ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠲᠣᠭᠤᠷᠢᠨ ᠪᠠᠶᠢᠴᠠᠭᠠᠵᠤ ︽ᠡᠷᠬᠢᠨ ᠪᠠᠶᠢᠴᠠᠭᠠᠵᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠵᠢᠴᠢ ᠴᠡᠭᠴᠡᠯᠡᠨ ᠰᠠᠶᠢᠵᠢᠷᠠᠭᠤᠯᠵᠤ ᠰᠤᠳᠤᠯᠤᠨ ᠮᠠᠭᠠᠳᠯᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/23
   10 ᠰᠠᠷ᠎ᠠ ᠶᠢᠨ 21 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ︽ᠡᠷᠬᠢᠨ ᠪᠠᠶᠢᠴᠠᠭᠠᠬᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠵᠢᠴᠢ ᠴᠡᠭᠴᠡᠯᠡᠨ ᠰᠠᠶᠢᠵᠢᠷᠠᠭᠤᠯᠬᠤ ᠰᠤᠳᠤᠯᠤᠨ ᠮᠠᠭᠠᠳᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠨ ᠤ ᠳᠠᠷᠤᠭ᠎ᠠ ᠼᠦᠢ ᠢᠦᠢ ᠯᠠᠢ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠡᠯ᠎ᠡ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠰᠣᠨᠣᠰᠪᠠ᠃ ᠸᠠᠩ ᠪᠢᠩ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠯ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠣᠳᠣᠬᠠᠨ ᠤ ᠭᠤᠤᠯᠳᠠᠯᠭ᠎ᠠ ᠲᠠᠢ ᠠᠵᠢᠯ᠂ ᠲᠡᠷᠢᠭᠦᠨ ᠴᠢᠬᠤᠯᠠ ᠡᠭᠦᠷᠭᠡ ᠪᠣᠯᠭᠠᠵᠤ᠂ ᠴᠢᠩᠭ᠎ᠠ ᠪᠣᠳᠠᠲᠠᠶ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃
   ᠸᠠᠩ ᠪᠢᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠳᠡᠭᠡᠳᠤ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠢᠭᠡ ᠠᠴᠠ ᠨᠥᠭᠦᠭᠡ ᠶᠢ ᠮᠡᠳᠡᠵᠦ᠂ ᠤᠷᠲᠤᠳᠬᠠᠨ ᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠬᠤ ᠬᠡᠷᠡᠭᠲᠡᠢ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠴᠢᠭᠯᠡᠭᠦᠯᠦᠨ ᠵᠤᠷᠪᠤᠰ ᠳᠠᠷᠠᠭᠠᠯᠠᠨ ᠡᠮᠬᠢᠯᠡᠵᠦ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠪᠣᠯᠤᠨ ᠴᠠᠭ ᠤᠨ ᠬᠢᠵᠠᠭᠠᠷ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠶ ᠬᠢᠵᠦ᠂ ᠡᠷᠲᠡᠬᠡᠨ ᠴᠡᠭᠴᠡᠯᠡᠨ ᠰᠠᠶᠢᠵᠢᠷᠠᠭᠤᠯᠬᠤ ᠪᠠᠷ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠶ᠃                 ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                 ᠣᠷᠴᠢᠭᠤᠯᠤᠭᠴᠢ᠄ ᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2