ᠮᠠᠨ ᠤ ᠰᠢᠶᠠᠨ ᠸᠢᠳᠢᠣ᠋ ᠶᠢᠨ ︽ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ︾ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020/12/8
   ᠣᠶᠢᠷ᠎ᠠ ᠶᠢᠨ ᠵᠢᠯ ᠳᠤ᠂ ᠣᠬᠤᠷ ᠸᠢᠳᠢᠣ᠋ ᠶᠢᠨ ᠲᠠᠪᠴᠠᠩ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢᠨ ᠬᠠᠨᠳᠤᠰᠢ ᠶᠡᠭᠡ ᠰᠠᠶᠢᠨ ᠪᠠᠶᠢᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ ᠂ ᠢᠨᠲ᠋ᠧᠷ ᠰᠦᠯᠵᠢᠶ᠎ᠡ + ᠨᠠᠷᠢᠯᠢᠭ ᠣᠨᠤᠴᠢᠲᠠᠢ ᠪᠠᠷ ᠶᠠᠳᠠᠭᠤ ᠶᠢ ᠲᠡᠳᠬᠦᠬᠦ ᠪᠦᠲᠦᠮᠵᠢᠲᠡᠶ ᠵᠠᠭᠪᠤᠷ ᠢ ᠬᠡᠷᠡᠭᠯᠡᠨ᠂ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠪᠠ᠃ ᠲᠦᠷᠦᠭᠦᠬᠡᠨ᠂ ᠮᠠᠨ ᠤ ᠰᠢᠶᠠᠨ ︽ᠣᠬᠤᠷ ᠸᠢᠳᠢᠣ᠋ + ᠰᠢᠭᠤᠳ ᠨᠡᠪᠲᠡᠷᠡᠭᠦᠯᠭᠡ︾ ᠶᠢᠨ ᠪᠣᠯᠪᠠᠰᠤᠷᠠᠯ ᠤᠨ ᠠᠩᠭᠢ ᠡᠬᠢᠯᠡᠪᠡ᠃
   ᠲᠣᠰ ᠤᠳᠠᠭᠠᠨ ᠤ ᠪᠣᠯᠪᠠᠰᠤᠷᠠᠭᠤᠯᠤᠯ ᠨᠢ ᠣᠬᠤᠷ ᠸᠢᠳᠢᠣ᠋ ᠶᠢᠨ ᠲᠠᠪᠴᠠᠩ ᠤᠨ ᠰᠣᠲᠤ ᠶᠢ ᠤᠷᠢᠵᠤ᠂ ᠬᠤᠸᠠᠳᠧ ᠰᠢᠶᠠᠨ ᠤ ᠣᠬᠤᠷ ᠸᠢᠳᠢᠣ᠋ ᠦᠢᠯᠡᠳᠬᠦ᠂ ᠠᠵᠤ ᠠᠬᠤᠶᠢᠯᠠᠯ᠂ ᠰᠢᠭᠤᠳ  ᠨᠡᠪᠲᠡᠷᠡᠭᠦᠯᠦᠭᠴᠢ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠦᠷᠲᠡᠭᠡᠪᠡ᠃    ᠪᠣᠯᠪᠠᠰᠤᠷᠠᠯ ᠨᠢ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠤᠬᠠᠶᠢᠯᠠᠭᠰᠠᠨ ᠠᠵᠢᠯ ᠢ ᠲᠠᠶᠢᠯᠪᠤᠷᠢᠯᠠᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠭᠰᠠᠨ ᠲᠦᠷᠦᠭᠳᠡᠯ ᠣᠯᠤᠯᠲᠠ᠂ ᠰᠦᠯᠵᠢᠶᠡᠨ ᠤ ᠣᠳᠤ ᠶᠢᠨ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ᠂ ᠰᠢᠭᠤᠳ ᠨᠡᠪᠲᠡᠷᠡᠭᠦᠯᠭᠡ ᠶᠢᠨ ᠶᠠᠪᠤᠴᠠ᠂ ᠰᠢᠭᠤᠳ ᠨᠡᠪᠲᠡᠷᠡᠭᠦᠯᠬᠦ ᠲᠤᠷᠰᠢᠯᠭ᠎ᠠ ᠵᠡᠷᠭᠡ ᠠᠭᠤᠯᠭ᠎ᠠ ᠶᠢ ᠬᠤᠪᠢᠶᠠᠯᠴᠠᠨ ᠡᠳ᠋ᠯᠡᠬᠦ ᠪᠠᠷ ᠳᠠᠮᠵᠢᠨ᠂ ᠪᠣᠯᠪᠠᠰᠤᠷᠠᠯ ᠳᠤ ᠣᠷᠣᠯᠴᠠᠭᠰᠠᠨ ᠬᠦᠮᠦᠰ ᠲᠤ ᠰᠢᠭᠤᠳ ᠨᠡᠪᠲᠡᠷᠡᠭᠦᠯᠭᠡ ᠶᠢᠨ ᠵᠠᠩᠭᠢᠯᠠᠭ᠎ᠠ ᠶᠢᠨ ᠴᠡᠭ ᠪᠠ ᠬᠠᠮᠢᠶ᠎ᠡ ᠪᠦᠬᠦᠢ ᠠᠩᠬᠠᠷᠬᠤ ᠵᠦᠢᠯ ᠢ ᠵᠠᠳᠠᠯᠤᠨ ᠰᠢᠨᠵᠢᠯᠡᠪᠡ᠃ ᠬᠢᠴᠢᠶᠡᠯ ᠶᠠᠷᠢᠭᠴᠢ ᠠᠴᠠ ᠲᠤᠬᠠᠶ ᠶᠢᠨ ᠲᠠᠯᠠᠪᠠᠢ ᠳᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠤᠬᠠᠶ ᠠᠰᠠᠭᠤᠯᠲᠠ ᠶᠢ ᠬᠠᠷᠢᠭᠤᠯᠵᠤ᠂ ᠨᠠᠷᠢᠨ ᠠᠭᠤᠯᠭ᠎ᠠ ᠶᠢᠨ ᠲᠠᠯ᠎ᠠ ᠪᠠᠷ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠬᠤ ᠨᠠᠷᠢᠨ ᠰᠢᠷᠢᠨ ᠵᠦᠢᠯᠡᠰ᠂ ᠵᠠᠩᠭᠢᠯᠠᠭ᠎ᠠ ᠶᠢ ᠵᠢᠭᠠᠵᠤ᠂ ᠰᠤᠷᠤᠯᠭᠠᠲᠠᠨ ᠳᠤ ᠪᠠᠰᠠ ᠰᠢᠨ᠎ᠡ ᠬᠠᠨᠳᠤᠰᠢ ᠪᠠᠶᠢᠳᠠᠯ ᠤᠨ ᠡᠮᠦᠨ᠎ᠡ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠬᠤ ᠶᠢ ᠰᠠᠨᠠᠭᠤᠯᠵᠤ᠂  ᠰᠤᠷᠤᠯᠭᠠᠲᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃
   ᠲᠤᠰ ᠤᠳᠠᠭᠠᠨ ᠤ ᠰᠦᠯᠵᠢᠶᠡᠨ ᠭᠠᠳᠠᠨᠠᠬᠢ ᠪᠣᠯᠪᠠᠰᠤᠷᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠰᠢᠶᠠᠨ ᠤ ᠣᠬᠤᠷ ᠸᠢᠳᠢᠣ᠋ ᠶᠢᠨ ᠰᠣᠨᠢᠷᠬᠠᠭᠴᠢᠳ ᠠᠵᠤ ᠠᠬᠤᠶᠢᠯᠠᠯ ᠤᠨ ᠰᠦᠯᠵᠢᠶᠡᠨ ᠤ ᠰᠢᠭᠤᠳ ᠨᠡᠪᠲᠡᠷᠡᠭᠦᠯᠬᠦ ᠮᠡᠷᠭᠡᠵᠢᠯ ᠢ ᠳᠡᠭᠡᠭᠰᠢᠯᠡᠭᠦᠯᠵᠦ᠂ ᠮᠠᠨ ᠤ ᠰᠢᠶᠠᠨ ᠤ ᠶᠠᠳᠠᠭᠤ ᠶᠢ ᠲᠡᠳᠬᠦᠬᠦ ᠦᠢᠯᠡᠳᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠬᠡᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠦᠴᠦᠨ ᠤ ᠬᠢᠯᠢ ᠠᠯᠤᠰᠯᠠᠭᠰᠠᠨ ᠬᠠᠮᠵᠢᠯᠴᠠᠭ᠎ᠠ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠠᠶ᠃ ᠳᠠᠷᠠᠭ᠎ᠠ ᠠᠯᠬᠤᠮ ᠳᠤ᠂ ᠮᠠᠨ ᠤ ᠰᠢᠶᠠᠨ ᠢᠨᠲ᠋ᠧᠷ ᠰᠦᠯᠵᠢᠶ᠎ᠡ ᠳᠤ ᠰᠠᠭᠤᠷᠢᠯᠠᠵᠤ᠂ ᠰᠢᠨ᠎ᠡ ᠠᠵᠤ ᠠᠬᠤᠶ ᠶᠢᠨ ᠪᠠᠶᠢᠳᠠᠯ ᠳᠤ ᠵᠣᠬᠢᠴᠠᠭᠰᠠᠨ ᠪᠣᠷᠤᠯᠠᠭᠤᠯᠭ᠎ᠠ ᠶᠢᠨ ᠵᠠᠭᠪᠤᠷ ᠢ ᠦᠷᠭᠦᠯᠵᠢᠯᠡᠨ ᠢᠳᠡᠪᠬᠢᠲᠡᠶ ᠬᠡᠷᠡᠭᠯᠡᠵᠦ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃
   ᠮᠠᠨ ᠤ ᠰᠢᠶᠠᠨ ᠤ ᠣᠬᠤᠷ ᠸᠢᠳᠢᠣ᠋ ᠦᠢᠯᠡᠳᠬᠦ᠂ ᠠᠵᠤ ᠠᠬᠤᠶᠢᠯᠠᠯ᠂ ᠰᠢᠭᠤᠳ ᠨᠡᠪᠲᠡᠷᠡᠭᠦᠯᠦᠭᠴᠢ ᠵᠡᠷᠭᠡ 200 ᠭᠠᠷᠤᠶ ᠬᠥᠮᠦᠨ ᠲᠣᠰ ᠤᠳᠠᠭᠠᠨ ᠤ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢᠨ ᠪᠣᠳᠠᠲᠤ ᠪᠣᠯᠪᠠᠰᠤᠷᠠᠯ ᠤᠨ ᠬᠢᠴᠢᠶᠡᠯ ᠳᠤ ᠣᠷᠣᠯᠴᠠᠪᠠ᠃    ︽ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ ᠪᠢᠳᠡ ᠠᠵᠤ ᠠᠬᠤᠶᠢᠯᠠᠯ ᠪᠠ ᠬᠤᠪᠢ ᠶᠢᠨ ᠡᠷᠦᠬᠡ ᠶᠢ ᠬᠠᠪᠰᠤᠷᠤᠨ ᠰᠦᠯᠵᠢᠶᠡᠨ ᠤ ᠳᠡᠯᠭᠡᠭᠦᠷ ᠪᠠᠶᠢᠭᠤᠯᠵᠤ᠂ ᠲᠡᠳᠡᠨ ᠢ ᠬᠠᠪᠰᠤᠷᠤᠨ ᠪᠣᠯᠪᠠᠰᠤᠷᠠᠯ ᠳᠤ ᠣᠷᠤᠯᠴᠠᠭᠤᠯᠵᠤ᠂ ᠲᠡᠳᠡᠨ ᠤ ᠬᠥᠭᠵᠢᠯᠲᠡ ᠶᠢ ᠪᠤᠶᠢᠵᠢᠭᠤᠯᠤᠨ᠎ᠠ᠃︾ ᠭᠡᠵᠦ ᠮᠠᠨ ᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠮᠠ ᠰᠢᠶᠠᠩ ᠬᠡᠯᠡᠨ᠎ᠡ ᠂ ᠮᠠᠨ ᠤ ᠰᠢᠶᠠᠨ ᠵᠢᠱᠢᠶ᠎ᠡ ᠦᠵᠡᠭᠦᠯᠬᠦ ᠲᠥᠷᠥᠯ ᠵᠦᠢᠯ ᠡᠷᠬᠢᠯᠡᠭᠰᠡᠨ ᠠᠴᠠ ᠨᠠᠰᠢ ᠣᠲᠣ ᠪᠣᠯᠲᠠᠯ᠎ᠠ ᠡᠯᠧᠺᠲᠷᠣᠨ ᠬᠤᠳᠠᠯᠳᠤᠭᠠᠨ ᠤ ᠰᠦᠯᠵᠢᠶᠡᠨ ᠤ ᠳᠡᠯᠭᠡᠭᠦᠷ ᠢ 30 ᠭᠠᠷᠤᠶ  ᠪᠣᠶᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠤᠯᠠᠭᠤᠯᠬᠤ ᠪᠠ ᠬᠤᠪᠴᠠᠰᠤ ᠬᠤᠨᠠᠷ ᠪᠣᠷᠣᠯᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃               ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ               ᠣᠷᠴᠢᠭᠤᠯᠤᠭᠴᠢ᠄ ᠭᠡᠷᠡᠯ      ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2