ᠠᠮᠢᠵᠢᠷᠠᠯ ᠪᠢᠯᠬᠠᠭᠰᠠᠨ ᠲᠠᠯ᠎ᠠ ᠨᠤᠳᠤᠭ ᠤᠨ ᠬᠠᠪᠤᠷ ᠤᠨ ᠰᠡᠬᠦᠯᠴᠢ᠂ ᠵᠤᠨ ᠤ ᠡᠬᠢᠨ ᠰᠠᠷ᠎ᠠ ᠬᠡᠭᠴᠢ | ᠦᠵᠡᠮᠵᠢ ᠶᠢᠨ ᠤᠷᠤᠨ ᠤ ᠰᠢᠨ᠎ᠡ ᠨᠢᠭᠡ ᠵᠢᠯ ᠤᠨ ᠵᠤᠭᠠᠴᠠᠭᠰᠠᠤᠨ ᠢᠶᠠᠨ ᠤᠭᠳᠤᠬᠤ ᠤᠨᠴᠠ ᠶᠢᠨ ᠰᠠᠶᠢᠬᠠᠨ ᠤᠯᠠᠷᠢᠯ | ᠪᠢᠯᠡ᠃ ᠭᠡᠪᠡᠴᠦ ᠬᠡᠨᠡᠳᠳᠡ ᠪᠠᠷ ᠡᠬᠦᠰᠦᠭᠰᠡᠨ ᠬᠢᠵᠢᠭ ᠤᠨ ᠨᠦᠯᠦᠬᠡ ᠠᠴᠠ ᠪᠤᠯᠵᠤ ᠬᠦᠮᠦᠰ ᠤᠨ ᠰᠡᠯᠡᠬᠦᠴᠡᠨ | ᠵᠤᠭᠠᠴᠠᠬᠤ ᠠᠷᠭ᠎ᠠ ᠬᠡᠯᠪᠡᠷᠢ ᠳᠤ ᠰᠢᠨ᠎ᠡ ᠬᠤᠪᠢᠷᠠᠯᠳᠠ ᠭᠠᠷᠴᠤ᠂ ᠰᠢᠨ᠎ᠡ ᠱᠠᠭᠠᠷᠳᠠᠯᠭ᠎ᠠ ᠳᠤᠷᠠᠳᠤᠯ᠎ᠠ᠃ ᠡᠶᠢᠨ ᠬᠦ | ᠦᠪᠡᠷᠲᠡᠭᠡᠨ ᠵᠠᠰᠠᠬᠤ ᠤᠷᠤᠨ ᠤ ᠰᠤᠶᠤᠯ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠠᠷᠠᠳ ᠤᠯᠠᠨ ᠤ ᠰᠤᠶᠤᠯ | ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ᠂ ᠰᠤᠶᠤᠯ ᠵᠢᠭᠤᠯᠴᠢᠯᠠᠯ ᠤᠨ ᠠᠵᠢᠯ ᠲᠦᠷᠦᠯ ᠤᠨ | ᠰᠢᠨ᠎ᠡ ᠬᠡᠪ ᠵᠠᠭᠪᠤᠷ ᠢ ᠴᠤᠭᠴᠠᠯᠠᠬᠤ ᠶᠢᠨ ᠵᠡᠷᠬᠡ ᠪᠠᠷ ᠦᠵᠡᠮᠵᠢ ᠶᠢᠨ ᠤᠷᠤᠨ ᠤ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ ᠠᠵᠢᠯ ᠢ ᠡᠷᠴᠢᠮᠳᠡᠢ ᠬᠢᠵᠦ᠂ ᠠᠷᠠᠤᠨ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ | ᠵᠢᠭᠤᠯᠴᠢᠯᠠᠯ ᠤᠨ ᠦᠢᠯᠡᠰ ᠢ ᠠᠮᠤᠷ ᠲᠦᠪᠰᠢᠨ ᠴᠢᠨᠠᠷ ᠰᠠᠶᠢᠲᠠᠢ ᠬᠦᠭᠵᠢᠭᠦᠯᠬᠦ ᠪᠠᠷ ᠬᠦᠴᠦᠯᠡᠨ ᠴᠢᠷᠮᠠᠶᠢᠵᠤ ᠪᠠᠶᠢᠨ᠎ᠠ᠃ | | ᠰᠤᠶᠤᠯ ᠵᠢᠭᠤᠯᠴᠢᠯᠠᠯ ᠤᠨ ᠰᠢᠨ᠎ᠡ ᠬᠡᠪ ᠵᠠᠭᠪᠤᠷ ᠤᠨ ᠴᠤᠭᠴᠠᠯᠠᠯ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠠᠴᠠ ᠰᠤᠶᠤᠯ ᠵᠢᠭᠤᠯᠴᠢᠯᠠᠯ ᠤᠨ ᠠᠵᠢᠯ | ᠲᠦᠷᠦᠯ ᠳᠤ ᠬᠦᠨᠳᠦ ᠦᠷᠢᠰᠦᠯᠳᠦᠬᠡᠨ ᠪᠤᠯᠤᠬᠰᠠᠨ ᠪᠤᠯᠪᠠᠴᠤ ᠦᠷᠬᠡᠨ ᠤᠯᠠᠨ ᠰᠤᠶᠤᠯ ᠪᠠ ᠵᠢᠭᠤᠯᠴᠢᠯᠠᠯ ᠤᠨ | ᠦᠢᠯᠡᠴᠢᠯᠡᠬᠡᠨ ᠤ ᠠᠵᠢᠯᠳᠠᠳ ᠬᠢᠵᠢᠭ ᠤᠨ ᠪᠠᠶᠢᠳᠠᠯ ᠳᠤ ᠴᠢᠭᠯᠡᠬᠦᠯᠦᠨ ᠰᠤᠶᠤᠯ ᠵᠢᠭᠤᠯᠴᠢᠯᠠᠯ ᠤᠨ ᠠᠵᠤ | ᠦᠢᠯᠡᠰ ᠤᠨ ᠰᠢᠨ᠎ᠡ ᠠᠷᠭ᠎ᠠ ᠬᠡᠮᠵᠢᠶ᠎ᠠ ᠶᠢ ᠡᠷᠢᠯᠬᠢᠯᠡᠵᠤ᠂ ᠬᠦᠭᠵᠢᠯᠳᠡ ᠶᠢᠨ ᠰᠢᠨ᠎ᠠ ᠬᠡᠯᠪᠡᠷᠢ ᠶᠢ ᠠᠰᠢᠬᠯᠠᠨ᠂ | ᠡᠭᠦᠳᠡ ᠪᠠᠨ ᠬᠠᠭᠠᠭᠰᠠᠨ ᠴᠦ ᠦᠢᠯᠡᠴᠢᠯᠡᠭᠡ ᠪᠠᠨ ᠵᠤᠭᠰᠤᠭᠰᠠᠨ ᠦᠭᠡᠢ᠂ ᠰᠢᠨ᠎ᠡ ᠬᠡᠪ ᠵᠠᠭᠪᠤᠷ ᠢ ᠴᠤᠭᠴᠠᠯᠠᠨ᠂ | ᠠᠷᠠᠳ ᠤᠯᠠᠨ ᠤ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠶᠢ ᠬᠠᠩᠭᠠᠭᠰᠠᠭᠠᠷ ᠢᠷᠡᠵᠠᠢ᠃ | ᠬᠥᠬᠡᠬᠤᠲᠠ ᠶᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠶᠢᠨ ᠵᠢᠭᠤᠯᠴᠢᠯᠠᠯ ᠤᠨ | ᠦᠶ᠋ᠯᠡᠴᠢᠯᠡᠭᠡᠨ ᠤ ᠲᠥᠪ ᠨᠢ ᠳᠤᠮᠳᠠᠳᠤ ᠤᠯᠤᠰ ᠤᠨ ᠨᠢᠭᠡᠲᠦᠮᠡᠯ ᠬᠤᠯᠪᠤᠭ᠎ᠠ ᠲᠠᠢ ᠬᠠᠮᠲᠤᠷᠠᠵᠤ ᠪᠥᠬᠦ ᠣᠷᠣᠨ ᠳᠤ | ᠲᠦᠷᠦᠭᠦᠯᠡᠨ 5G ᠮᠡᠷᠭᠡᠵᠢᠯ ᠤᠨ ᠳᠡᠮᠵᠢᠯᠭᠡ ᠪᠠᠷ ᠡᠯ᠎ᠡ ᠲᠣᠮᠣ ᠦᠵᠡᠮᠵᠢ ᠶᠢᠨ ᠣᠷᠣᠨ ᠲᠠᠢ ᠬᠠᠮᠲᠤ ᠪᠠᠷ | ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠰᠦᠯᠵᠢᠶᠡᠨ | ᠠᠨᠳᠠ ᠨᠠᠷ ᠤᠨ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠪᠠ᠃ ᠪᠥᠬᠦ ᠣᠷᠣᠨ ᠤ ᠠᠩᠬᠠᠳᠠᠭᠴᠢ | ᠲᠠᠯᠠᠪᠠᠢ 5G ᠰᠣᠶᠣᠯ ᠵᠢᠭᠤᠯᠴᠢᠯᠠᠯ ᠤᠨ ᠰᠢᠭᠤᠳ ᠨᠡᠪᠲᠡᠷᠡᠭᠦᠯᠭᠡ ᠨᠢ ᠬᠥᠬᠡᠬᠤᠲᠠ ᠶᠢᠨ ᠵᠣᠣ ᠵᠢᠶᠦ᠋ᠨ | ᠮᠦᠽᠧᠶ ᠳᠤ ᠶᠠᠪᠤᠭᠳᠠᠵᠤ᠂ ᠰᠦᠯᠵᠢᠶᠡᠨ ᠠᠨᠳᠠ ᠨᠠᠷ ᠪᠤᠰᠢᠭᠤ ᠭᠠᠷ᠂ ᠴᠤᠤᠷᠢᠶ᠎ᠠ᠂ ᠬᠥᠬᠡᠬᠤᠲᠠ ᠶᠢᠨ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠠᠯᠪᠠᠨ ᠤ ᠵᠢᠷᠭᠢᠶ᠎ᠡ ᠵᠡᠷᠭᠡ ᠲᠠᠪᠴᠠᠩ ᠢᠶᠠᠷ ᠳᠠᠮᠵᠢᠵᠤ᠂ | ᠭᠡᠷ ᠠᠴᠠ ᠪᠠᠨ ᠭᠠᠷᠬᠤ ᠦᠭᠡᠢ ᠪᠠᠷ ᠬᠦᠬᠡᠬᠤᠲᠠ ᠶᠢᠨ ᠵᠢᠭᠤᠯᠴᠢᠯᠠᠯ ᠤᠨ ᠤᠷᠤᠨ ᠤ ᠦᠵᠡᠮᠵᠢ ᠶᠢ ᠰᠤᠨᠢᠷᠬᠠᠯ᠎ᠠ᠃ | ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠨᠢ ᠤᠯᠠᠨ ᠬᠦᠮᠦᠰ ᠤᠨ ᠠᠩᠬᠠᠷᠤᠯ ᠢ ᠲᠠᠲᠠᠵᠤ᠂ ᠥᠷᠭᠡᠨ ᠣᠯᠠᠨ | ᠰᠦᠯᠵᠢᠶᠡᠨ ᠠᠨᠳᠠ ᠪᠠ ᠰᠣᠶᠣᠯ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠤ ᠦᠨᠳᠦᠷ ᠦᠨᠡᠯᠡᠯᠲᠡ ᠶᠢ ᠤᠯᠵᠤ | ᠂ ᠵᠠᠩᠵᠤᠨ ᠤ ᠶᠠᠮᠤᠨ᠂ ᠤᠯᠠᠭᠠᠨᠬᠦᠦ ᠶᠢᠨ ᠳᠤᠷᠠᠰᠬᠠᠯ ᠤᠨ ᠤᠷᠳᠤᠨ᠂ ᠭᠦᠩᠵᠦ ᠶᠢᠨ ᠣᠷᠳᠣᠨ ᠵᠡᠷᠭᠡ | ᠦᠵᠡᠮᠵᠢ ᠶᠢᠨ ᠤᠷᠤᠨ ᠢᠶᠠᠷ 5G ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠰᠤᠶᠤᠯ | ᠵᠢᠭᠤᠯᠴᠢᠯᠠᠯ ᠤᠨ ᠰᠢᠨ᠎ᠡ ᠬᠡᠪ ᠵᠠᠭᠪᠤᠷ ᠢ ᠴᠤᠭᠴᠠᠯᠠᠭᠰᠠᠨ ᠪᠠᠶᠢᠨ᠎ᠠ᠃ | ᠬᠢᠵᠢᠭ ᠤᠨ ᠬᠤᠭᠤᠴᠠᠭᠠᠨ ᠳᠤ᠂ ᠡᠯ᠎ᠡ ᠭᠠᠵᠠᠷ ᠤᠨ ᠮᠦᠽᠧᠶ ᠬᠤᠶᠢᠨ᠎ᠠ ᠬᠤᠶᠢᠨ᠎ᠠ ᠠᠴᠠ ᠪᠠᠨ ᠡᠭᠦᠳᠡ ᠪᠠᠨ | ᠬᠠᠭᠠᠭᠰᠠᠨ ᠪᠤᠯᠪᠠᠴᠤ ᠦᠢᠯᠡᠴᠢᠯᠡᠭᠡ ᠪᠠᠨ ᠵᠤᠭᠰᠤᠭᠰᠠᠨ ᠦᠭᠡᠢ᠂ ᠰᠦᠯᠵᠢᠶᠡᠨ ᠳᠡᠭᠡᠷᠡᠬᠢ ᠲᠡᠤᠬᠡ ᠶᠢᠨ | ᠳᠤᠷᠠᠰᠬᠠᠯᠲᠤ ᠵᠦᠶ᠋ᠯᠡᠰ ᠤᠨ ᠰᠢᠷᠢᠰ ᠦᠵᠡᠭᠦᠯᠭᠡ ᠶᠢ ᠵᠠᠯᠭᠠᠭ᠎ᠠ ᠪᠠᠷ ᠦᠷᠨᠢᠭᠦᠯᠵᠦ᠂ ᠤᠯᠠᠨ ᠲᠦᠮᠡᠨ ᠤ ᠮᠦᠽᠸᠢ ᠳᠤ | ᠲᠣᠭᠤᠷᠢᠨ ᠦᠵᠡᠵᠦ ᠳᠡᠶᠢᠯᠬᠦ ᠥᠬᠡᠶ ᠬᠠᠷᠠᠮᠰᠠᠯ ᠢ ᠪᠦᠲᠦᠮᠵᠢᠲᠡᠶ ᠨᠥᠬᠦᠪᠥᠷᠢᠯᠡᠪᠡ᠃ ᠥᠪᠥᠷ ᠮᠣᠩᠭᠤᠯ ᠤᠨ ᠮᠦᠽᠧᠶ | ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠪᠠ ᠰᠦᠯᠵᠢᠶᠡᠨ ᠥᠷᠲᠡᠭᠡ ᠪᠠᠷ ᠳᠠᠮᠵᠢᠭᠤᠯᠤᠨ᠂ ︽ᠶᠡᠭᠡ ᠯᠢᠶᠣᠤ | ᠤᠯᠤᠰ ᠬᠢᠳᠠᠨ︾ ᠪᠠ ︽ᠲᠩᠷᠢᠯᠢᠭ ᠮᠣᠩᠭᠤᠯ︾ ᠭᠡᠬᠦ ᠬᠤᠶᠠᠷ ᠲᠣᠮᠣ ᠰᠦᠯᠵᠢᠶᠡᠨ ᠳᠡᠭᠡᠷᠡᠬᠢ ᠦᠵᠡᠭᠦᠯᠭᠡ | ᠭᠠᠷᠭᠠᠵᠤ᠂ ᠰᠢᠨ᠎ᠡ ᠵᠠᠭᠤᠴᠢᠯᠠᠭᠤᠷ ᠪᠠ ᠳᠠᠭᠤᠷᠢᠶᠠᠮᠠᠯ ᠠᠬᠤᠢ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ | ᠮᠦᠽᠧᠶ ᠶᠢᠨ ᠰᠣᠶᠣᠯ ᠤᠨ ᠦᠢᠯᠡᠴᠢᠯᠡᠭᠡ ᠶᠢ ᠦᠢ ᠲᠦᠮᠡᠨ ᠠᠶᠢᠯ ᠡᠷᠦᠬᠡ ᠳᠤ ᠬᠦᠷᠭᠡᠵᠦ᠂ ᠦᠵᠡᠭᠴᠢᠳ ᠲᠤ ︽ | ᠡᠭᠦᠯᠡᠨ ᠵᠢᠭᠤᠯᠴᠢᠯᠠᠯ︾ ᠤᠨ ᠮᠦᠽᠧᠶ ᠶᠢ ᠰᠤᠨᠢᠷᠬᠠᠭᠤᠯᠤᠯ᠎ᠠ᠃ ᠤᠷᠠᠳ ᠮᠦᠽᠧᠶ VR ︵ᠳᠠᠭᠤᠷᠢᠶᠠᠮᠠᠯ ᠠᠬᠤᠶ︶ | ᠶᠢᠨ ᠮᠡᠷᠭᠡᠵᠢᠯ ᠢ ᠬᠡᠷᠡᠭᠯᠡᠨ᠂ 720 ᠭᠷᠠᠳᠦ᠋ᠰ ᠤᠨ ᠪᠥᠬᠦ ᠦᠵᠡᠮᠵᠢ ᠶᠢᠨ ᠬᠡᠯᠪᠡᠷᠢ ᠪᠠᠷ ᠮᠦᠽᠸᠢ ᠳᠣᠲᠣᠷᠠᠬᠢ | ᠦᠵᠡᠮᠦᠷᠢ ᠶᠢ ᠣᠯᠠᠨ ᠲᠦᠮᠡᠨ ᠤ ᠨᠢᠳᠦᠨ ᠡᠮᠦᠨ᠎ᠡ ᠳᠡᠯᠭᠡᠨ ᠦᠵᠡᠭᠦᠯᠵᠦ᠂ ᠦᠵᠡᠭᠴᠢᠳ VR ᠨᠢᠳᠦᠨ ᠰᠢᠯ | ᠵᠡᠭᠦᠵᠦ ᠶᠠᠭ ᠪᠡᠶ᠎ᠡ ᠪᠠᠷ ᠢᠶᠠᠨ ᠬᠦᠷᠦᠭᠰᠡᠨ ᠮᠡᠲᠦ ᠰᠤᠨᠢᠷᠬᠠᠵᠤ ᠪᠤᠯᠳᠠᠭ᠃ ᠤᠯᠠᠭᠠᠨᠬᠠᠳᠠ ᠮᠦᠽᠧᠢ᠂ ᠤᠷᠳᠤᠰ | ᠮᠦᠽᠧᠢ᠂ ᠤᠷᠳᠤᠰ ᠬᠦᠷᠡᠯ ᠪᠠᠭᠠᠵᠢ ᠶᠢᠨ ᠮᠦᠽᠧᠢ ᠵᠡᠷᠭᠡ ᠨᠢ ᠰᠦᠯᠵᠢᠶᠡᠨ ᠦᠷᠲᠡᠭᠡ ᠪᠣᠯᠤᠨ ᠵᠢᠷᠭᠢᠶ᠎ᠡ ᠶᠢᠨ ᠤᠯᠠᠨ | ᠨᠡᠶᠢᠲᠡ ᠶᠢᠨ ᠳ᠋ᠤᠭᠠᠷ ᠢ ᠠᠰᠢᠬᠯᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠭᠤᠷᠢᠶᠠᠮᠠᠯ ᠦᠵᠡᠭᠦᠯᠭᠡ ᠭᠠᠷᠭᠠᠵᠤ᠂ | ᠦᠵᠡᠭᠴᠢᠳ ᠭᠡᠷ ᠠᠴᠠ ᠪᠠᠨ ᠭᠠᠷᠬᠤ ᠦᠭᠡᠢ ᠪᠠᠷ ᠭᠤᠶᠢᠳᠠ ᠰᠠᠶᠢᠬᠠᠨ ᠰᠣᠶᠣᠯ ᠤᠨ ᠦᠢᠯᠡᠴᠢᠯᠡᠭᠡ ᠬᠦᠷᠲᠡᠵᠦ | ᠪᠠᠶᠢᠯ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠱᠠᠨ ᠰᠢ ᠮᠤᠵᠢ ᠶᠢᠨ ᠰᠣᠶᠣᠯ ᠤᠨ ᠣᠷᠳᠣᠨ᠂ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠲᠠᠢ | ᠬᠠᠮᠲᠤᠷᠠᠨ ᠭᠤᠷᠪᠠᠨ ᠮᠤᠵᠢ ᠣᠷᠣᠨ ᠤ ᠠᠷᠠᠳ ᠤᠨ ᠳᠠᠭᠤᠤ ᠶᠢᠨ ᠲᠦᠷᠦᠯ ᠳᠡᠮᠳᠡᠭ ᠤᠨ ᠠᠵᠢᠯᠯᠠᠭ᠎ᠠ ᠶᠢᠨ | ᠰᠦᠯᠵᠢᠶᠡᠨ ᠤ ᠬᠠᠮᠲᠤᠷᠠᠭᠰᠠᠨ ᠦᠵᠡᠭᠦᠯᠭᠡ ᠭᠠᠷᠭᠠᠵᠤ᠂ ᠡᠯ᠎ᠡ ᠭᠠᠵᠠᠷ ᠤᠷᠤᠨ ᠤ ᠦᠨᠳᠦᠰᠦᠲᠡᠨ ᠤ ᠣᠨᠴᠠᠯᠢᠭ ᠲᠠᠢ | ᠰᠢᠯᠢᠳᠡᠭ ᠪᠦᠲᠦᠭᠡᠯ ᠢ ᠰᠣᠩᠭᠤᠵᠤ᠂ ᠭᠤᠷᠪᠠᠨ ᠮᠤᠵᠢ ᠣᠷᠣᠨ ᠤ ᠭᠠᠵᠠᠷ ᠣᠷᠣᠨ ᠤ ᠣᠨᠴᠠᠯᠢᠭ ᠲᠠᠢ᠂ | ᠦᠨᠳᠦᠰᠦᠲᠡᠨ ᠤ ᠵᠠᠩ ᠦᠢᠯᠡ ᠶᠢ ᠢᠯᠡᠷᠡᠭᠦᠯᠦᠭᠰᠡᠨ ᠠᠷᠠᠳ ᠤᠨ ᠳᠠᠭᠤᠤ ᠶᠢᠨ ᠤᠯᠠᠮᠵᠢᠯᠠᠯᠲᠤ ᠰᠣᠶᠣᠯ ᠢ ᠪᠥᠬᠦ | ᠲᠠᠯ᠎ᠠ ᠪᠠᠷ ᠳᠡᠯᠭᠡᠨ ᠦᠵᠡᠭᠦᠯᠦᠭᠰᠡᠨ ᠪᠠᠶᠢᠨ᠎ᠠ᠃ | ᠡᠭᠦᠨ ᠠᠴᠠ ᠭᠠᠳᠠᠨ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠦᠪᠡᠷᠲᠡᠭᠡᠨ ᠵᠠᠰᠠᠬᠤ | ᠤᠷᠤᠨ ᠤ ᠡᠯ᠎ᠡ ᠭᠠᠵᠠᠷ ᠤᠨ ᠨᠣᠮ ᠤᠨ ᠰᠠᠩ ᠦᠢᠯᠡᠴᠢᠯᠡᠭᠡᠨ ᠤ ᠠᠷᠭ᠎ᠠ ᠮᠠᠶ᠋ᠢᠭ ᠲᠠᠭᠠᠨ ᠲᠠᠰᠤᠷᠠᠯᠲᠠ ᠥᠬᠡᠶ | ᠰᠢᠨ᠎ᠡ ᠶᠢ ᠡᠭᠦᠳᠴᠦ᠂ ᠥᠷᠭᠡᠨ ᠣᠯᠠᠨ ᠤᠩᠰᠢᠭᠴᠢᠳ ᠲᠤ ᠰᠦᠯᠵᠢᠶᠡᠨ ᠳᠡᠭᠡᠷᠡᠬᠢ ᠤᠶᠤᠨᠲᠤ ᠨᠣᠮ ᠤᠨ ᠰᠠᠩ ᠤᠨ | ᠦᠢᠯᠡᠴᠢᠯᠡᠭᠡ ᠬᠠᠩᠭᠠᠪᠠ᠃ ᠤᠢᠢᠷ᠎ᠠ ᠳᠤ᠂ ︽ᠨᠤᠮ ᠪᠢᠴᠢᠭ ᠲᠠᠢ ᠬᠠᠨᠢᠯᠠᠨ ᠵᠠᠯᠠᠭᠤ ᠨᠠᠰᠤᠨ ᠳᠠᠭᠠᠨ ᠴᠢᠷᠮᠠᠶᠢᠨ | ᠲᠡᠮᠡᠴᠡᠶ᠎ᠡ︾ ᠭᠡᠬᠦ ᠭᠤᠤᠯ ᠰᠡᠳᠦᠪᠲᠦ ︽5 · 4︾ ᠤ ᠵᠠᠯᠠᠭᠤᠴᠤᠳ ᠤᠨ ᠨᠣᠮ ᠤᠨ ᠴᠢᠭᠤᠯᠭᠠᠨ ᠪᠠ ᠨᠤᠮ | ᠤᠩᠰᠢᠬᠤ ᠰᠢᠷᠢᠰ ᠠᠵᠢᠯᠯᠠᠭ᠎ᠠ ᠬᠦᠬᠡᠬᠤᠲᠠ ᠳᠤ ᠡᠬᠢᠯᠡᠵᠦ᠂ ᠠᠬᠤᠶ ᠲᠠᠯᠠᠪᠠᠶ ᠳᠤ ᠰᠦᠯᠵᠢᠶᠡᠨ ᠤ ᠰᠢᠭᠤᠳ | ᠨᠡᠪᠲᠡᠷᠡᠭᠦᠯᠭᠡ ᠪᠠᠷ ᠲᠣᠰ ᠤᠳᠠᠭᠠᠨ ᠤ ᠰᠢᠷᠢᠰ ᠠᠵᠢᠯᠯᠠᠭ᠎ᠠ ᠶᠢ ᠲᠠᠨᠢᠯᠴᠠᠭᠤᠯᠬᠤ ᠶᠢᠨ ᠬᠠᠮᠲᠤ᠂ ᠨᠡᠩ ᠤᠯᠠᠨ | ᠵᠠᠯᠠᠭᠤᠴᠤᠳ ᠢ ᠤᠷᠢᠵᠤ ᠨᠤᠮ ᠤᠩᠰᠢᠬᠤ ᠰᠢᠭᠤᠳ ᠨᠡᠪᠲᠡᠷᠡᠭᠦᠯᠭᠡ ᠶᠢᠨ ᠡᠩᠨᠡᠭᠡᠨ ᠳᠤ ᠤᠷᠤᠯᠴᠠᠭᠤᠯᠵᠤ᠂ ᠰᠢᠨ᠎ᠡ | ᠴᠠᠭ ᠦᠶ᠎ᠡ ᠶᠢᠨ ᠬᠦᠭᠵᠢᠯᠲᠡ ᠳᠤ ᠰᠢᠨ᠎ᠡ ᠬᠦᠴᠦᠨ ᠴᠢᠳᠠᠯ ᠨᠡᠮᠡᠷᠢᠯᠡᠬᠦ ᠶᠢ ᠵᠤᠷᠢᠭᠵᠢᠭᠤᠯᠪᠠ᠃ ᠪᠦᠬᠦ ᠣᠷᠣᠨ ᠤ | ᠡᠯ᠎ᠡ ᠭᠠᠵᠠᠷ ᠤᠨ ᠣᠯᠠᠨ ᠲᠦᠮᠡᠨ ᠤ ᠤᠷᠠᠯᠢᠭ ᠤᠨ ᠣᠷᠳᠣᠨ ︵ᠰᠣᠶᠣᠯ ᠤᠨ ᠣᠷᠳᠣᠨ︶᠂ ᠰᠣᠶᠣᠯ ᠤᠨ ᠥᠷᠲᠡᠭᠡ | ᠪᠠ ᠰᠣᠶᠣᠯ ᠤᠨ ᠠᠵᠢᠯᠯᠠᠭᠠᠨ ᠤ ᠲᠠᠰᠤᠭ ᠤᠳ ᠴᠦ ᠤᠯᠠᠨ ᠠᠷᠪᠢᠨ ᠤᠷᠠᠯᠢᠭ ᠤᠨ ᠪᠦᠲᠦᠭᠡᠯ ᠵᠤᠬᠢᠶᠠᠨ ᠪᠦᠲᠦᠭᠡᠵᠦ | ᠰᠦᠯᠵᠢᠶᠡᠨ ᠤ ᠲᠠᠪᠴᠠᠩ ᠢᠶᠠᠷ ᠤᠯᠠᠨ ᠲᠦᠮᠡᠨ ᠳᠤ ᠰᠤᠨᠢᠷᠬᠠᠭᠤᠯᠵᠤ ᠬᠡᠬᠦᠳᠡᠭ ᠳᠦᠭᠦᠷᠡᠩ ᠬᠠᠯᠠᠭᠤᠨ | ᠰᠡᠳᠬᠢᠯᠭᠡ ᠪᠠᠨ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠨ ᠪᠣᠯᠭᠠᠨ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠰᠢᠨ᠎ᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠡᠷᠴᠢᠮᠲᠡᠢ ᠴᠢᠷᠮᠠᠶᠢᠯᠭ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠠᠯᠬᠤᠮ ᠠᠯᠬᠤᠮ ᠢᠶᠠᠷ ᠰᠠᠶᠢᠵᠢᠷᠠᠬᠤ ᠶᠢ | ᠳᠠᠭᠠᠯᠳᠤᠨ᠂ ᠦᠪᠡᠷᠲᠡᠭᠡᠨ ᠵᠠᠰᠠᠬᠤ ᠤᠷᠤᠨ ᠡᠯ᠎ᠡ ᠵᠦᠢᠯ ᠤᠨ ᠠᠵᠢᠯ ᠲᠦᠷᠦᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠪᠦᠬᠦ ᠵᠢᠯ ᠤᠨ ᠠᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠤᠢᠢᠯᠠᠭᠠᠭᠰᠠᠨ ᠢᠶᠠᠷ᠂ 4 ᠰᠠᠷ᠎ᠠ ᠶᠢᠨ ᠡᠬᠢᠨ ᠪᠣᠯᠲᠠᠯ᠎ᠠ᠂ ᠪᠥᠬᠦ ᠣᠷᠣᠨ ᠤ 15067 ᠣᠯᠠᠨ ᠨᠡᠶᠢᠲᠡ ᠶᠢᠨ | ᠰᠣᠶᠣᠯ ᠤᠨ ᠲᠠᠯᠠᠪᠤᠷ ᠤᠨ 14953 ᠨᠢ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ | 99.24% ᠪᠠᠶᠢᠵᠤ᠂ 473 ᠵᠢᠭᠤᠯᠴᠢᠯᠠᠯ ᠤᠨ ᠦᠵᠡᠮᠵᠢ ᠶᠢᠨ ᠣᠷᠣᠨ ᠤ 291 ᠨᠢ ᠠᠵᠢᠯ ᠢᠶᠠᠨ ᠰᠡᠷᠭᠦᠭᠡᠵᠦ᠂ | ᠠᠵᠢᠯ ᠢᠶᠠᠨ ᠰᠡᠷᠭᠦᠭᠡᠭᠰᠡᠨ ᠨᠣᠷᠮ᠎ᠠ ᠨᠢ 61.52% ᠪᠤᠯᠪᠠ᠃ ᠤᠳᠤᠨ ᠲᠠᠰ ᠤᠨ 259 ᠵᠢᠭᠤᠯᠴᠢᠯᠠᠯ ᠤᠨ | ᠪᠠᠭᠤᠳᠠᠯ ᠤᠨ 217 ᠨᠢ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 83. | 78% ᠳᠤ ᠬᠦᠷᠦᠭᠰᠡᠨ ᠪᠠᠶᠢᠨ᠎ᠠ᠃ ︽5 · 1︾ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠪᠠᠷ᠂ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠤᠩᠭᠤᠯᠴᠤᠳ ᠥᠪᠥᠷ | ᠮᠣᠩᠭᠤᠯ ᠢᠶᠠᠷ ᠢᠶᠠᠨ ᠵᠤᠭᠠᠴᠠᠬᠤ︾ ᠠᠵᠢᠯᠯᠠᠭ᠎ᠠ ᠶᠢ ᠬᠥᠲᠥᠯᠦᠨ ᠵᠢᠯᠣᠭᠤᠳᠴᠤ᠂ 56 ᠵᠤᠷᠪᠤᠰ ᠬᠠᠪᠤᠷ ᠵᠣᠨ ᠤ | ᠤᠯᠠᠷᠢᠯ ᠤᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ᠃ ᠨᠡᠶᠢᠳᠡᠯᠡᠭᠰᠡᠨ 4 ᠵᠤᠷᠪᠤᠰ ᠰᠣᠳᠣᠨ ᠵᠢᠭᠤᠯᠴᠢᠯᠠᠯ ᠤᠨ | ᠵᠠᠮ ᠱᠤᠭᠤᠮ᠂ 10 ᠵᠤᠷᠪᠤᠰ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠪᠠ 42 ᠵᠤᠷᠪᠤᠰ ᠲᠤᠰᠬᠠᠶ | ᠰᠡᠳᠦᠪᠲᠦ ᠵᠢᠭᠤᠯᠴᠢᠯᠠᠯ ᠤᠨ ᠵᠠᠮ ᠱᠤᠭᠤᠮ ᠨᠢ᠂ ᠡᠯᠪᠡᠭ ᠪᠠᠶᠠᠯᠢᠭ ᠠᠭᠤᠯᠭ᠎ᠠ ᠲᠠᠢ ᠪᠠᠶᠢᠵᠤ᠂ ᠣᠯᠠᠨ ᠲᠦᠮᠡᠨ ᠢ | ᠬᠥᠲᠥᠯᠥᠨ ᠵᠢᠯᠤᠭᠤᠳᠴᠤ ᠡᠷᠡᠭᠦᠯ ᠮᠡᠨᠳᠦ ᠠᠮᠤᠷ ᠲᠦᠪᠰᠢᠨ ᠡᠮᠬᠢ ᠵᠢᠷᠤᠮ ᠲᠠᠢ ᠵᠢᠭᠤᠯᠴᠢᠯᠠᠵᠤ᠂ ᠥᠪᠡᠷᠲᠡᠭᠡᠨ | ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠶ᠋ᠯᠡᠰ ᠤᠨ ᠰᠡᠷᠭᠦᠯᠲᠡ ᠳᠤ ᠬᠦᠴᠦᠨ ᠨᠡᠮᠡᠷᠢᠯᠡᠪᠡ᠃ | ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ | ᠡᠨᠡ ᠵᠢᠯ ᠤᠨ ︽5᠂ 1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠵᠤᠭᠠᠴᠠᠭᠴᠢ ᠶᠢ ᠨᠡᠶᠢᠲᠡ | 227.34 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠦᠶ᠋ᠯᠡᠰ ᠤᠨ ᠶᠡᠷᠦᠩᠬᠡᠶ ᠣᠷᠣᠯᠭ᠎ᠠ | 6.504 ᠳ᠋ᠦᠡᠭᠰᠢᠭᠤᠷ ᠲᠥᠭᠦᠷᠢᠭ ᠪᠠᠶᠢᠵᠤ᠂ ᠬᠦᠯᠢᠶᠡᠨ ᠠᠪᠤᠭᠰᠠᠨ ᠬᠥᠮᠦᠨ ᠤ ᠲᠤᠭ᠎ᠠ ᠪᠣᠯᠤᠨ ᠵᠢᠭᠤᠯᠴᠢᠯᠠᠯ ᠤᠨ | ᠦᠶ᠋ᠯᠡᠰ ᠤᠨ ᠶᠡᠷᠦᠩᠬᠡᠶ ᠣᠷᠣᠯᠭ᠎ᠠ ᠨᠢᠳᠤᠨᠤᠨ ᠤ ᠠᠳᠠᠯᠢ ᠬᠤᠭᠤᠴᠠᠭᠠᠨ ᠤ 30% ᠣᠷᠴᠢᠮ ᠳᠤ ᠬᠦᠷᠴᠡᠶ᠃ | ᠮᠠᠨ ᠤ ᠣᠷᠣᠨ ᠤ ᠬᠦᠯᠢᠶᠡᠨ ᠠᠪᠤᠭᠰᠠᠨ ᠵᠤᠭᠠᠴᠠᠭᠴᠢ ᠭᠤᠤᠯᠳᠠᠭᠤ ᠣᠷᠣᠨ ᠤ ᠳᠤᠲᠤᠷᠠᠬᠢ ᠪᠥᠭᠡᠳ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠢᠶᠠᠷ ᠭᠤᠤᠯ ᠪᠣᠯᠭᠠᠵᠤ᠂ ᠣᠷᠣᠨ ᠤ ᠳᠣᠲᠣᠷᠠᠬᠢ ᠵᠤᠭᠠᠴᠠᠭᠴᠢ ᠶᠢᠨ ᠲᠤᠭ᠎ᠠ 91. | 81% ᠶᠢ ᠡᠵᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠯᠥᠭᠡ ᠶᠢ ᠬᠦᠷᠲᠡᠭᠰᠡᠨ ᠠᠴᠠ᠂ ᠮᠤᠵᠢ | ᠣᠷᠣᠨ ᠠᠯᠤᠰᠯᠠᠭᠰᠠᠨ ᠵᠢᠭᠤᠯᠴᠢᠯᠠᠯ ᠨᠡᠯᠢᠶᠡᠳ ᠴᠥᠭᠡᠨ ᠪᠠᠶᠢᠵᠤ᠂ ᠵᠥᠪᠬᠡᠨ ᠪᠦᠬᠦ ᠣᠷᠣᠨ ᠤ ᠬᠦᠯᠢᠶᠡᠨ ᠠᠪᠤᠭᠰᠠᠨ | ᠵᠤᠭᠠᠴᠠᠭᠴᠢ ᠶᠢᠨ ᠶᠡᠷᠦᠩᠬᠡᠶ ᠲᠣᠭᠠᠨ ᠤ 8.19% ᠶᠢ ᠡᠵᠡᠯᠡᠪᠡ᠃ | ︽5᠂ 1︾ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠷ ᠲᠡᠷᠢᠭᠦᠨ ᠡᠭᠦᠷᠭᠡ ᠪᠠᠨ ᠪᠤᠯᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠤᠭᠠᠴᠠᠭᠰᠠᠳ ᠢ | ᠬᠦᠯᠢᠶᠡᠨ ᠠᠪᠬᠤ ᠬᠠᠮᠤᠭ ᠤᠨ ᠶᠡᠭᠡ ᠳᠠᠭᠠᠭᠠᠴᠠ ᠶᠢᠨ 30% ᠠᠴᠠ ᠬᠡᠲᠦᠷᠡᠵᠦ ᠪᠣᠯᠬᠤ ᠦᠭᠡᠢ ᠭᠡᠬᠦ ᠲᠣᠭᠲᠠᠭᠠᠯ ᠢ | ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠪᠣᠯᠵᠣᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠵᠤᠭᠠᠴᠠᠭᠰᠠᠤᠨ ᠢ | ᠬᠥᠲᠥᠯᠥᠨ ᠵᠢᠯᠣᠭᠤᠳᠴᠤ ᠪᠦᠯᠦᠭ ᠬᠤᠪᠢᠶᠠᠨ ᠦᠵᠡᠮᠵᠢ ᠶᠢᠨ ᠤᠷᠤᠨ ᠳᠤ ᠣᠷᠣᠭᠤᠯᠵᠤ᠂ ᠴᠠᠭ ᠠᠯᠤᠰᠯᠠᠭᠤᠯᠤᠨ | ᠵᠢᠭᠤᠯᠴᠢᠯᠠᠭᠤᠯᠵᠤ᠂ ᠵᠤᠭᠠᠴᠠᠭᠰᠠᠤᠨ ᠬᠡᠲᠦᠷᠬᠡᠶ ᠲᠥᠪᠯᠡᠷᠡᠭᠦ ᠠᠴᠠ ᠵᠠᠶᠢᠯᠠᠰᠬᠢᠪᠠ᠃ ︽5᠂ 1︾ ᠤ | ᠠᠮᠠᠷᠠᠯᠲᠠ ᠶᠢᠨ ᠬᠤᠭᠤᠴᠠᠭᠠᠨ ᠳᠤ ᠪᠦᠬᠦ ᠤᠷᠤᠨ ᠤ ᠡᠯ᠎ᠡ ᠭᠠᠵᠠᠷ ᠤᠷᠤᠨ ᠪᠦᠷ ᠬᠡᠷᠡᠭᠯᠡᠬᠡᠨ ᠤ ᠲᠡᠮᠲᠡᠭᠲᠦ | ᠲᠠᠷᠬᠠᠭᠠᠵᠤ᠂ ᠣᠷᠣᠨ ᠤ ᠳᠣᠲᠣᠷᠠᠬᠢ ᠵᠤᠭᠠᠴᠠᠭᠰᠠᠳ ᠤᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ | ᠬᠤᠨᠤᠭ ᠪᠠᠭᠤᠳᠠᠯ᠂ ᠵᠢᠭᠤᠯᠴᠢᠯᠠᠯ ᠵᠡᠷᠭᠡ ᠠᠵᠢᠯᠯᠠᠭ᠎ᠠ ᠳᠤ ᠨᠥᠬᠦᠪᠥᠷᠢ ᠤᠯᠭᠤᠵᠤ᠂ ᠵᠢᠭᠤᠯᠴᠢᠯᠠᠯ ᠤᠨ ᠬᠡᠷᠡᠭᠯᠡᠭᠡ ᠶᠢ | ᠬᠦᠭᠵᠢᠬᠡᠨ ᠳᠠᠶᠢᠴᠢᠯᠠᠭᠰᠠᠨ ᠪᠠᠶᠢᠨ᠎ᠠ᠃ ᠮᠠᠨ ᠤ ᠣᠷᠣᠨ ᠤ ᠡᠯ᠎ᠡ ᠱᠠᠲᠤᠨ ᠤ ᠨᠡᠭᠡᠭᠡᠯᠲᠡ ᠪᠠᠨ ᠰᠡᠷᠭᠦᠭᠡᠭᠰᠡᠨ ᠰᠣᠶᠣᠯ | ᠵᠢᠭᠤᠯᠴᠢᠯᠠᠯ ᠤᠨ ᠦᠵᠡᠮᠵᠢ ᠶᠢᠨ ᠤᠷᠤᠨ ᠴᠥᠮ ᠤᠷᠢᠳᠴᠢᠯᠠᠨ ᠪᠣᠯᠵᠣᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠠᠶᠠᠷ ᠤᠨ ᠡᠳᠦᠷ ᠪᠤᠯᠬᠤ ᠠᠴᠠ ᠡᠮᠦᠨ᠎ᠡ ᠤᠷᠢᠳᠴᠢᠯᠠᠨ ᠪᠣᠯᠵᠣᠬᠤ ᠤᠳᠠᠰᠤᠨ ᠨᠤᠮᠧᠷ᠂ | ᠣᠯᠠᠨ ᠨᠡᠶᠢᠲᠡ ᠶᠢᠨ ᠵᠢᠷᠭᠢᠶ᠎ᠡ ᠶᠢᠨ ᠳ᠋ᠤᠭᠠᠷ ᠵᠡᠷᠭᠡ ᠶᠢ ᠨᠡᠶᠢᠳᠡᠯᠡᠵᠦ᠂ ᠬᠥᠮᠦᠨ ᠬᠠᠷ᠎ᠠ ᠴᠤᠭᠯᠠᠷᠠᠬᠤ ᠶᠢ ᠪᠦᠲᠦᠮᠵᠢᠲᠡᠶ | ᠰᠡᠷᠭᠡᠶᠢᠯᠡᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠮᠠᠨ ᠤ ᠣᠷᠣᠨ ᠤ ᠡᠳᠦᠷ ᠪᠦᠷᠢ ᠤᠷᠢᠳᠴᠢᠯᠠᠨ | ᠪᠣᠯᠵᠣᠵᠤ ᠵᠢᠭᠤᠯᠴᠢᠯᠠᠵᠤ ᠪᠠᠶᠢᠭ᠎ᠠ ᠵᠤᠭᠠᠴᠠᠭᠴᠢ ᠲᠦᠮᠡ ᠭᠠᠷᠤᠶ ᠬᠥᠮᠦᠨ ᠪᠠᠶᠢᠨ᠎ᠠ᠃ | ᠠᠮᠦᠷ ᠲᠦᠪᠰᠢᠨ ᠴᠢᠨᠠᠷ ᠰᠠᠶᠢᠲᠠᠢ ᠵᠢᠭᠤᠯᠴᠢᠯᠠᠯ ᠤᠨ ᠵᠢᠷᠤᠭᠯᠠᠯ | ᠠᠶᠤᠯᠭᠦᠢ ᠦᠢᠯᠡᠳᠪᠦᠷᠢᠯᠡᠯ ᠨᠢ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃ ᠠᠮᠤᠷ ᠲᠦᠪᠰᠢᠨ ᠢ ᠴᠢᠬᠤᠯᠠᠴᠢᠯᠠᠬᠤ ᠨᠢ | ᠳᠠᠷᠤᠢ ᠬᠥᠭᠵᠢᠯᠲᠡ ᠶᠢ ᠴᠢᠬᠤᠯᠠᠴᠢᠯᠠᠵᠤ᠂ ᠠᠮᠤᠷ ᠲᠦᠪᠰᠢᠨ ᠢ ᠴᠢᠬᠤᠯᠠᠴᠢᠯᠠᠬᠤ ᠨᠢ ᠳᠠᠷᠤᠢ ᠠᠷᠠᠳ ᠤᠨ | ᠠᠮᠢᠳᠤᠷᠠᠯ ᠢ ᠪᠠᠲᠤᠯᠠᠬᠤ ᠶᠠᠪᠤᠳᠠᠯ ᠪᠣᠯᠤᠨ᠎ᠠ᠃ ᠲᠦᠷᠦᠭᠦᠬᠡᠨ ᠬᠤᠷᠠᠯᠳᠤᠭᠤᠯᠤᠭᠰᠠᠨ ᠪᠦᠬᠦ ᠤᠷᠤᠨ ᠤ ᠰᠤᠶᠤᠯ ᠪᠠ | ᠵᠢᠭᠤᠯᠴᠢᠯᠠᠯ ᠤᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠳᠠᠰᠤ ᠬᠤᠷᠠᠯ ᠳᠤ᠂ ᠠᠷᠠᠳ ᠤᠯᠠᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ | ᠲᠦᠪᠰᠢᠨ ᠤ ᠬᠠᠷᠢᠭᠤᠴᠠᠯᠭ᠎ᠠ ᠶᠢ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠤᠨ ᠪᠠᠶᠢᠷᠢ᠂ ᠡᠯ᠎ᠡ ᠭᠤᠭᠴᠤᠭ᠎ᠠ | ᠪᠦᠷᠢ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ | ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ | ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ︽ | 5 · 1︾ ᠤ ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠠᠵᠢᠯ ᠢ | ᠳᠣᠭᠢᠷᠠᠭᠤᠯᠤᠨ ᠵᠢᠯᠣᠭᠤᠳᠬᠤ ᠲᠥᠪ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ | ᠬᠠᠮᠢᠶᠠᠷᠤᠯᠲᠠ ᠶᠢᠨ ᠠᠵᠢᠯ ᠢ ᠠᠮᠠᠷᠠᠯᠲᠠ ᠶᠢᠨ ᠬᠤᠭᠤᠴᠠᠭᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ᠂ | ᠦᠵᠡᠮᠵᠢ ᠶᠢᠨ ᠣᠷᠣᠨ ᠤ ᠵᠤᠭᠠᠴᠠᠭᠰᠠᠤᠨ ᠤᠨ ᠬᠡᠮᠵᠢᠶ᠎ᠡ ᠶᠢ ᠡᠵᠡᠮᠳᠡᠬᠦ᠂ ᠬᠤᠷᠠᠨ ᠲᠦᠪᠯᠡᠷᠡᠬᠦ ᠶᠢ ᠰᠡᠷᠭᠡᠶᠢᠯᠡᠬᠦ᠂ | ᠰᠡᠷᠭᠡᠶᠢᠯᠡᠨ ᠬᠠᠮᠠᠭᠠᠯᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠪᠠ᠃ ᠣᠳᠣᠬᠠᠨ ᠪᠣᠯᠲᠠᠯ᠎ᠠ᠂ | ᠪᠥᠬᠦ ᠣᠷᠣᠨ ᠳᠤ ᠴᠢᠬᠤᠯᠠ ᠶᠡᠭᠡ ᠵᠢᠭᠤᠯᠴᠢᠯᠠᠯ ᠤᠨ ᠶᠠᠰᠤ ᠴᠢᠨᠠᠷ ᠤᠨ ᠵᠠᠭᠠᠯᠳᠤᠯᠭ᠎ᠠ ᠪᠠ ᠠᠮᠤᠷ ᠲᠦᠪᠰᠢᠨ ᠤ | ᠬᠠᠷᠢᠭᠤᠴᠠᠯᠭ᠎ᠠ ᠶᠢᠨ ᠠᠳᠡᠯ ᠭᠠᠷᠤᠭᠰᠠᠨ ᠥᠬᠡᠶ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠠᠮᠤᠷ ᠲᠦᠪᠰᠢᠨ | ᠡᠮᠬᠢ ᠵᠢᠷᠤᠮ ᠲᠠᠢ ᠲᠣᠭᠲᠠᠭᠤᠨ ᠪᠠᠶᠢᠨ᠎ᠠ᠃ | 4 ᠰᠠᠷ᠎ᠠ ᠶᠢᠨ ᠡᠬᠢᠨ ᠢᠶᠠᠷ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ | ᠪᠤᠯᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠬᠢᠵᠢᠭ ᠤᠨ ᠳᠠᠷᠠᠭ᠎ᠠ ᠪᠠᠷ | ᠪᠦᠬᠦ ᠤᠷᠤᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠬᠡᠷᠬᠢᠨ ᠠᠬᠢᠭᠤᠯᠬᠤ ᠲᠤᠬᠠᠢ | ᠰᠦᠯᠵᠢᠶᠡᠨ ᠤ ᠪᠤᠯᠪᠠᠰᠤᠷᠠᠯ ᠡᠷᠬᠢᠯᠡᠵᠦ᠂ ᠪᠦᠬᠦ ᠤᠷᠤᠨ ᠤ ᠰᠤᠶᠤᠯ ᠵᠢᠭᠤᠯᠴᠢᠯᠠᠯ ᠤᠨ ᠰᠠᠯᠠᠭ᠎ᠠ | ᠮᠦᠴᠢᠷ ᠤᠨ ᠬᠢᠨ ᠳᠤ ᠬᠢᠵᠢᠭ ᠤᠨ ᠳᠠᠷᠠᠭᠠᠬᠢ ᠵᠢᠭᠤᠯᠴᠢᠯᠠᠯ ᠤᠨ ᠵᠠᠬ᠎ᠠ ᠳᠡᠯᠭᠡᠭᠦᠷ ᠪᠠ ᠬᠡᠷᠡᠭᠯᠡᠭᠡᠨ ᠤ ᠪᠠᠶᠢᠳᠠᠯ ᠤᠨ | ᠰᠢᠨ᠎ᠡ ᠬᠠᠨᠳᠤᠰᠢ᠂ ᠰᠢᠨ᠎ᠡ ᠬᠤᠪᠢᠷᠠᠯᠲᠠ ᠲᠠᠢ ᠤᠶᠠᠯᠳᠤᠭᠤᠯᠤᠨ᠂ ᠬᠢᠵᠢᠭ ᠤᠨ ᠳᠠᠷᠠᠭᠠᠬᠢ ᠥᠪᠥᠷ ᠮᠣᠩᠭᠤᠯ ᠤᠨ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠴᠤᠭᠴᠠᠯᠠᠬᠤ ᠠᠷᠭ᠎ᠠ ᠪᠣᠳᠣᠯᠭ᠎ᠠ᠂ ᠦᠶ᠋ᠯᠡᠳᠬᠦᠨ ᠢᠶᠠᠨ | ᠰᠢᠯᠢᠳᠡᠭᠵᠢᠭᠦᠯᠬᠦ ᠠᠷᠭ᠎ᠠ ᠪᠣᠳᠣᠯᠭ᠎ᠠ ᠪᠠ ᠡᠵᠡᠩᠨᠡᠨ ᠪᠣᠷᠣᠯᠠᠭᠤᠯᠤᠯᠲᠠ ᠪᠠᠨ ᠰᠠᠶᠢᠵᠢᠷᠠᠭᠤᠯᠬᠤ ᠠᠷᠭ᠎ᠠ ᠪᠣᠳᠣᠯᠭ᠎ᠠ ᠶᠢ | ᠳᠤᠷᠠᠳᠴᠤ᠂ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠪᠦᠬᠦ ᠤᠷᠤᠨ ᠤ ᠡᠯ᠎ᠡ ᠠᠶᠢᠮᠠᠭ ᠬᠤᠲᠠ ᠶᠢᠨ ᠰᠤᠶᠤᠯ | ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠰᠢᠷᠢᠰ ᠠᠷᠭ᠎ᠠ ᠪᠤᠳᠤᠯᠭ᠎ᠠ ᠲᠤᠭᠲᠠᠭᠠᠬᠤ ᠶᠢᠨ ᠬᠠᠮᠲᠤ ᠴᠢᠷᠮᠠᠶᠢᠨ ᠨᠠᠶᠢᠳᠠᠪᠤᠷᠢᠵᠢᠭᠤᠯᠵᠤ ᠪᠠᠶᠢᠨ᠎ᠠ᠃ | ᠬᠢᠩᠭᠠᠨ ᠠᠶᠢᠮᠠᠭ ︽ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ | ︾ ᠢ ᠨᠡᠶᠢᠲᠡᠯᠡᠵᠦ᠂ 2025 ᠣᠨ ᠪᠣᠯᠬᠤ ᠳᠤ᠂ ᠵᠢᠭᠤᠯᠴᠢᠯᠠᠯ ᠤᠨ ᠶᠡᠷᠦᠩᠬᠡᠢ ᠬᠥᠮᠦᠨ ᠤ ᠲᠤᠭ᠎ᠠ᠂ ᠶᠡᠷᠦᠩᠬᠡᠢ | ᠬᠡᠷᠡᠭᠯᠡᠭᠡ ᠶᠢ ᠵᠢᠯ ᠳᠤᠮᠳᠠᠴᠢ ᠪᠠᠷ 20% ᠪᠠᠷ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠰ ᠢ ᠪᠦᠬᠦ ᠠᠶᠢᠮᠠᠭ ᠤᠨ | ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠠᠵᠤ ᠦᠢᠯᠡᠰ ᠪᠣᠯᠭᠠᠨ᠎ᠠ ᠭᠡᠵᠡᠢ᠃ ᠠᠯᠠᠱᠠ | ᠠᠶᠢᠮᠠᠭ 2020 ᠣᠨ ᠳᠤ ᠪᠥᠬᠦ ᠠᠶᠢᠮᠠᠭ ᠲᠤ ᠨᠡᠶᠢᠲᠡ 10 ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠵᠦ᠂ 78.5153 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠰᠣᠶᠣᠯ | ᠵᠢᠭᠤᠯᠴᠢᠯᠠᠯ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠬᠤ ᠪᠠᠷ ᠪᠠᠶᠢᠨ᠎ᠠ᠃ | ᠦᠪᠡᠷᠲᠡᠭᠡᠨ ᠵᠠᠰᠠᠬᠤ ᠤᠷᠤᠨ ︽ᠢᠨᠲ᠋ᠧᠷ ᠰᠦᠯᠵᠢᠶ᠎ᠡ + ᠵᠢᠭᠤᠯᠴᠢᠯᠠᠯ︾ ᠤᠨ ᠰᠢᠨ᠎ᠡ ᠵᠠᠬᠪᠤᠷ ᠢ ᠠᠰᠢᠬᠯᠠᠨ᠂ | ᠣᠶᠤᠨᠲᠤ ᠵᠢᠭᠤᠯᠴᠢᠯᠠᠯ ᠤᠨ ᠦᠢᠯᠡᠳᠦᠯ ᠢ ᠪᠠᠳᠠᠷᠠᠭᠤᠯᠤᠨ᠂ ᠵᠤᠭᠠᠴᠠᠭᠰᠠᠤᠨ ᠤᠨ ᠲᠤᠭ᠎ᠠ ᠬᠡᠮᠵᠢᠶ᠎ᠡ ᠶᠢ ᠤᠷᠢᠳᠴᠢᠯᠠᠨ | ᠡᠵᠡᠮᠳᠡᠵᠦ᠂ ᠵᠢᠭᠤᠯᠴᠢᠯᠠᠯ ᠤᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠤᠷᠢᠳᠴᠢᠯᠠᠨ ᠰᠡᠷᠡᠮᠵᠢᠯᠡᠭᠦᠯᠦᠨ᠂ | ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠪᠠᠷ ᠢᠮᠠᠭᠲᠠ ᠪᠡᠯᠡᠬᠡᠨ ᠪᠠᠶᠢᠵᠤ᠂ ᠵᠢᠭᠤᠯᠴᠢᠯᠠᠯ ᠤᠨ | ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ | ᠰᠢᠯᠢᠳᠡᠭᠵᠢᠭᠦᠯᠦᠨ᠂ ᠵᠤᠭᠠᠴᠠᠭᠰᠠᠤᠨ ᠤᠨ ᠠᠮᠤᠷ ᠲᠦᠪᠰᠢᠨ ᠢ ᠪᠠᠲᠤᠯᠠᠨ ᠵᠢᠭᠤᠯᠴᠢᠯᠠᠯ ᠤᠨ ᠦᠢᠯᠡᠰ ᠤᠨ ᠴᠢᠨᠠᠷ | ᠰᠠᠶᠢᠲᠠᠢ ᠬᠦᠭᠵᠢᠯᠲᠡ ᠶᠢ ᠴᠢᠷᠮᠠᠶᠢᠨ ᠠᠬᠢᠭᠤᠯᠵᠤ ᠪᠠᠶᠢᠨ᠎ᠠ᠃ | ᠵᠣᠬᠢᠶᠠᠭᠴᠢ᠄ ᠤᠯᠠᠭᠠᠨᠲᠤᠶᠠᠭ᠎ᠠ | ᠨᠠᠶᠢᠷᠠᠭᠤᠯᠤᠭᠴᠢ᠄ ᠼᠠᠢ ᠬᠤᠩ | ᠢᠷᠡᠯᠳᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ |