ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠮᠠᠨ ᠤ ᠰᠢᠶᠠᠨ ᠳᠤ ᠢᠷᠡᠵᠦ ︽ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2020/10/22
   10 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠵᠢᠶᠧ ᠨᠡᠷ ᠮᠠᠨ ᠤ ᠰᠢᠶᠠᠨ ᠳᠤ ᠭᠦᠨᠵᠡᠭᠡᠶᠢᠷᠡᠨ ︽ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠩ ᠲᠢᠩ ᠶᠦᠩ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠧᠩ ᠵᠧᠤ ᠴᠢ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠪᠠᠷ᠎ᠠ ᠪᠣᠯᠪᠠ᠃
   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ᠂ ᠲᠦᠭᠡᠭᠡᠯ ᠤᠰᠤᠨ ᠤ ᠺᠣᠮᠫᠠᠨᠢ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ᠂ ᠳ᠋ᠦᠩ ᠬᠤ᠋ ᠴᠡᠴᠡᠷᠯᠢᠭ ᠤᠨ ᠳᠤᠮᠳᠠᠬᠢ ᠤᠰᠤ ᠬᠠᠳᠠᠭᠠᠯᠠᠬᠤ ᠢᠨᠵᠧᠨᠧᠷᠢᠩ᠂ ᠰᠢᠶᠦ᠋ᠩ ᠸᠧᠶ ᠭᠤᠸᠠᠩ ᠳ᠋ᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠤᠮᠳᠠᠬᠢ ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠲᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠦᠢᠯᠡᠳᠪᠤᠷᠢ ᠶᠢᠨ ᠬᠡᠷᠡᠭᠯᠡᠬᠦ ᠤᠰᠤ᠂ ᠪᠣᠬᠢᠷ ᠤᠰᠤ ᠶᠢ ᠰᠢᠢᠳᠪᠤᠷᠢᠯᠡᠬᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠭᠠᠵᠠᠷ ᠤᠨ ᠭᠠᠳᠠᠷᠭᠤ ᠶᠢᠨ ᠤᠰᠤ ᠶᠢ ᠨᠡᠭᠡᠭᠡᠨ ᠠᠰᠢᠭᠯᠠᠬᠤ ᠪᠠ ᠬᠡᠷᠡᠭᠯᠡᠬᠦ ᠤᠰᠤ ᠶᠢ ᠬᠢᠨᠠᠨ ᠬᠡᠮᠵᠢᠬᠦ ᠵᠡᠷᠭᠡ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃
   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠡᠭᠦᠷᠭᠡ ᠴᠢᠳᠠᠪᠬᠢ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠳᠦᠷᠢᠮ︾ ᠢ ᠤᠬᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠱᠠᠲᠤᠨ ᠤ ᠺᠠᠳ᠋ᠷ ᠪᠣᠯᠤᠨ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ᠂ ︽ᠳᠦᠷᠢᠮ︾ ᠤᠨ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠭᠦᠢᠴᠡᠳ ᠲᠠᠨᠢᠵᠤ᠂ ᠪᠦᠬᠦ ᠠᠷᠠᠳ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠬᠤᠲᠠ ᠪᠠᠯᠭᠠᠰᠤᠨ ᠤ ᠪᠣᠬᠢᠷ ᠤᠰᠤ ᠶᠢ ᠬᠤᠷᠢᠭᠯᠠᠨ ᠬᠠᠮᠢᠶᠠᠷᠬᠤ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠵᠡᠷᠭᠡ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠡ᠃
   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠴᠢᠬᠤᠯᠠᠴᠢᠯᠠᠬᠤ ᠳᠠᠭᠠᠨ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠶ ᠪᠠᠷ ᠬᠡᠷᠡᠭᠯᠡᠵᠦ᠂ ᠪᠣᠬᠢᠷᠲᠤᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠰᠤ ᠴᠡᠪᠡᠷᠰᠢᠭᠦᠯᠵᠦ ᠤᠰᠤ ᠠᠷᠪᠢᠯᠠᠬᠤ ᠠᠷᠭ᠎ᠠ ᠵᠠᠮ ᠢ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠴᠢᠩᠭᠠᠳᠬᠠᠵᠤ᠂  ᠨᠠᠷᠢᠯᠢᠭ ᠬᠠᠮᠢᠶᠠᠷᠬᠤ ᠬᠡᠷᠡᠭᠲᠡᠶ᠃                ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2