ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠢᠤᠸᠠᠢ ᠶᠢᠨ ᠬᠤᠸᠠ ᠬᠠᠶᠢᠴᠢᠯᠠᠮᠠᠯ ᠤᠷᠠᠯᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-02-26
   ᠬᠡᠳᠦᠨ ᠡᠳᠦᠷ ᠤᠨ ᠲᠤᠷᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠥᠬᠦ ᠤᠯᠤᠰ ᠤᠨ ︽ᠠᠷᠠᠳ ᠣᠯᠠᠨ ᠤ ᠰᠤᠷᠤᠯᠴᠠᠬᠤ ᠣᠳᠣᠨ︾ — ᠥᠪᠥᠷ ᠮᠣᠩᠭᠤᠯ ᠤᠨ ᠬᠤᠸᠠᠳᠧ ᠰᠢᠶᠠᠨ ᠤ ᠪᠣᠳᠠᠰ ᠤᠨ ᠪᠣᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠢᠤᠸᠠᠢ ᠶᠢᠨ ᠬᠤᠸᠠ᠂ ᠬᠢᠵᠢᠭ ᠤᠨ ᠪᠠᠶᠢᠳᠠᠯ ᠤᠨ ᠡᠮᠦᠨ᠎ᠡ ᠹᠷᠣᠨᠲ ᠳᠤ ᠲᠡᠮᠡᠴᠡᠭᠴᠢ ᠪᠠᠷ ᠤᠭ ᠳᠥᠷᠢ ᠪᠣᠯᠭᠠᠵᠤ᠂ ᠴᠠᠭᠠᠰᠤᠨ ᠬᠠᠶᠢᠴᠢᠯᠠᠮᠠᠯ ᠳᠤ ᠤᠷᠠᠨ ᠢᠶᠠᠷ ᠠᠭᠤᠰᠬᠠᠵᠤ᠂ ᠰᠢᠷᠢᠰ ᠪᠦᠲᠦᠭᠡᠯ ︽ᠲᠥᠭ ᠲᠦᠮᠡᠨ ᠢᠶᠠᠷ ᠢᠶᠠᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠶ᠎ᠡ︾ ᠰᠢᠷᠢᠰ ᠪᠦᠲᠦᠭᠡᠯ ᠵᠣᠬᠢᠶᠠᠨ ᠪᠦᠲᠦᠭᠡᠪᠡ᠃
   ᠣᠶᠢᠯᠠᠭᠠᠭᠰᠠᠨ ᠢᠶᠠᠷ᠂ ︽ᠬᠢᠵᠢᠭ ᠤᠨ ᠳᠠᠶᠢᠨ ᠤ ᠯᠠᠪᠲᠠᠢ ᠢᠯᠠᠨ᠎ᠠ︾ ︽ᠦᠬᠠᠨ ᠴᠢᠷᠮᠠᠶ — ᠬᠢᠵᠢᠭ ᠤᠨ ᠳᠠᠶᠢᠨ ᠳᠤ︾ ︽ᠳᠡᠯᠡᠬᠡᠶ ᠳᠠᠶᠠᠭᠠᠷ ᠰᠡᠳᠬᠢᠯ ᠢᠶᠠᠨ ᠨᠢᠭᠡᠳᠬᠡᠨ ᠡᠷᠡᠭᠦᠯ ᠮᠡᠨᠳᠦ ᠶᠢ ᠬᠠᠮᠠᠭᠠᠯᠠᠶ᠎ᠠ︾ ᠭᠡᠬᠦ ᠪᠦᠲᠦᠭᠡᠯ ᠳᠤ᠂ ᠨᠠᠮ ᠤᠨ ᠲᠤᠭ᠂ ᠤᠯᠤᠰ ᠤᠨ ᠲᠤᠭ ᠢᠶᠠᠷ ᠪᠡᠯᠭᠡᠳᠡᠯ ᠪᠣᠯᠭᠠᠵᠤ᠂ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ ᠤᠯᠤᠰ ᠤᠨ ᠠᠷᠠᠳ ᠲᠦᠮᠡᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠤ ᠢᠯᠠᠯᠲᠠ ᠶᠢ ᠲᠡᠮᠡᠴᠡᠨ ᠣᠯᠬᠤ ᠢᠲᠡᠭᠡᠯ ᠵᠣᠷᠢᠭ ᠪᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢ ᠬᠠᠷᠠᠭᠤᠯᠤᠭᠰᠠᠨ ᠪᠠᠶᠢᠨ᠎ᠠ︔ ︽ᠬᠥᠮᠦᠨ ᠤ ᠶᠢᠷᠲᠢᠨᠴᠦ ᠶᠢᠨ ᠬᠠᠶᠢᠷ᠎ᠠ︾ ︽ᠭᠠᠷ ᠬᠤᠯᠪᠣᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠶ᠎ᠡ︾ ᠭᠡᠬᠦ ᠪᠦᠲᠦᠭᠡᠯ ᠳᠤ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠤᠨ ᠡᠮᠴᠢ ᠰᠣᠪᠢᠯᠠᠭᠴᠢᠳ ᠤᠨ ᠲᠦᠭᠰᠢᠭᠦᠷᠢ ᠶᠢ ᠰᠥᠷᠦᠨ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠮᠡᠷᠭᠡᠵᠢᠯ ᠤᠨ ᠵᠣᠷᠢᠭ ᠰᠠᠨᠠᠭ᠎ᠠ ᠬᠠᠷᠠᠭᠤᠯᠵᠠᠢ︔ ︽ᠬᠢᠵᠢᠭ ᠤᠨ ᠳᠠᠶᠢᠨ ᠤ ᠪᠠᠭᠠᠲᠤᠷ ᠵᠥᠩ ᠨᠠᠨ ᠱᠠᠨ︾ ᠭᠡᠬᠦ ᠪᠦᠲᠦᠭᠡᠯ ᠨᠢ ᠪᠥᠬᠦ ᠤᠯᠤᠰ ᠤᠨ ᠠᠷᠠᠳ ᠲᠦᠮᠡᠨ ᠤ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠳᠤ ᠭᠠᠪᠰᠢᠭᠠᠶᠢᠯᠠᠵᠤ ᠪᠠᠶᠢᠭ᠎ᠠ 84 ᠨᠠᠰᠤᠲᠠᠶ ᠵᠥᠩ ᠨᠠᠨ ᠱᠠᠨ ᠠᠺᠠᠳᠧᠮᠢᠴᠢ ᠶᠢ ᠬᠦᠨᠳᠦᠳᠬᠡᠨ ᠪᠢᠰᠢᠷᠡᠵᠦ ᠪᠠᠶᠢᠭ᠎ᠠ ᠰᠡᠳᠬᠢᠯ ᠢ ᠢᠯᠡᠳᠬᠡᠪᠡ᠃ ᠪᠦᠲᠦᠭᠡᠯ ᠳᠤ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ᠂ ᠸᠢᠷᠦ᠋ᠰ ᠢ ᠤᠰᠠᠳᠬᠠᠬᠤ ᠵᠡᠷᠭᠡ ᠡᠯᠧᠮᠧᠲ ᠶᠢ ᠠᠭᠤᠰᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠥᠶ᠎ᠡ ᠳᠤ᠂ ᠢᠳᠡᠪᠬᠢᠲᠡᠢ ᠤᠬᠠᠭᠤᠯᠬᠤ ᠦᠢᠯᠡᠳᠦᠯ ᠦᠵᠡᠭᠦᠯᠪᠡ᠃ ︽ᠡᠯ᠎ᠡ ᠴᠢᠮᠡᠭᠡ ᠵᠠᠭᠤᠴᠢᠯᠠᠭᠤᠷ ᠠᠴᠠ ᠡᠮᠴᠢ ᠰᠤᠪᠢᠯᠠᠭᠴᠢ ᠶᠢᠨ ᠬᠢᠵᠢᠭ ᠤᠨ ᠨᠢᠭᠡᠳᠦᠭᠡᠷ ᠹᠷᠣᠨᠲ ᠳᠠᠬᠢ ᠰᠡᠳᠬᠢᠯ ᠳᠣᠭᠳᠣᠯᠤᠭᠤᠯᠤᠮ᠎ᠠ ᠦᠯᠢᠭᠡᠷ ᠤᠴᠢᠷ ᠢ ᠮᠡᠳᠡᠭᠡᠯᠡᠵᠦ ᠪᠠᠶᠢᠬᠤ ᠶᠢ ᠦᠵᠡᠭᠡᠳ᠂ ᠪᠢ ᠴᠠᠭᠠᠰᠤᠨ ᠬᠠᠶᠢᠴᠢᠯᠠᠮᠠᠯ ᠢᠶᠠᠷ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠦᠶ᠎ᠡ ᠭᠡᠵᠦ  ᠪᠣᠳᠣᠯ᠎ᠠ᠃︾ ᠭᠡᠵᠦ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠢᠤᠸᠠᠢ ᠶᠢᠨ ᠬᠤᠸᠠ ᠰᠤᠷᠪᠤᠯᠵᠢᠯᠠᠭᠴᠢ ᠳᠤ ᠬᠡᠯᠡᠪᠡ᠃
   ᠰᠤᠷᠪᠤᠯᠵᠢᠯᠠᠭᠴᠢ ᠶᠢᠨ ᠭᠤᠶᠤᠴᠢᠯᠠᠯ ᠢᠶᠠᠷ ᠰᠢᠤᠸᠠᠢ ᠶᠢᠨ ᠬᠤᠸᠠ ᠨᠠᠰᠤᠲᠠᠨ ︽ᠬᠤᠯᠤᠭᠠᠨ᠎ᠠ︾ ᠭᠡᠬᠦ ᠳᠥᠭᠦᠮᠬᠡᠨ ᠪᠦᠲᠦᠭᠡᠯ ᠢᠶᠠᠨ ᠭᠠᠵᠠᠷ ᠳᠡᠭᠡᠷ᠎ᠡ ᠨᠢ ᠬᠠᠶᠢᠴᠢᠯᠠᠵᠤ ᠦᠵᠡᠭᠦᠯᠵᠡᠢ᠃ ᠬᠤᠶᠠᠷ ᠮᠢᠨᠦ᠋ᠲ ᠪᠣᠯᠤᠯ ᠦᠭᠡᠢ ᠨᠢᠭᠡ ᠠᠮᠢᠳᠤᠯᠢᠭ᠂ ᠳᠦᠷᠢ ᠲᠥᠷᠬᠦ ᠨᠢ ᠦᠨᠡᠨ ᠰᠢᠭ ᠬᠤᠯᠤᠭᠠᠨ᠎ᠠ ᠮᠠᠨ ᠤ ᠨᠢᠳᠦᠨ ᠡᠮᠦᠨ᠎ᠡ ᠢᠯᠡᠷᠡᠪᠡ᠃
   ᠣᠶᠢᠯᠠᠭᠠᠭᠰᠠᠨ ᠢᠶᠠᠷ᠂ ᠰᠢᠤᠸᠠᠢ ᠶᠢᠨ ᠬᠤᠸᠠ 1954 ᠣᠨ ᠤ 12 ᠰᠠᠷ᠎ᠠ ᠳᠤ ᠳᠦᠷᠦᠪᠡ᠃ ᠪᠠᠭ᠎ᠠ ᠠᠴᠠ ᠪᠠᠨ ᠤᠷᠠᠨ ᠵᠢᠷᠤᠭ ᠲᠤ ᠪᠠᠭ᠋ᠠᠲᠠᠶ ᠪᠠᠶᠢᠵᠤ᠂ 10 ᠨᠠᠰᠤᠲᠠᠶ ᠳᠠᠭᠠᠨ ᠥᠪᠡᠷ ᠢᠶᠠᠨ ᠴᠠᠭᠠᠰᠤᠨ ᠬᠠᠶᠢᠴᠢᠯᠠᠮᠠᠯ ᠢ ᠰᠤᠷᠴᠤ᠂ ᠣᠲᠣ ᠪᠣᠯᠲᠠᠯ᠎ᠠ ᠣᠷᠬᠢᠯ ᠦᠭᠡᠢ ᠬᠠᠶᠢᠴᠢᠯᠠᠭᠰᠠᠭᠠᠷ ᠢᠷᠡᠵᠡᠢ᠃ ᠣᠶᠢᠷ᠎ᠠ ᠶᠢᠨ ᠵᠢᠯ ᠳᠤ ᠨᠠᠩ ᠴᠤ ᠣᠯᠠᠨ ᠰᠢᠨ᠎ᠡ ᠪᠥᠲᠦᠭᠡᠯ ᠭᠠᠷᠭᠠᠵᠤ᠂ ᠢᠯᠠᠩᠭᠤᠶ᠎ᠠ ᠬᠠᠶᠢᠴᠢᠯᠠᠮᠠᠯ ᠤᠨ ᠳᠥᠷᠢ ᠨᠢ ᠠᠮᠢᠳᠤ ᠳᠦᠷᠰᠦᠯᠢᠭ᠂ ᠷᠢᠳᠢ ᠰᠢᠳᠢ ᠲᠠᠢ᠃ ᠣᠳᠣ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠴᠠᠭᠠᠰᠤᠨ ᠬᠠᠶᠢᠴᠢᠯᠠᠮᠠᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠭᠡᠰᠢᠭᠦᠨ᠂ ᠤᠯᠠᠭᠠᠨᠴᠠᠪ ᠬᠤᠲᠠ ᠶᠢᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠳᠠᠷᠤᠭ᠎ᠠ ᠵᠡᠷᠭᠡ ᠲᠤᠰᠢᠶᠠᠯ ᠢ ᠡᠭᠦᠷᠭᠡᠯᠡᠵᠦ ᠪᠠᠶᠢᠨ᠎ᠠ᠃ 2018 ᠣᠨ ᠤ 9 ᠰᠠᠷ᠎ᠠ᠂ ︽ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠰᠤᠷᠤᠯᠴᠠᠯᠭ᠎ᠠ ᠶᠢᠨ ᠤᠳᠤᠨ︾ ᠢᠶᠠᠷ ᠰᠤᠩᠭᠤᠭᠳᠠᠵᠤ᠂ ᠲᠤᠰ ᠵᠢᠯ ᠤᠨ 10 ᠰᠠᠷ᠎ᠠ ᠳᠤ ᠤᠯᠤᠰ ᠤᠨ ︽ᠠᠷᠠᠳ ᠤᠯᠠᠨ ᠤ ᠰᠤᠷᠤᠯᠴᠠᠯᠭ᠎ᠠ ᠶᠢᠨ ᠤᠳᠤᠨ︾ ᠢᠶᠠᠷ ᠦᠨᠡᠯᠡᠭᠳᠡᠪᠡ᠃ ︽ᠲᠠᠯ᠎ᠠ ᠨᠤᠲᠤᠭ ᠤᠨ ᠠᠵᠢᠨᠠᠶ ᠬᠦᠯᠦᠭ︾ ᠭᠡᠬᠦ ᠬᠠᠶᠢᠴᠢᠯᠠᠮᠠᠯ ᠨᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠳᠡᠯᠭᠡᠨ ᠦᠵᠡᠭᠦᠯᠦᠭᠳᠡᠵᠦ᠂ ︽ᠲᠠᠯ᠎ᠠ ᠨᠤᠲᠤᠭ ᠤᠨ ᠥᠷ ᠤᠨ ᠲᠤᠶᠠᠭ᠎ᠠ︾ ᠪᠦᠲᠦᠭᠡᠯ ᠨᠢ ᠳᠣᠯᠣᠳᠤᠭᠠᠷ ᠬᠤᠭᠤᠴᠠᠭᠠᠨ ᠤ ᠠᠵᠢᠯᠲᠠᠨ ᠤ ᠴᠠᠭᠠᠰᠤᠨ ᠬᠠᠶᠢᠴᠢᠯᠠᠮᠠᠯ ᠤᠷᠠᠯᠢᠭ ᠤᠨ ᠨᠠᠶᠢᠷ ᠤᠨ ᠰᠢᠯᠢᠳᠡᠭ ᠪᠦᠲᠦᠭᠡᠯ ᠢᠶᠠᠷ᠂ ᠪᠠᠰᠠ ᠸᠧᠶ ᠰᠢᠶᠠᠨ ᠤ ᠴᠠᠭᠠᠰᠤᠨ ᠬᠠᠶᠢᠴᠢᠯᠠᠮᠠᠯ ᠤᠨ ᠮᠦᠽᠧᠶ ᠳᠤ ᠬᠠᠳᠠᠭᠠᠯᠠᠭᠳᠠᠵᠠᠶ᠃

ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ

ᠣᠷᠴᠢᠭᠤᠯᠤᠭᠴᠢ᠄ ᠭᠡᠷᠡᠯ

       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2