ᠬᠤᠸᠠᠳᠧ ᠰᠢᠶᠠᠨ ᠬᠢᠲᠠᠳ ᠡᠪᠡᠰᠦᠨ ᠡᠮ ᠤᠨ ᠲᠠᠷᠢᠮᠠᠯ ᠢ ᠶᠡᠬᠡᠪᠡᠷ ᠬᠥᠭᠵᠢᠭᠦᠯᠵᠦ ᠪᠠᠶᠠᠵᠢᠯ ᠤᠨ ᠰᠢᠨ᠎ᠡ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2020/12/21
   ᠡᠨᠡ ᠵᠢᠯ ᠠᠴᠠ ᠨᠠᠰᠢ᠂ ᠬᠤᠸᠠᠳᠧ ᠰᠢᠶᠠᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠬᠢᠲᠠᠳ ᠡᠪᠡᠰᠦᠨ ᠡᠮ ᠲᠠᠷᠢᠬᠤ ᠠᠵᠤ ᠦᠢᠯᠡᠰ ᠢ ᠢᠳᠡᠪᠬᠢᠲᠡᠢ ᠰᠦᠪᠡᠭᠴᠢᠯᠡᠨ ᠂ ᠬᠢᠲᠠᠳ ᠡᠪᠡᠰᠦᠨ ᠡᠮ ᠤᠨ ᠲᠠᠷᠢᠮᠠᠯ ᠢ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠬᠦ ᠴᠢᠬᠤᠯᠠ ᠠᠵᠤ ᠦᠢᠯᠡᠰ ᠪᠣᠯᠭᠠᠨ ᠠᠳᠬᠤᠵᠦ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠂ ᠬᠥᠳᠡᠭᠡ ᠲᠣᠰᠬᠤᠨ ᠤ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠲᠠᠶᠢᠴᠢᠯᠠᠪᠠ᠃ ᠪᠠᠶᠠᠨᠲᠠᠯ᠎ᠠ ᠰᠢᠶᠠᠩ ᠤᠨ ᠾᠸᠦ ᠲᠠᠨ ᠲᠣᠰᠬᠤᠨ ᠤ ᠬᠢᠲᠠᠳ ᠡᠪᠡᠰᠦᠨ ᠡᠮ ᠲᠠᠷᠢᠬᠤ ᠵᠢᠱᠢᠶ᠎ᠡ ᠦᠵᠡᠭᠦᠯᠬᠦ ᠲᠠᠷᠢᠶᠠᠨ ᠳᠤ ᠬᠦᠷᠴᠦ ᠤᠴᠢᠬᠤᠶ᠎ᠠ ᠴᠢᠷᠠᠢ ᠳᠦᠭᠦᠷᠡᠩ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠭᠰᠠᠨ ᠲᠣᠰᠬᠤᠨ ᠤ ᠠᠷᠠᠳ ᠪᠠᠭᠪᠠᠭᠠᠶ ᠴᠡᠴᠡᠭ ᠤᠨ ᠦᠨᠳᠦᠰᠦ ᠮᠠᠯᠲᠠᠵᠤ ᠶᠠᠭᠠᠷᠠᠯᠳᠤᠨ᠎ᠠ᠃    ᠬᠢᠲᠠᠳ ᠡᠪᠡᠰᠦᠨ ᠡᠮ ᠲᠠᠷᠢᠬᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠬᠠᠷᠢᠭᠤᠴᠠᠯᠭᠠᠲᠠᠨ ᠭᠦᠸᠧ ᠱᠢ ᠯᠢᠨ ᠤ ᠲᠠᠨᠢᠯᠴᠠᠭᠤᠯᠬᠤ ᠪᠠᠷ᠂ ᠾᠧᠦ ᠲᠠᠨ ᠲᠣᠰᠬᠤᠨ ᠤ ᠬᠥᠷᠥᠰᠥ ᠰᠢᠷᠣᠶ ᠥᠩ ᠰᠢᠮᠡᠯᠢᠭ᠂ ᠳᠠᠯᠠᠶ ᠶᠢᠨ ᠲᠦᠪᠰᠢᠨ ᠠᠴᠠ ᠨᠡᠯᠢᠶᠡᠳ ᠥᠨᠳᠥᠷ ᠪᠠᠶᠢᠳᠠᠭ᠃ ᠨᠡᠷᠡᠨ ᠤ ᠲᠤᠰᠤᠯᠲᠠ ᠶᠢᠨ ᠴᠡᠭ ᠨᠢ ᠨᠡᠯᠢᠶᠡᠳ ᠣᠷᠳᠣ ᠪᠤᠯᠬᠤᠷ ᠠᠳᠡ ᠳᠠᠷᠢᠭᠰᠠᠨ ᠪᠠᠭᠪᠠᠭᠠᠶ ᠴᠡᠴᠡᠭ ᠤᠨ ᠶᠠᠰᠤ ᠴᠢᠨᠠᠷ ᠪᠠ ᠠᠮᠲᠠᠨ ᠤ ᠮᠡᠳᠡᠷᠡᠮᠵᠢ ᠨᠢ ᠨᠠᠩ ᠰᠠᠶᠢᠨ ᠪᠠᠶᠢᠳᠠᠭ᠃ ᠤᠤᠯ ᠨᠢ ᠠᠳᠡ ᠣᠯᠠᠩᠬᠢ ᠳᠠᠭᠠᠨ ᠪᠤᠭᠤᠳᠠᠢ᠂ ᠶᠤᠤᠮᠠᠢ ᠵᠡᠷᠭᠡ ᠤᠯᠠᠮᠵᠢᠯᠠᠯᠲᠤ ᠲᠠᠷᠢᠮᠠᠯ ᠲᠠᠷᠢᠵᠤ ᠪᠠᠶᠢᠵᠠᠶ᠃ ᠦᠢᠷ᠎ᠡ ᠶᠢᠨ ᠬᠤᠶᠠᠷ ᠵᠢᠯ ᠳᠤ ᠲᠡᠳᠡ ᠲᠠᠷᠢᠶᠠᠯᠠᠩ ᠤᠨ ᠪᠦᠲᠦᠴᠡ ᠳᠤ ᠪᠠᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠲᠠᠷᠢᠶᠠᠨ ᠳᠤ ᠪᠠᠭᠪᠠᠭᠠᠶ ᠴᠡᠴᠡᠭ ᠲᠠᠷᠢᠬᠤ ᠳᠤ ᠭᠠᠷᠤᠯᠲᠠ ᠪᠣᠯᠤᠨ ᠦᠷ᠎ᠡ ᠠᠰᠢᠭ ᠨᠢ ᠶᠡᠭᠡ ᠵᠦᠭᠡᠷ ᠪᠤᠯᠤᠭᠰᠠᠨ ᠢᠶᠠᠷ ᠡᠷᠭᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠶ᠃    ᠣᠶᠢᠯᠠᠭᠠᠭᠰᠠᠨ ᠢᠶᠠᠷ᠂ ᠵᠢᠯ ᠪᠦᠷᠢ ᠶᠢᠨ 3 ᠰᠠᠷ᠎ᠠ ᠠᠴᠠ 5 ᠰᠠᠷ᠎ᠠ ᠶᠢᠨ ᠬᠤᠭᠤᠷᠤᠨᠳᠤ ᠪᠤᠯ ᠡᠪᠡᠰᠦ ᠠᠷᠢᠯᠭᠠᠬᠤ ᠬᠤᠭᠤᠴᠠᠭ᠎ᠠ ᠪᠣᠯᠤᠨ ᠬᠤᠷᠢᠶᠠᠯᠲᠠ ᠶᠢᠨ ᠬᠤᠭᠤᠴᠠᠭᠠᠨ ᠳᠤ ᠡᠷᠭᠢᠨ ᠲᠣᠭᠤᠷᠢᠨ ᠤ ᠲᠣᠰᠬᠤᠨ ᠤ ᠬᠤᠷᠢ ᠭᠤᠴᠢᠨ ᠲᠣᠰᠬᠤᠨ ᠤ ᠠᠷᠠᠳ ᠠᠳᠡ ᠠᠵᠢᠯ ᠬᠢᠵᠦ᠂ ᠬᠥᠮᠦᠨ ᠪᠦᠷᠢ ᠡᠳᠦᠷ ᠲᠤ ᠵᠠᠭᠤᠨ ᠲᠥᠭᠦᠷᠢᠭ ᠤᠨ ᠬᠦᠯᠤᠰᠤ ᠤᠯᠭᠤᠮᠵᠢ ᠤᠯᠳᠠᠭ ᠪᠠᠶᠢᠯ᠎ᠠ᠃ ᠶᠠᠳᠠᠭᠤ ᠬᠦᠴᠢᠷᠳᠡᠯᠲᠡᠶ ᠡᠷᠦᠬᠡ ᠶᠠᠨ ᠶᠢᠩ ᠪᠣᠯ ᠳᠠᠷᠤᠶ ᠲᠡᠳᠡᠨ ᠤ ᠳᠣᠲᠣᠷᠠᠬᠢ ᠨᠢᠭᠡ ᠭᠡᠰᠢᠭᠦᠨ ᠮᠥᠨ᠃ ᠲᠡᠷᠡ᠄ ︽ᠣᠳᠣ᠂ ᠭᠡᠷ ᠤᠨ ᠡᠭᠦᠳᠡᠨ ᠳᠡᠭᠡᠨ ᠠᠵᠢᠯ ᠣᠯᠵᠤ ᠲᠠᠶᠢᠯᠤᠨ᠎ᠠ᠂ ᠵᠣᠭᠤᠰ ᠣᠯᠬᠤ ᠮᠥᠷᠲᠡᠭᠡᠨ ᠪᠠᠰᠠ ᠨᠠᠰᠤᠲᠠᠨ ᠪᠠ ᠬᠡᠤᠬᠡᠳ ᠢᠶᠠᠨ ᠬᠠᠷᠠᠭᠠᠯᠵᠠᠬᠤ ᠶᠢ ᠬᠠᠷᠰᠢᠯᠠᠬᠤ ᠦᠭᠡᠢ︾ ᠭᠡᠵᠦ ᠬᠡᠯᠡᠪᠡ᠃    ᠤᠳᠤ᠂ ᠢᠳᠡᠪᠬᠢᠲᠡᠶ ᠠᠷᠭ᠎ᠠ ᠤᠬᠠᠭᠠᠨ ᠰᠦᠪᠡᠭᠴᠢᠯᠡᠬᠦ ᠪᠠᠷ ᠳᠡᠮᠵᠢᠨ᠂ ᠣᠨᠴᠠᠯᠢᠭ ᠪᠥᠬᠦᠶ ᠬᠢᠲᠠᠳ ᠡᠪᠡᠰᠦᠨ ᠡᠮ ᠳᠠᠷᠢᠬᠤ ᠨᠢ ᠨᠢᠭᠡᠨᠲᠡ ᠬᠤᠸᠠᠳᠧ ᠰᠢᠶᠠᠨ ᠤ ᠶᠠᠳᠠᠭᠤ ᠬᠦᠴᠢᠷᠳᠡᠯᠲᠡᠶ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢᠨ ᠰᠢᠨ᠎ᠡ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ᠃ ᠣᠳᠣᠬᠠᠨ ᠳᠤ᠂ ᠲᠣᠰ ᠰᠢᠶᠠᠨ ᠨᠢ ᠨᠢᠭᠡᠨᠲᠡ ᠬᠤᠶᠠᠷ ᠡᠮ ᠤᠨ ᠠᠵᠤ ᠠᠬᠤᠶᠢᠯᠠᠯ ᠤᠨ ᠺᠣᠮᠫᠠᠨᠢ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠬᠢᠲᠠᠳ ᠡᠪᠡᠰᠦᠨ ᠡᠮ ᠲᠠᠷᠢᠬᠤ ᠶᠢ ᠶᠡᠬᠡᠪᠡᠷ ᠬᠥᠭᠵᠢᠭᠦᠯᠵᠦ᠂ ᠬᠢᠲᠠᠳ ᠡᠪᠡᠰᠦᠨ ᠡᠮ ᠲᠠᠷᠢᠬᠤ ᠪᠦᠰᠡ ᠶᠢ ᠴᠢᠷᠮᠠᠶᠢᠨ ᠪᠠᠶᠢᠭᠤᠯᠬᠤ ᠶᠢᠨ ᠬᠠᠮᠲᠤ᠂ ᠲᠠᠷᠢᠶᠠᠴᠢᠨ ᠲᠦᠮᠡᠨ ᠢ ᠳᠠᠶᠢᠴᠢᠯᠠᠨ ᠬᠢᠲᠠᠳ ᠡᠪᠡᠰᠦᠨ ᠡᠮ ᠳᠠᠷᠢᠵᠤ᠂ ᠬᠢᠲᠠᠳ ᠡᠪᠡᠰᠦᠨ ᠡᠮ ᠤᠨ ᠠᠵᠤ ᠦᠢᠯᠡᠰ ᠢ ᠶᠠᠳᠠᠭᠤ ᠬᠦᠴᠢᠷᠳᠡᠯᠲᠡᠶ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠵᠤ᠂ 12 ᠲᠦᠮᠡᠨ ᠮᠦ ᠬᠢᠲᠠᠳ ᠡᠮ ᠲᠠᠷᠢᠬᠤ ᠶᠢ ᠪᠡᠶᠡᠯᠡᠭᠦᠯᠪᠡ᠃ ᠲᠡᠷᠡᠴᠢᠯᠡᠨ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠵᠤ᠂ ᠲᠠᠷᠢᠶᠠᠴᠢᠳ ᠤᠨ ᠬᠤᠶᠢᠰᠢᠳᠠ ᠶᠢᠨ ᠡᠷᠡᠭᠡᠯᠵᠡᠭᠡ ᠶᠢ ᠠᠷᠢᠯᠭᠠᠬᠤ ᠶᠢᠨ ᠲᠥᠯᠥᠭᠡ᠂ ᠳᠠᠭᠠᠳᠬᠠᠯ ᠤᠨ ᠺᠣᠮᠫᠠᠨᠢ ᠲᠠᠢ ᠬᠠᠮᠳᠤᠷᠠᠨ ᠳᠠᠭᠠᠳᠬᠠᠯ ᠤᠷᠤᠭᠤᠯᠵᠤ ᠦᠨᠡᠨ ᠬᠦ ᠠᠰᠢᠭ ᠤᠯᠬᠤ ᠶᠢ ᠪᠠᠲᠤᠯᠠᠭᠰᠠᠨ ᠪᠠᠶᠢᠨ᠎ᠠ᠃                ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2