᠎ᠠ ᠨᠢ ᠨᠥᠬᠦᠪᠥᠷᠢ ᠥᠭᠬᠦ᠂ ᠤᠷᠢᠳᠠᠪᠠᠷ | ᠬᠢᠨᠠᠨ ᠬᠠᠷᠭᠤᠭᠤᠯᠵᠤ ᠳᠠᠷᠠᠭ᠎ᠠ ᠨᠢ ᠰᠢᠯᠭᠠᠨ ᠠᠪᠬᠤ᠂ ᠤᠷᠢᠳᠠᠪᠠᠷ ᠵᠠᠷᠯᠠᠨ ᠨᠡᠶᠢᠲᠡᠯᠡᠵᠦ ᠳᠠᠷᠠᠭ᠎ᠠ ᠨᠢ ᠪᠡᠯᠡᠨ ᠮᠥᠩᠭᠦ | ᠰᠣᠯᠢᠵᠤ᠂ ᠬᠡᠯᠡᠯᠴᠡᠭᠡᠷ ᠢ ᠭᠦᠢᠴᠡᠳᠬᠡᠬᠦ ᠳᠤ ᠣᠨᠣᠪᠴᠢᠲᠠᠶ ᠣᠨᠳᠣᠤ ᠰᠠᠨᠠᠯ ᠦᠭᠡᠢ᠃ ᠪᠣᠳᠠᠲᠠᠶ ᠬᠡᠷᠡᠭᠵᠢᠭᠦᠯᠵᠦ | ᠪᠠᠶᠢᠭ᠎ᠠ ᠤᠰᠤᠯᠢᠭ ᠭᠠᠵᠠᠷ ᠢ ᠬᠠᠭᠤᠷᠠᠢ ᠪᠣᠯᠭᠠᠬᠤ ᠲᠠᠯᠠᠪᠠᠶ ᠪᠣᠯᠤᠨ ᠬᠠᠭᠠᠵᠤ ᠵᠣᠭᠰᠣᠭᠠᠭᠰᠠᠨ ᠮᠠᠰᠢᠨ | ᠬᠤᠳᠳᠤᠭ ᠤᠨ ᠲᠤᠭ᠎ᠠ ᠬᠡᠮᠵᠢᠶ᠎ᠡ ᠶᠢ ᠦᠨᠳᠦᠰᠦᠯᠡᠨ᠂ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ | ᠨᠥᠬᠦᠪᠥᠷᠢ ᠪᠡᠯᠡ ᠮᠥᠩᠭᠦ ᠶᠢ ᠰᠣᠯᠢᠵᠤ ᠪᠣᠯᠤᠨ᠎ᠠ᠃ | ︵ᠭᠤᠷᠪᠠ︶ ᠲᠤᠰᠠᠯᠠᠬᠤ ᠠᠷᠭ᠎ᠠ ᠮᠠᠶ᠋ᠢᠭ᠃ | ᠤᠰᠤᠨ ᠲᠠᠷᠢᠶ᠎ᠠ ᠶᠢ ᠪᠠᠭᠠᠰᠬᠠᠬᠤ ᠶᠢ ᠬᠡᠷᠡᠭᠵᠢᠭᠦᠯᠬᠦ ᠳᠤ ᠬᠤᠯᠪᠣᠭᠳᠠᠭᠰᠠᠨ ᠲᠠᠷᠢᠶᠠᠨ ᠭᠠᠵᠠᠷ ᠳᠠᠭᠠᠭᠠᠴᠢᠯᠠᠭᠰᠠᠨ | ᠡᠷᠦᠬᠡ ᠪᠤᠶᠤ ᠡᠵᠡᠩᠨᠡᠬᠦ ᠡᠷᠦᠬᠡ ᠲᠠᠢ ᠲᠤᠰ ᠲᠤᠰ ᠨᠥᠬᠦᠪᠥᠷᠢ ᠶᠢᠨ ᠬᠡᠯᠡᠯᠴᠡᠭᠡᠷ ᠲᠣᠭᠲᠠᠵᠤ᠂ 5 ᠵᠢᠯ ᠤᠨ | ᠳᠣᠲᠣᠷᠠᠬᠢ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠨᠢ ᠲᠣᠰᠬᠤᠨ ᠤ ᠬᠠᠮᠲᠤ ᠶᠢᠨ ᠥᠮᠴᠢᠯᠡᠯ ᠳᠤ | ᠬᠠᠷᠢᠶᠠᠯᠠᠭᠳᠠᠨ᠎ᠠ᠂ ᠡᠭᠦᠨ ᠤ ᠬᠠᠮᠲᠤ ᠵᠣᠬᠢᠬᠤ ᠬᠡᠪᠴᠢᠶᠡᠲᠦ ᠡᠵᠡᠩᠨᠡᠯᠲᠡ ᠬᠢᠵᠦ᠂ ᠪᠤᠢ ᠪᠣᠯᠤᠭᠰᠠᠨ ᠦᠷ᠎ᠡ ᠠᠰᠢᠭ ᠢ | ᠲᠣᠰᠬᠤᠨ ᠤ ᠬᠠᠮᠲᠤ ᠨᠡᠶᠢᠲᠡ ᠠᠴᠠ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠡᠳ ᠲᠣᠬᠢᠷᠠᠭᠤᠯᠤᠨ᠎ᠠ᠃ | 1. ᠲᠠᠷᠢᠶᠠᠴᠢᠨ ᠡᠷᠦᠬᠡ ᠶᠢᠨ ᠬᠤᠪᠢ ᠶᠢᠨ ᠪᠡᠯᠡ ᠣᠷᠣᠭᠤᠯᠤᠭᠰᠠᠨ ᠮᠠᠰᠢᠨ ᠬᠤᠳᠳᠤᠭ ᠢ ᠵᠣᠭᠰᠤᠭᠠᠭᠰᠠᠨ | ᠤᠰᠤᠨ ᠲᠠᠷᠢᠶ᠎ᠠ ᠳᠤ ᠬᠤᠯᠪᠣᠭᠳᠠᠭᠰᠠᠨ ᠲᠠᠷᠢᠶᠠᠨ ᠭᠠᠵᠠᠷ ᠳᠠᠭᠠᠭᠠᠴᠢᠯᠠᠬᠤ ᠡᠷᠬᠡ ᠲᠠᠢ ᠲᠠᠷᠢᠶᠠᠴᠢᠨ ᠡᠷᠦᠬᠡ ᠳᠤ 5 | ᠵᠢᠯ ᠤᠨ ᠭᠠᠵᠠᠷ ᠰᠢᠷᠣᠶ ᠶᠢᠨ ᠨᠥᠬᠦᠪᠥᠷᠢ ᠥᠭᠴᠦ᠂ ᠵᠢᠯ ᠪᠦᠷᠢ ᠶᠢᠨ ᠮᠦ ᠪᠦᠷᠢ ᠶᠢᠨ ᠨᠥᠬᠦᠪᠥᠷᠢ ᠶᠢᠨ | ᠪᠠᠷᠢᠮᠵᠢᠶ᠎ᠠ ᠶᠢ ︽ᠬᠤᠸᠠᠳᠧ ᠰᠢᠶᠠᠨ ᠤ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠯᠲᠠ ᠶᠢᠨ ᠤᠰᠤᠯᠢᠭ | ᠭᠠᠵᠠᠷ ᠢ ᠬᠠᠭᠤᠷᠠᠶ ᠭᠠᠵᠠᠷ ᠪᠣᠯᠭᠠᠨ ᠥᠭᠡᠷᠡᠴᠢᠯᠡᠬᠦ ᠠᠵᠢᠯ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ | ᠤᠨ ᠮᠡᠳᠡᠭᠳᠡᠯ︾ ᠳᠤ ᠲᠤᠭᠲᠠᠭᠠᠭᠰᠠᠨ ᠭᠠᠵᠠᠷ ᠰᠢᠷᠣᠶ ᠶᠢᠨ ᠡᠷᠭᠢᠯᠲᠡ ᠶᠢᠨ ᠦᠨ᠎ᠡ ᠬᠠᠩᠰᠢ ᠶᠢᠨ ᠶᠣᠰᠣᠭᠠᠷ | ᠬᠡᠷᠡᠭᠵᠢᠭᠦᠯᠬᠦ ᠶᠢᠨ ᠬᠠᠮᠲᠤ ᠰᠢᠶᠠᠩ ᠪᠠᠯᠭᠠᠰᠤ ᠠᠴᠠ ︽ᠪᠦᠷᠢᠨ ᠴᠢᠳᠠᠮᠵᠢᠲᠤ ᠺᠠᠷᠲ︾ ᠤᠨ ᠠᠷᠭ᠎ᠠ ᠮᠠᠶ᠋ᠢᠭ ᠢᠶᠠᠷ | ᠣᠯᠭᠤᠨ᠎ᠠ᠃ | 2. ᠵᠠᠰᠠᠭ ᠤᠨ ᠣᠷᠳᠣᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠤᠯᠲᠠ ᠠᠴᠠ ᠤᠬᠤᠷᠢᠨ ᠭᠠᠷᠤᠭᠰᠠᠨ | ᠤᠰᠤᠯᠠᠯᠲᠠ ᠶᠢᠨ ᠭᠠᠵᠠᠷ ᠲᠤ ᠬᠤᠯᠪᠣᠭᠳᠠᠭᠰᠠᠨ ᠡᠵᠡᠩᠨᠡᠯᠲᠡ ᠶᠢᠨ ᠡᠷᠦᠬᠡ 5 ᠵᠢᠯ ᠤᠨ ᠨᠥᠬᠦᠪᠥᠷᠢ ᠥᠭᠭᠦᠨ᠎ᠡ᠃ | ᠵᠢᠯ ᠪᠦᠷᠢ ᠶᠢᠨ ᠮᠦ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ ︽ᠬᠤᠸᠠᠳᠧ ᠰᠢᠶᠠᠨ ᠤ ᠴᠠᠭᠠᠨᠨᠠᠭᠤᠷ ᠤᠨ ᠰᠠᠪᠠ | ᠭᠠᠵᠠᠷ ᠢ ᠶᠡᠷᠦᠩᠬᠡᠶᠢᠯᠡᠨ ᠵᠠᠰᠠᠯᠲᠠ ᠶᠢᠨ ᠤᠰᠤᠨ ᠭᠠᠵᠠᠷ ᠢ ᠬᠠᠭᠤᠷᠠᠶ ᠭᠠᠵᠠᠷ ᠪᠣᠯᠭᠠᠨ ᠥᠭᠡᠷᠡᠴᠢᠯᠡᠬᠦ ᠠᠵᠢᠯ ᠤᠨ | ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠭᠠᠵᠠᠷ ᠰᠢᠷᠣᠶ ᠶᠢᠨ ᠡᠷᠭᠢᠯᠲᠡ ᠶᠢᠨ | ᠦᠨ᠎ᠡ ᠬᠠᠩᠰᠢ ᠶᠢᠨ ᠶᠣᠰᠣᠭᠠᠷ ᠬᠡᠷᠡᠭᠵᠢᠭᠦᠯᠦᠨ᠎ᠡ᠃ | ︵ᠳᠥᠷᠪᠡ︶ ᠪᠡᠯᠡ ᠮᠥᠩᠭᠦ ᠶᠢᠨ ᠬᠡᠷᠡᠭᠯᠡᠯᠲᠡ᠃ | 1. ᠤᠰᠤᠯᠠᠯᠲᠠ ᠶᠢᠨ ᠭᠠᠵᠠᠷ ᠤᠨ ᠮᠠᠰᠢᠨ ᠬᠤᠳᠳᠤᠭ ᠵᠢᠴᠢ ᠪᠤᠶ ᠪᠦᠬᠦᠢ ᠢᠵᠢ ᠪᠦᠷᠢᠳᠦᠭᠦᠯᠬᠦ | ᠪᠡᠯᠡᠳᠬᠡᠮᠵᠢ ᠶᠢ ᠪᠠᠭᠠᠰᠬᠠᠬᠤ ᠳᠤ ᠨᠢᠭᠡ ᠯᠡ ᠤᠳᠠᠭᠠᠨ ᠤ ᠴᠢᠨᠠᠷᠲᠠᠶ ᠨᠥᠬᠦᠪᠥᠷᠢ ᠳᠤ ᠬᠡᠷᠡᠭᠯᠡᠨ᠎ᠡ᠃ | 2. ᠳᠠᠭᠠᠭᠠᠴᠢᠯᠠᠭᠰᠠᠨ ᠡᠷᠦᠬᠡ ᠤᠰᠤᠨ ᠲᠠᠷᠢᠶ᠎ᠠ ᠶᠢ ᠪᠤᠴᠠᠭᠠᠨ ᠬᠠᠰᠤᠭᠰᠠᠨ ᠤ ᠳᠠᠷᠠᠭ᠎ᠠ᠂ ᠳᠠᠭᠠᠭᠠᠴᠢᠯᠠᠬᠤ | ᠡᠷᠬᠡ ᠲᠠᠢ ᠲᠠᠷᠢᠶᠠᠯᠠᠬᠤ ᠡᠷᠦᠬᠡ ᠶᠢᠨ ᠲᠠᠷᠢᠶᠠᠨ ᠭᠠᠵᠠᠷ ᠢ ᠲᠥᠪᠯᠡᠷᠡᠭᠦᠯᠦᠨ ᠡᠷᠭᠢᠯᠳᠦᠭᠦᠯᠦᠭᠰᠡᠨ ᠨᠥᠬᠦᠪᠥᠷᠢ ᠶᠢ | ᠵᠠᠰᠠᠭ ᠤᠨ ᠣᠷᠳᠣᠨ ᠤ ᠪᠡᠯᠡ ᠣᠷᠣᠭᠤᠯᠵᠤ ᠨᠡᠭᠡᠭᠡᠨ ᠠᠰᠢᠭᠯᠠᠭᠰᠠᠨ ᠤᠰᠤᠯᠠᠯᠲᠠ ᠶᠢᠨ ᠭᠠᠵᠠᠷ ᠲᠤ ᠬᠡᠷᠡᠭᠯᠡᠵᠦ᠂ | ᠭᠠᠵᠠᠷ ᠰᠢᠷᠣᠶ ᠶᠢ ᠡᠷᠭᠢᠯᠳᠦᠭᠦᠯᠬᠦ ᠲᠣᠮᠣ ᠡᠷᠦᠬᠡ ᠶᠢᠨ ᠳᠠᠭᠠᠭᠠᠴᠢᠯᠠᠯᠲᠠ ᠶᠢᠨ ᠵᠠᠷᠤᠳᠠᠯ ᠳᠤ ᠨᠥᠬᠦᠪᠥᠷᠢ ᠥᠭᠭᠦᠨ᠎ᠡ᠃ | | 3. ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠵᠢᠴᠢ ᠬᠡᠮᠵᠢᠨ ᠵᠢᠷᠤᠬᠤ ᠵᠡᠷᠭᠡ ᠵᠠᠷᠤᠳᠠᠯ ᠳᠤ ᠬᠡᠷᠡᠭᠯᠡᠨ᠎ᠡ᠃ | ᠳᠥᠷᠪᠡ᠂ ᠬᠠᠮᠢᠶᠠᠷᠤᠯᠲᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠢᠶᠠᠨ ᠤ ᠵᠠᠰᠠᠭ ᠤᠨ | ᠣᠷᠳᠣᠨ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠯᠲᠠ ᠶᠢᠨ ᠭᠤᠤᠯ ᠴᠣᠭᠴᠠ ᠶᠢ ᠰᠠᠶᠢᠲᠤᠷ | ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠬᠠᠮᠢᠶ᠎ᠠ ᠪᠦᠬᠦᠢ ᠠᠵᠢᠯ ᠢ ᠰᠠᠶᠢᠲᠤᠷ | ᠬᠢᠨ᠎ᠡ᠃ ᠠᠵᠢᠯ ᠢᠶᠠᠨ ᠲᠥᠯᠥᠪᠯᠡᠬᠦ᠂ ᠵᠣᠬᠢᠶᠠᠨ ᠪᠠᠶᠢᠭᠤᠯᠬᠤ᠂ ᠬᠡᠷᠡᠭᠵᠢᠭᠦᠯᠬᠦ᠂ ᠨᠠᠶᠢᠳᠠᠪᠤᠷᠢᠵᠢᠭᠤᠯᠬᠤ ᠶᠢ | ᠳᠣᠪᠤᠶᠢᠮ᠎ᠠ ᠪᠠᠶᠢᠷᠢᠨ ᠳᠤ ᠲᠠᠯᠪᠢᠵᠤ᠂ ᠱᠠᠲᠤ ᠬᠤᠪᠢᠶᠠᠨ ᠬᠠᠷᠢᠭᠤᠴᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠬᠦᠴᠦᠲᠡᠶ ᠠᠬᠢᠭᠤᠯᠤᠨ᠎ᠠ᠃ ᠮᠠᠨ ᠤ ᠰᠢᠶᠠᠨ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠶᠠᠨ ᠤ ᠨᠠᠮ ᠤᠨ ᠬᠤᠷᠢᠶᠠᠨ ᠤ | ᠱᠦᠵᠢ ᠸᠠᠩ ᠪᠢᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠠᠶᠢᠩᠭᠤ ᠶᠢᠨ ᠳᠡᠳ᠋ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠼᠦᠢ ᠢᠦᠶ ᠯᠠᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠤᠤ ᠯᠦᠩ ᠹᠸᠢ᠂ ᠰᠢᠶᠠᠨ ᠤ ᠳᠡᠳ᠋ ᠳᠠᠷᠤᠭ᠎ᠠ | ᠵᠠᠩ ᠭᠦᠸᠧ ᠷᠦᠩ᠂ ᠰᠢᠤᠸᠠᠢ ᠶᠦᠩ ᠲᠤᠰᠢᠶᠠᠯ ᠡᠭᠦᠷᠭᠡᠯᠡᠵᠦ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ | ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠦᠷᠢᠯᠳᠦᠬᠦᠨ ᠪᠣᠯᠪᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠪᠠ ᠴᠠᠭᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ | ᠲᠣᠰ ᠲᠣᠰ ᠤᠰᠤᠨ ᠤᠰᠤᠯᠠᠯᠲᠠ ᠶᠢᠨ ᠲᠠᠯᠠᠪᠠᠶ ᠶᠢ ᠪᠠᠭᠠᠰᠬᠠᠬᠤ᠂ ᠬᠠᠭᠠᠵᠤ ᠵᠣᠭᠰᠣᠭᠠᠬᠤ ᠬᠤᠳᠳᠤᠭ᠂ ᠴᠠᠬᠢᠯᠭᠠᠨ | ᠬᠡᠷᠡᠭᠯᠡᠬᠦ ᠲᠥᠬᠦᠭᠡᠷᠦᠮᠵᠢ ᠶᠢ ᠨᠤᠷᠠᠭᠠᠬᠤ ᠵᠡᠷᠭᠡ ᠪᠠᠶᠢᠳᠠᠯ ᠢ ᠮᠥᠷᠳᠡᠨ ᠬᠢᠨᠠᠨ ᠵᠢᠯᠣᠭᠤᠳᠴᠤ ᠪᠠᠶᠢᠴᠠᠭᠠᠬᠤ ᠶᠢ | ᠬᠠᠷᠢᠭᠤᠴᠠᠨ᠎ᠠ︔ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠠᠭᠤᠯᠭᠠᠭᠰᠠᠨ ᠲᠥᠷᠥᠯ ᠵᠦᠢᠯ ᠤᠨ ᠪᠡᠯᠡ | ᠮᠥᠩᠭᠦ ᠶᠢᠨ ᠤᠰᠤᠨ ᠲᠠᠷᠢᠶ᠎ᠠ ᠶᠢ ᠪᠤᠴᠠᠭᠠᠨ ᠬᠠᠰᠤᠬᠤ ᠪᠠ ᠮᠠᠰᠢᠨ ᠬᠤᠳᠳᠤᠭ ᠢ ᠬᠠᠭᠠᠵᠤ ᠵᠣᠭᠰᠣᠭᠠᠬᠤ | ᠲᠠᠯ᠎ᠠ ᠪᠠᠷ ᠬᠢ ᠨᠥᠬᠦᠪᠦᠷᠢ ᠥᠭᠬᠦ ᠪᠠᠷᠢᠮᠵᠢᠶ᠎ᠠ᠂ ᠣᠯᠭᠤᠬᠤ ᠳᠡᠰ ᠳᠠᠷᠠᠭᠠᠯᠠᠯ᠂ ᠪᠡᠯᠡ ᠮᠥᠩᠭᠦ ᠶᠢ ᠪᠣᠳᠠᠲᠠᠶᠢᠵᠢᠭᠤᠯᠬᠤ | ᠂ ᠬᠡᠷᠡᠭᠯᠡᠬᠦ ᠦᠷ᠎ᠡ ᠪᠦᠲᠦᠮᠵᠢ ᠵᠡᠷᠭᠡ ᠠᠭᠤᠯᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠲᠦᠰᠦᠪ ᠨᠢ ᠰᠢᠶᠠᠩ | ᠪᠠᠯᠭᠠᠰᠤ ᠳᠤ ᠬᠤᠯᠪᠣᠭᠳᠠᠭᠰᠠᠨ ᠴᠤ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠵᠤ᠂ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ | ᠡᠭᠦᠷᠭᠡ ᠶᠢᠨ ᠬᠠᠷᠠᠯᠲᠠ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠲᠦᠰᠦᠪ ᠤᠨ ᠬᠠᠮᠢᠶᠠᠷᠤᠯᠲᠠ ᠶᠢ ᠴᠢᠩᠲᠠᠯᠠᠨᠠ᠃ ᠴᠠᠭᠠᠨᠨᠠᠭᠤᠷ ᠤᠨ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠠᠵᠢᠯ ᠤᠨ ᠡᠭᠦᠷᠭᠡ ᠶᠢᠨ ᠭᠤᠣᠯᠳᠠᠯᠭ᠎ᠠ ᠪᠣᠯ ᠴᠠᠬᠢᠯᠭᠠᠨ ᠬᠤᠳᠳᠤᠭ ᠢ ᠬᠠᠭᠠᠵᠤ | ᠵᠣᠭᠰᠣᠭᠠᠬᠤ ᠶᠠᠪᠤᠳᠠᠯ ᠪᠣᠯᠤᠨ᠎ᠠ᠂ ᠡᠭᠦᠨ ᠤ ᠵᠣᠷᠢᠯᠭ᠎ᠠ ᠨᠢ ᠭᠠᠵᠠᠷ ᠳᠣᠤᠷᠠᠬᠢ ᠤᠰᠤ ᠶᠢ ᠲᠠᠲᠠᠬᠤ ᠥᠬᠡᠶ ᠶᠢᠨ | ᠲᠥᠯᠥᠭᠡ ᠶᠤᠮ᠂ ᠱᠠᠭᠠᠷᠳᠠᠯᠭ᠎ᠠ ᠨᠢ ᠬᠠᠭᠠᠵᠤ ᠵᠣᠭᠰᠤᠭᠠᠭᠰᠠᠨ ᠬᠤᠳᠳᠤᠭ ᠤᠨ ᠲᠤᠭ᠎ᠠ ᠪᠣᠯᠣᠨ ᠨᠦᠬᠦᠪᠦᠷᠢᠯᠡᠬᠦ | ᠲᠠᠯᠠᠪᠠᠢ ᠶᠢᠨ ᠬᠠᠷᠢᠯᠴᠠᠨ ᠢᠵᠢᠯᠢᠰᠢᠭᠦᠯᠦᠨᠡ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ | ᠲᠥᠷᠥᠯ ᠵᠦᠢᠯ ᠢ ᠬᠡᠷᠡᠭᠵᠢᠭᠦᠯᠬᠦ ᠲᠦᠷᠦᠭᠦᠯᠡᠬᠦ ᠨᠢᠭᠡᠴᠡ ᠪᠣᠯᠤᠭᠰᠠᠨ ᠤ ᠬᠤᠪᠢ ᠳᠤ ᠬᠠᠮᠢᠶ᠎ᠠ ᠪᠦᠬᠦᠢ ᠰᠢᠶᠠᠩ | ᠪᠠᠯᠭᠠᠰᠤ ᠲᠠᠢ ᠨᠢᠭᠡᠳᠦᠯᠲᠡᠶ ᠵᠣᠬᠢᠴᠠᠭᠤᠯᠵᠤ᠂ ᠲᠣᠰᠬᠤᠨ ᠢᠶᠠᠷ ᠨᠢᠭᠡᠴᠢ ᠪᠣᠯᠭᠠᠵᠤ᠂ ᠳᠠᠩ ᠬᠤᠳᠳᠤᠭ ᠤᠨ | ᠬᠢᠵᠠᠭᠠᠷᠯᠠᠵᠤ ᠪᠠᠶᠢᠭ᠎ᠠ ᠤᠰᠤᠯᠠᠯᠲᠠ ᠶᠢᠨ ᠲᠠᠯᠠᠪᠠᠶ ᠪᠠᠷ ᠰᠠᠭᠤᠷᠢ ᠪᠣᠯᠭᠠᠵᠤ᠂ ᠬᠠᠭᠠᠵᠤ ᠵᠣᠭᠰᠤᠭᠠᠭᠰᠠᠨ | ᠬᠤᠳᠳᠤᠭ ᠤᠨ ᠲᠤᠭ᠎ᠠ ᠬᠡᠮᠵᠢᠶ᠎ᠡ ᠪᠣᠯᠤᠨ ᠤᠰᠤᠯᠠᠯᠲᠠ ᠶᠢᠨ ᠲᠠᠯᠠᠪᠠᠶ ᠶᠢ ᠢᠯᠡ ᠪᠥᠭᠡᠳ ᠭᠤᠤᠯᠴᠢ ᠪᠠᠷ ᠬᠢᠨᠠᠨ | ᠬᠠᠷᠭᠤᠭᠤᠯᠵᠤ᠂ ᠲᠦᠢᠯ ᠤᠨ ᠣᠨᠣᠪᠴᠢᠲᠠᠶ ᠪᠠᠷ ᠨᠥᠬᠦᠪᠥᠷᠢᠯᠡᠬᠦ ᠶᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠡᠯᠡ | ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠲᠤᠰᠠᠯᠠᠮᠵᠢ ᠶᠢᠨ ᠪᠡᠯᠡ ᠮᠥᠩᠭᠦ ᠶᠢ ︽ᠤᠰᠤ ᠶᠢ | ᠪᠤᠴᠠᠭᠠᠵᠤ ᠬᠠᠭᠤᠷᠠᠢ ᠪᠣᠯᠭᠠᠬᠤ︾ ᠳᠤ ᠴᠢᠩᠭ᠎ᠠ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠢ ᠭᠦᠢᠴᠡᠳ | ᠪᠠᠳᠠᠷᠠᠭᠤᠯᠤᠨ᠎ᠠ᠃ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠲᠣᠰᠬᠤᠨ ᠢᠶᠠᠷ ᠨᠢᠭᠡᠴᠢ ᠪᠣᠯᠭᠠᠭᠰᠠᠨ ᠬᠠᠭᠠᠵᠤ | ᠵᠣᠭᠰᠤᠭᠠᠬᠤ ᠬᠤᠳᠳᠤᠭ ᠪᠠ ᠲᠠᠯᠠᠪᠠᠢ ᠶᠢᠨ ᠲᠠᠷᠬᠠᠯᠲᠠ ᠶᠢᠨ ᠵᠢᠷᠤᠭ ᠵᠢᠷᠤᠬᠤ ᠶᠢᠨ ᠬᠠᠮᠲᠤ ᠳᠠᠩᠰᠠᠯᠠᠨ ᠳᠡᠪᠲᠡᠷᠯᠡᠨ᠎ᠡ | ᠃ ᠲᠥᠷᠥᠯ ᠵᠦᠢᠯ ᠢ ᠲᠣᠰᠬᠤᠨ᠂ ᠡᠷᠦᠬᠡ᠂ ᠬᠤᠳᠳᠤᠭ᠂ ᠭᠠᠵᠠᠷ ᠢᠶᠠᠷ ᠨᠠᠷᠢᠨ ᠳᠠᠩᠰᠠ ᠡᠪᠬᠡᠮᠡᠯ ᠪᠠᠶᠢᠭᠤᠯᠤᠨ᠎ᠠ᠃ | ᠰᠢᠶᠠᠨ ᠤ ᠵᠠᠰᠠᠭ ᠤᠨ ᠣᠷᠳᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠬᠢᠨᠠᠨ ᠪᠣᠳᠣᠬᠤ ᠵᠡᠷᠭᠡ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠣᠬᠤᠷ ᠪᠠᠯᠠᠶ | ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠲᠥᠷᠥᠯ ᠵᠦᠢᠯ ᠤᠨ | ᠵᠢᠷᠤᠮᠵᠢᠭᠤᠯᠤᠨ ᠠᠵᠢᠯᠯᠠᠬᠤ ᠶᠢ ᠦᠨᠡᠨᠬᠦ ᠪᠠᠲᠤᠯᠠᠨ᠎ᠠ᠃ ᠢᠯᠡ ᠨᠡᠶᠢᠲᠡᠯᠡᠬᠦ ᠶᠢ ᠴᠢᠩᠭᠠᠳᠬᠠᠵᠤ᠂ ᠲᠣᠰᠬᠤᠨ ᠤ ︽ | ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠲᠥᠷᠥᠯ ᠵᠦᠢᠯ ᠤᠨ ᠠᠵᠢᠯᠯᠠᠭᠠᠨ ᠳᠤ ᠪᠦᠬᠦ ᠶᠠᠪᠤᠴᠠ ᠪᠠᠷ | ᠣᠷᠣᠯᠴᠠᠵᠤ᠂ ᠢᠯᠡ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠥᠷᠥᠯ | ᠵᠦᠢᠯ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ | ᠬᠤᠪᠢᠶᠠᠷᠢᠯᠠᠯᠲᠠ ᠶᠢᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠶᠠᠨ ᠠᠴᠠ ᠰᠢᠶᠠᠩ᠂ ᠰᠢᠶᠠᠩ | ᠠᠴᠠ ᠲᠣᠰᠬᠤᠨ ᠢ ᠳᠠᠭᠠᠭᠠᠴᠢᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷ ᠬᠡᠷᠡᠭᠵᠢᠭᠦᠯᠦᠨ᠎ᠡ᠃ | ᠰᠢᠶᠠᠩ ᠤᠨ ᠳᠠᠭᠠᠭᠠᠴᠢᠯᠠᠭᠰᠠᠨ ᠰᠢᠶᠠᠨ ᠤ ᠭᠠᠵᠠᠷ ᠤᠨ ᠱᠠᠲᠤᠨ ᠤ ᠤᠳᠤᠷᠢᠳᠤᠯᠭ᠎ᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠠᠢ ᠤᠶᠠᠯᠳᠤᠭᠤᠯᠤᠨ᠂ ᠳᠠᠭᠠᠭᠠᠴᠢᠯᠠᠭᠰᠠᠨ ᠰᠢᠶᠠᠩ | ᠪᠠᠯᠭᠠᠰᠤᠨ ᠳᠤ ᠭᠦᠨᠵᠡᠭᠡᠶᠢᠷᠡᠨ ᠵᠢᠯᠣᠭᠤᠳᠬᠤ ᠠᠵᠢᠯ ᠢ ᠦᠷᠨᠢᠭᠦᠯᠦᠨ᠎ᠡ᠃ ᠬᠠᠮᠢᠶ᠎ᠠ ᠪᠦᠬᠦᠢ ᠰᠢᠶᠠᠩ ᠪᠠᠯᠭᠠᠰᠤ ᠨᠢ | ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠷᠥ ᠶᠢᠨ ᠪᠣᠳᠤᠯᠭ᠎ᠠ ᠶᠢ ᠣᠶᠢᠯᠠᠭᠠᠬᠤ᠂ ᠬᠠᠮᠢᠶᠠᠷᠤᠯᠲᠠ ᠳᠤ | ᠴᠢᠳᠠᠮᠠᠭᠠᠶ᠂ ᠮᠡᠷᠭᠡᠵᠢᠯ ᠲᠠᠢ᠂ ᠠᠵᠢᠯ ᠶᠠᠪᠤᠳᠠᠯ ᠢ ᠪᠦᠲᠦᠭᠡᠳᠡᠭ ᠺᠠᠳ᠋ᠷ ᠢ ᠲᠣᠬᠢᠷᠠᠭᠤᠯᠤᠨ᠂ ᠪᠣᠳᠠᠲᠠᠶ ᠭᠠᠵᠠᠷ ᠲᠤᠨᠢ | ᠭᠦᠨᠵᠡᠭᠡᠶᠢᠷᠡᠨ ᠠᠵᠢᠯ ᠵᠢᠯᠤᠭᠤᠳᠴᠤ᠂ ᠦᠨᠡᠨᠬᠦ ᠶᠠᠪᠤᠭᠳᠠᠭᠤᠰᠢᠲᠠᠶ ᠲᠤᠷᠰᠢᠯᠲᠠ ᠶᠢᠨ ᠠᠵᠢᠯ ᠢ ᠲᠦᠯᠬᠢᠨ | ᠠᠬᠢᠭᠤᠯᠬᠤ ᠲᠥᠯᠥᠪᠯᠡᠭᠡ ᠶᠢ ᠲᠣᠭᠲᠠᠭᠠᠨ᠎ᠠ᠃ ᠰᠢᠶᠠᠨ᠂ ᠰᠢᠶᠠᠩ᠂ ᠲᠣᠰᠬᠤᠨ ᠱᠠᠲᠤ ᠱᠠᠲᠤ ᠪᠠᠷ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠰᠢᠶᠠᠩ ᠪᠠᠯᠭᠠᠰᠤ ᠨᠢ ᠲᠠᠷᠢᠶᠠᠴᠢᠨ ᠡᠷᠦᠬᠡ᠂ ᠡᠵᠡᠩᠨᠡᠯᠲᠡ ᠶᠢᠨ ᠭᠤᠤᠯ | ᠴᠣᠭᠴᠠ ᠵᠡᠷᠭᠡ ᠲᠠᠢ ᠬᠡᠷᠡᠭᠵᠢᠭᠦᠯᠬᠦ ᠬᠡᠯᠡᠯᠴᠡᠭᠡᠷ ᠲᠣᠭᠲᠠᠵᠤ᠂ ᠡᠯ᠎ᠡ ᠱᠠᠲᠤᠨ ᠤ ᠬᠠᠷᠢᠭᠤᠴᠠᠯᠭ᠎ᠠ ᠪᠠ ᠡᠭᠦᠷᠭᠡ ᠶᠢ | ᠲᠣᠳᠣᠷᠬᠠᠶᠢᠯᠠᠵᠤ᠂ ᠲᠤᠭ᠎ᠠ ᠬᠡᠮᠵᠢᠶ᠎ᠡ ᠶᠣᠰᠣᠭᠠᠷ ᠱᠠᠭᠠᠷᠳᠠᠯᠭ᠎ᠠ ᠶᠣᠰᠣᠭᠠᠷ ᠴᠠᠭ ᠬᠤᠭᠤᠴᠠᠭᠠᠨ ᠤ ᠵᠠᠩᠭᠢᠶᠠᠰᠤ | ᠶᠣᠰᠣᠭᠠᠷ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ︵ᠳᠥᠷᠪᠡ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠪᠣᠯᠤᠨ ᠬᠤᠯᠪᠣᠭᠳᠠᠯ ᠪᠦᠬᠦᠢ ᠰᠢᠶᠠᠩ ᠪᠠᠯᠭᠠᠰᠤ ᠤᠬᠠᠭᠤᠯᠭ᠎ᠠ ᠶᠢᠨ ᠲᠥᠰᠦᠯ ᠲᠣᠭᠲᠠᠭᠠᠵᠤ | ᠂ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠤᠭᠳᠠᠯ ᠢ | ᠥᠷᠭᠡᠨ ᠢᠶᠠᠷ ᠤᠬᠠᠭᠤᠯᠵᠤ᠂ ᠺᠠᠳ᠋ᠷ ᠪᠣᠯᠤᠨ ᠣᠯᠠᠨ ᠲᠦᠮᠡᠨ ᠤ ᠦᠵᠡᠯ ᠲᠠᠨᠢᠯᠲᠠ ᠶᠢ ᠨᠢᠭᠡᠳᠬᠡᠵᠦ᠂ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠶᠢ ᠬᠢᠵᠠᠭᠠᠷᠯᠠᠬᠤ᠂ | ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠬᠤᠯᠪᠣᠭᠳᠠᠯ ᠪᠦᠬᠦᠢ ᠠᠵᠢᠯ ᠳᠤ ᠤᠬᠠᠮᠰᠠᠷ ᠠᠴᠠ ᠪᠠᠨ ᠪᠡᠯᠡ | ᠣᠷᠣᠭᠤᠯᠵᠤ᠂ ᠲᠠᠷᠢᠶᠠᠯᠠᠩ ᠤᠨ ᠬᠡᠷᠡᠭᠯᠡᠬᠦ ᠤᠰᠤ ᠶᠢ ᠪᠠᠭᠠᠰᠬᠠᠬᠤ ᠶᠢ ᠤᠬᠠᠮᠰᠠᠷᠲᠤ ᠠᠵᠢᠯᠯᠠᠭ᠎ᠠ ᠪᠣᠯᠭᠠᠨ᠎ᠠ᠃ | ᠣᠯᠠᠨ ᠢᠶᠠᠷ ᠢᠶᠠᠨ ᠠᠷᠭ᠎ᠠ ᠪᠣᠳᠣᠯᠭ᠎ᠠ ᠠᠪᠴᠤ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠶᠡᠬᠡᠪᠡᠷ ᠪᠤᠢ ᠪᠣᠯᠭᠠᠵᠤ᠂ ᠤᠬᠠᠭᠤᠯᠤᠨ ᠳᠠᠶᠢᠴᠢᠯᠠᠬᠤ ᠪᠠᠷ ᠳᠠᠮᠵᠢᠭᠤᠯᠤᠨ ︽ᠤᠰᠤᠯᠢᠭ ᠭᠠᠵᠠᠷ ᠢ ᠬᠠᠭᠤᠷᠠᠶ | ᠪᠣᠯᠭᠠᠬᠤ︾ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |