ᠬᠤᠸᠠ ᠵᠠᠰᠠᠭ ᠠᠯᠪᠠᠨ ᠲᠠᠷᠬᠠᠭᠠᠭᠰᠠᠨ ︹ 2020 ︺ 12 ᠳ᠋ᠤᠭᠠᠷ ᠲᠣᠭᠠᠲᠤ | ︽ᠬᠤᠸᠠᠳᠧ ᠰᠢᠶᠠᠨ ᠤ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠠᠵᠢᠯᠯᠠᠭ᠎ᠠ ᠶᠢᠨ | ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠨᠢᠭᠡᠴᠡ ᠳᠤ᠄ | ᠣᠳᠣ ︽ᠬᠤᠸᠠᠳᠧ ᠰᠢᠶᠠᠨ ᠤ ᠬᠠᠩᠰᠢ ᠶᠢᠨ ᠡᠳᠦᠷ ᠤᠨ ᠪᠣᠯᠪᠠᠰᠤᠨ ᠤ ᠲᠠᠬᠢᠯᠭ᠎ᠠ ᠶᠢᠨ ᠠᠵᠢᠯᠯᠠᠭ᠎ᠠ ᠶᠢᠨ | ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠵᠢᠷᠤᠮᠯᠠᠨ ᠬᠡᠷᠡᠭᠵᠢᠭᠦᠯᠲᠦᠭᠡᠶ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 3 ᠰᠠᠷ᠎ᠠ ᠶᠢᠨ 12 ᠤᠨ ᠡᠳᠦᠷ | ᠬᠤᠸᠠᠳᠧ ᠰᠢᠶᠠᠨ ᠤ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ | ᠠᠵᠢᠯ | ᠬᠡᠷᠡᠭᠵᠢᠭᠦᠯᠬᠦ ᠲᠥᠰᠦᠯ | ᠬᠠᠩᠰᠢ ᠶᠢᠨ ᠡᠳᠦᠷ ᠪᠣᠯ ᠮᠠᠨ ᠤ ᠤᠯᠤᠰ ᠤᠨ ᠴᠢᠬᠤᠯᠠ ᠲᠠᠬᠢᠯᠭ᠎ᠠ ᠶᠢᠨ ᠡᠳᠦᠷ ᠪᠣᠯᠤᠨ᠎ᠠ᠂ ᠮᠥᠨ ᠴᠦ ᠮᠠᠨ ᠤ | ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠬᠤᠭᠤᠴᠠᠭ᠎ᠠ ᠪᠠᠶᠢᠵᠤ᠂ | ᠭᠠᠯ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ | ᠰᠤᠷᠲᠠᠯ ᠢ ᠪᠤᠢ ᠪᠣᠯᠭᠠᠵᠤ᠂ ᠲᠠᠬᠢᠯᠭ᠎ᠠ ᠶᠢᠨ ᠮᠠᠭᠤ ᠵᠠᠩ ᠳᠠᠳᠬᠠᠯ ᠢ ᠲᠠᠶᠠᠭᠳᠠᠬᠤ ᠶᠢᠨ ᠲᠥᠯᠥᠭᠡ᠂ ᠣᠯᠠᠨ | ᠲᠦᠮᠡᠨ ᠢ ᠬᠥᠲᠥᠯᠥᠨ ᠵᠢᠯᠣᠭᠤᠳᠴᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠶᠢ | ᠲᠠᠰᠤᠷᠠᠯᠲᠠ ᠦᠭᠡᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠶ ᠳᠠᠭᠡᠳᠤ ᠱᠠᠲᠤᠨ ᠤ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠭᠠᠯ ᠲᠦᠢᠮᠡᠷ ᠢ ᠰᠡᠷᠭᠡᠶᠢᠯᠡᠬᠦ᠂ ᠪᠣᠯᠪᠠᠰᠤᠨ ᠢᠶᠠᠷ | ᠲᠠᠬᠢᠯᠭ᠎ᠠ ᠬᠢᠬᠦ︾ ᠪᠠᠷ ᠭᠤᠤᠯ ᠰᠡᠳᠦᠪ ᠪᠣᠯᠭᠠᠭᠰᠠᠨ ᠲᠠᠬᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ | ᠴᠠᠭᠠᠰᠤ ᠰᠢᠲᠠᠭᠠᠨ ᠬᠦᠵᠢ ᠠᠰᠠᠭᠠᠵᠤ᠂ ᠬᠤᠸᠠᠷ ᠫᠤᠤᠵᠢᠩ ᠲᠠᠯᠪᠢᠬᠤ ᠵᠡᠷᠭᠡ ᠲᠠᠬᠢᠯᠭ᠎ᠠ ᠶᠢᠨ ᠠᠷᠭ᠎ᠠ ᠬᠡᠯᠪᠡᠷᠢ ᠶᠢ | ᠲᠠᠶᠠᠭᠳᠠᠵᠤ᠂ ᠮᠣᠳᠣ ᠲᠠᠷᠢᠬᠤ ᠲᠠᠬᠢᠯᠭ᠎ᠠ᠂ ᠰᠣᠷᠭᠤᠭ ᠴᠡᠴᠡᠭ ᠤᠨ ᠲᠠᠬᠢᠯᠭ᠎ᠠ᠂ ᠨᠣᠭᠤ ᠭᠢᠰᠬᠢᠬᠦ ᠲᠠᠬᠢᠯᠭ᠎ᠠ᠂ | ᠰᠦᠯᠵᠢᠶᠡᠨ ᠤ ᠲᠠᠬᠢᠯᠭ᠎ᠠ᠂ ᠭᠡᠷ ᠪᠦᠯᠢ ᠶᠢᠨ ᠲᠤᠷᠠᠰᠤᠨ ᠰᠠᠨᠠᠭᠠᠯᠵᠠᠬᠤ ᠬᠤᠷᠠᠯ ᠵᠡᠷᠭᠡ ᠣᠳᠣ ᠦᠶ᠎ᠡ ᠶᠢᠨ | ᠪᠣᠬᠢᠷᠲᠤᠯ ᠦᠭᠡᠢ ᠲᠠᠬᠢᠯᠭ᠎ᠠ ᠶᠢᠨ ᠬᠡᠯᠪᠡᠷᠢ ᠶᠢ ᠰᠠᠨᠠᠭᠠᠴᠢᠯᠠᠵᠤ᠂ ᠲᠥᠪ ᠶᠡᠬᠡᠮᠰᠦᠭ᠂ ᠪᠣᠷᠣᠭᠵᠢᠭᠤᠨ ᠲᠠᠬᠢᠯᠭ᠎ᠠ | ᠲᠠᠯᠪᠢᠬᠤ ᠰᠠᠶᠢᠨ ᠰᠠᠶᠢᠬᠠᠨ ᠤᠯᠠᠮᠵᠢᠯᠠᠯ ᠢ ᠪᠠᠳᠠᠷᠠᠭᠤᠯᠵᠤ᠂ ᠴᠠᠭᠠᠰᠤ ᠰᠢᠲᠠᠭᠠᠵᠤ ᠬᠦᠵᠢ ᠠᠰᠠᠭᠠᠵᠤ᠂ ᠬᠤᠸᠠᠷ | ᠫᠤᠤᠵᠢᠩ ᠲᠠᠯᠪᠢᠭᠰᠠᠨ ᠠᠴᠠ ᠪᠣᠯᠤᠭᠰᠠᠨ ᠭᠠᠯ ᠤᠨ ᠭᠠᠮᠰᠢᠭ ᠤᠨ ᠳᠠᠯᠳᠠ ᠭᠡᠮ ᠪᠠ ᠣᠷᠴᠢᠨ ᠲᠣᠭᠤᠷᠢᠨ ᠤ | ᠪᠣᠬᠢᠷᠲᠤᠯ ᠢ ᠪᠠᠭᠠᠰᠬᠠᠵᠤ᠂ ᠠᠷᠢᠭᠤᠨ ᠴᠡᠪᠡᠷ᠂ ᠪᠣᠬᠢᠷᠲᠤᠯ ᠦᠭᠡᠢ ᠠᠮᠢ ᠠᠬᠤᠢ ᠶᠢᠨ ᠪᠠᠶᠢᠭᠠᠯᠢ ᠶᠢᠨ ᠣᠷᠴᠢᠨ | ᠲᠣᠭᠤᠷᠢᠨ ᠢ ᠬᠠᠮᠲᠤᠪᠠᠷ ᠬᠠᠮᠠᠭᠠᠯᠠᠵᠤ᠂ ᠥᠷᠭᠡᠨ ᠣᠯᠠᠨ ᠲᠦᠮᠡᠨ ᠢ ᠤᠯᠠᠮᠵᠢᠯᠠᠯ ᠠᠴᠠ ᠪᠣᠯᠪᠠᠰᠤᠨ ᠲᠡᠰᠢ | ᠰᠢᠯᠵᠢᠬᠦ ᠶᠢ ᠬᠥᠲᠥᠯᠥᠨ ᠵᠢᠯᠣᠭᠤᠳᠴᠤ᠂ ᠪᠣᠳᠠᠲᠤ ᠪᠣᠳᠠᠰ ᠤᠨ ᠲᠠᠬᠢᠯᠭ᠎ᠠ ᠶᠢ ᠴᠢᠬᠤᠯᠠᠴᠢᠯᠠᠬᠤ ᠠᠴᠠ ᠵᠣᠷᠢᠭ | ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠪᠠᠷ ᠭᠤᠤᠯ ᠪᠣᠯᠭᠠᠬᠤ ᠲᠡᠰᠢ ᠰᠢᠯᠵᠢᠵᠦ᠂ ᠪᠦᠬᠦ ᠰᠢᠶᠠᠨ ᠳᠤ ᠪᠣᠯᠪᠠᠰᠤᠨ | ᠲᠠᠬᠢᠯᠭ᠎ᠠ ᠬᠢᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ | ᠬᠤᠶᠠᠷ᠂ ᠭᠤᠤᠯᠳᠠᠯᠭ᠎ᠠ ᠲᠠᠢ ᠴᠠᠭ ᠬᠤᠭᠤᠴᠠᠭ᠎ᠠ | ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭ᠎ᠠ᠃ | ᠭᠤᠷᠪᠠ᠂ ᠭᠠᠯ ᠰᠡᠷᠭᠡᠶᠢᠯᠡᠬᠦ ᠣᠷᠣᠨ ᠪᠦᠰᠡ | ᠮᠠᠨ ᠤ ᠰᠢᠶᠠᠨ ᠤ ᠬᠡᠪᠴᠢᠶᠡᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠦᠬᠦ ᠣᠷᠣᠨ᠃ | ᠳᠥᠷᠪᠡ᠂ ᠠᠵᠢᠯᠯᠠᠬᠤ ᠠᠷᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ | ᠲᠡᠭᠦᠯᠲᠡᠷᠵᠢᠭᠦᠯᠦᠨ᠎ᠡ | ᠬᠤᠸᠠᠳᠧ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠢᠯᠣᠭᠤᠳᠬᠤ ᠭᠠᠵᠠᠷ ᠠᠴᠠ | ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ | ᠰᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠵᠤ᠂ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠠᠬᠢ | ᠭᠡᠨᠡᠳᠲᠡ ᠶᠢᠨ ᠬᠡᠷᠡᠭ ᠢ ᠪᠠᠴᠢᠮ ᠰᠢᠢᠳᠪᠤᠷᠢᠯᠡᠨ᠎ᠡ᠃ ᠵᠠᠰᠠᠭ ᠤᠨ ᠣᠷᠳᠣᠨ ᠤ ᠳᠠᠭᠠᠭᠤᠯᠤᠭᠴᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ | ᠨᠢᠭᠲᠠ ᠬᠠᠮᠵᠢᠯᠴᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠲᠣᠭᠲᠠᠴᠠ ᠶᠢ ᠲᠣᠳᠣᠷᠬᠠᠶᠢᠯᠠᠵᠤ᠂ | ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠮᠤᠷ ᠲᠦᠪᠰᠢᠨ ᠢ | ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ | ︵ᠬᠤᠶᠠᠷ︶ ᠭᠦᠨᠵᠡᠭᠡᠶ ᠤᠬᠠᠭᠤᠯᠵᠤ ᠬᠥᠲᠥᠯᠦᠨ ᠵᠢᠯᠣᠭᠤᠳᠴᠤ᠂ ᠪᠣᠯᠪᠠᠰᠤᠨ ᠢᠶᠠᠷ ᠲᠠᠬᠢᠯᠭ᠎ᠠ ᠬᠢᠬᠦ ᠶᠢ | ᠶᠡᠬᠡᠪᠡᠷ ᠰᠠᠨᠠᠭᠠᠴᠢᠯᠠᠨ᠎ᠠ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠠᠬᠢᠯᠭ᠎ᠠ ᠶᠢᠨ ᠰᠢᠨ᠎ᠡ ᠰᠤᠷᠲᠠᠯ ᠢ | ᠰᠠᠨᠠᠭᠠᠴᠢᠯᠠᠬᠤ᠂ ᠣᠷᠣᠰᠢᠭᠤᠯᠭ᠎ᠠ ᠶᠢᠨ ᠰᠣᠶᠣᠯ ᠢ ᠳᠡᠯᠭᠡᠷᠡᠭᠦᠯᠬᠦ᠂ ᠪᠣᠯᠪᠠᠰᠤᠨ ᠲᠠᠬᠢᠯᠭ᠎ᠠ ᠶᠢ ᠵᠢᠯᠤᠭᠤᠳᠬᠤ ᠪᠠᠷ | ᠴᠢᠬᠤᠯᠠ ᠠᠭᠤᠯᠭ᠎ᠠ ᠪᠣᠯᠭᠠᠵᠤ᠂ ᠲᠤᠰᠬᠠᠶ ᠪᠤᠯᠤᠩ ᠨᠡᠭᠡᠭᠡᠬᠦ᠂ ᠦᠵᠡᠭᠦᠯᠦᠯᠭᠡ ᠶᠢᠨ ᠰᠠᠮᠪᠠᠷ᠎ᠠ ᠦᠢᠯᠡᠳᠬᠦ᠂ | ᠤᠬᠠᠭᠤᠯᠬᠤ ᠬᠠᠭᠤᠳᠠᠰᠤ ᠳᠠᠷᠤᠮᠠᠯᠯᠠᠨ ᠲᠠᠷᠬᠠᠭᠠᠬᠤ ᠵᠢᠴᠢ ᠲᠧᠯᠸᠢᠰ᠂ ᠷᠠᠳᠢᠣ᠋ ᠨᠡᠪᠲᠡᠷᠡᠭᠦᠯᠭᠡ᠂ ᠰᠢᠨ᠎ᠡ | ᠵᠠᠭᠤᠴᠢᠯᠠᠭᠤᠷ ᠵᠡᠷᠭᠡ ᠰᠣᠨᠢᠨ ᠮᠡᠳᠡᠭᠡᠨ ᠤ ᠵᠠᠭᠤᠴᠢ ᠪᠠᠷ ᠠᠴᠢᠶᠠᠯᠠᠪᠤᠷᠢ ᠪᠣᠯᠭᠠᠵᠤ᠂ ᠤᠬᠠᠭᠤᠯᠭ᠎ᠠ ᠶᠢᠨ ᠠᠵᠢᠯ ᠢ | ᠥᠷᠭᠡᠨ ᠢᠶᠠᠷ ᠥᠷᠨᠢᠭᠦᠯᠦᠨ᠎ᠡ᠃ ᠥᠷᠭᠡᠨ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠠᠮᠤᠷ | ᠲᠦᠪᠰᠢᠨ ᠤ ᠤᠬᠠᠮᠰᠠᠷ ᠢ ᠨᠢ ᠴᠢᠩᠭᠠᠳᠬᠠᠵᠤ᠂ ᠣᠯᠠᠨ ᠨᠡᠶᠢᠲᠡ ᠶᠢᠨ ᠡᠮᠬᠢ ᠳᠢᠭᠯᠢᠮ ᠢ ᠰᠠᠬᠢᠭᠤᠯᠵᠤ᠂ ᠪᠣᠯᠪᠠᠰᠤᠨ | ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠮᠠᠭᠤ ᠳᠠᠳᠬᠠᠯ ᠢ ᠡᠪᠳᠡᠵᠦ᠂ ᠰᠢᠨ᠎ᠡ ᠬᠡᠪ ᠰᠤᠷᠲᠠᠯ ᠢ ᠪᠣᠶ | ᠪᠣᠯᠭᠠᠬᠤ ᠶᠢ ᠰᠠᠨᠠᠭᠠᠴᠢᠯᠠᠵᠤ᠂ ᠪᠣᠯᠪᠠᠰᠤᠨ ᠠᠷᠪᠢᠴᠢ ᠭᠠᠮᠲᠠᠶ ᠣᠷᠴᠢᠨ ᠲᠣᠭᠤᠷᠢᠨ ᠢ ᠬᠠᠮᠠᠭᠠᠯᠠᠬᠤ ᠲᠠᠬᠢᠯᠭ᠎ᠠ ᠶᠢᠨ | ᠬᠡᠯᠪᠡᠷᠢ ᠪᠠᠷ ᠡᠪᠦᠭᠡ ᠳᠡᠭᠡᠳᠦᠰ ᠢᠶᠠᠨ ᠲᠠᠶᠢᠳᠬᠤᠷᠠᠭᠤᠯᠵᠤ᠂ ᠮᠠᠨ ᠤ ᠬᠤᠶᠢᠴᠢ ᠦᠶ᠎ᠡ ᠪᠠᠨ ᠬᠥᠮᠦᠵᠢᠭᠦᠯᠦᠨ᠎ᠡ᠃ | 1᠂ ᠵᠣᠷᠢᠭ ᠰᠠᠨᠠᠭ᠎ᠠ ᠪᠠᠨ ᠤᠯᠠᠮᠵᠢᠯᠠᠨ ᠵᠠᠯᠭᠠᠮᠵᠢᠯᠠᠵᠤ᠂ ᠪᠣᠯᠪᠠᠰᠤᠨ ᠢᠶᠠᠷ ᠲᠤᠷᠠᠰᠤᠨ ᠰᠠᠨᠠᠭᠠᠯᠵᠠᠨ᠎ᠠ᠃ | ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠰᠣᠷᠭᠤᠭ ᠴᠡᠴᠡᠭ ᠤᠨ ᠲᠠᠬᠢᠯᠭ᠎ᠠ᠂ ᠰᠢᠷ᠎ᠠ | ᠲᠣᠷᠭᠠᠨ ᠪᠦᠰᠡᠨ ᠲᠠᠬᠢᠯᠭ᠎ᠠ᠂ ᠬᠦᠰᠡᠯ ᠤᠨ ᠺᠠᠷᠲ ᠤᠨ ᠲᠠᠬᠢᠯᠭ᠎ᠠ᠂ ᠰᠦᠯᠵᠢᠶᠡᠨ ᠳᠡᠭᠡᠷᠡᠬᠢ ᠲᠠᠬᠢᠯᠭ᠎ᠠ᠂ ᠭᠡᠷ | ᠪᠦᠯᠢ ᠶᠢᠨ ᠲᠤᠷᠠᠰᠤᠨ ᠰᠠᠨᠠᠭᠠᠯᠵᠠᠬᠤ ᠬᠤᠷᠠᠯ ᠵᠡᠷᠭᠡ ᠣᠳᠣ ᠦᠶ᠎ᠡ ᠶᠢᠨ ᠲᠠᠬᠢᠯᠭ᠎ᠠ ᠶᠢᠨ ᠠᠵᠢᠯᠯᠠᠭ᠎ᠠ ᠶᠢ | ᠰᠠᠨᠠᠭᠠᠴᠢᠯᠠᠵᠤ᠂ ᠣᠶᠤᠨ ᠰᠠᠨᠠᠭᠠᠨ ᠤ ᠤᠯᠠᠮᠵᠢᠯᠠᠯ ᠢᠶᠠᠷ ᠤᠯᠠᠮᠵᠢᠯᠠᠯᠲᠤ ᠪᠣᠳᠠᠲᠤ ᠪᠣᠳᠠᠰ ᠤᠨ ᠲᠠᠬᠢᠯᠭ᠎ᠠ ᠶᠢ | ᠣᠷᠣᠯᠠᠭᠤᠯᠤᠨ᠎ᠠ᠃ ᠠᠳᠠᠯᠢᠳᠬᠠᠬᠤ ᠦᠭᠡᠢ᠂ ᠯᠠᠷᠵᠢᠶ᠎ᠠ ᠲᠠᠲᠠᠬᠤ ᠦᠭᠡᠢ᠂ ᠪᠣᠯᠪᠠᠰᠤᠨ᠂ ᠲᠥᠪ ᠬᠢᠴᠢᠶᠡᠩᠭᠦᠶ᠂ | ᠠᠷᠪᠢᠯᠠᠨ ᠭᠠᠮᠨᠠᠬᠤ ᠠᠷᠭ᠎ᠠ ᠮᠠᠶ᠋ᠢᠭ ᠢᠶᠠᠷ ᠨᠠᠰᠤ ᠨᠥᠭᠴᠢᠭᠰᠡᠳ ᠢ ᠳᠤᠷᠠᠰᠤᠨ ᠰᠠᠨᠠᠭᠠᠯᠵᠠᠨ᠎ᠠ᠃ | 2᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ᠂ ᠠᠮᠤᠷ ᠲᠦᠪᠰᠢᠨ ᠤ ᠲᠠᠬᠢᠯᠭ᠎ᠠ | ᠬᠢᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠣᠷᠴᠢᠨ ᠲᠣᠭᠤᠷᠢᠨ ᠢ | ᠪᠣᠬᠢᠷᠲᠤᠭᠤᠯᠬᠤ ᠦᠭᠡᠢ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ | ᠴᠠᠭᠠᠰᠤ ᠰᠢᠲᠠᠭᠠᠵᠤ ᠬᠦᠵᠢ ᠰᠢᠲᠠᠭᠠᠬᠤ ᠦᠭᠡᠢ᠂ ᠴᠠᠭᠠᠰᠤᠨ ᠵᠣᠭᠤᠰ ᠰᠠᠴᠤᠬᠤ ᠦᠭᠡᠢ ᠪᠠᠶᠢᠬᠤ ᠶᠢ ᠪᠡᠶᠡᠯᠡᠭᠦᠯᠵᠦ᠂ | ᠬᠤᠳᠠ ᠬᠥᠳᠡᠭᠡ ᠶᠢᠨ ᠦᠵᠡᠰᠬᠦᠯᠡᠩᠲᠦ ᠰᠠᠶᠢᠬᠠᠨ ᠴᠡᠪᠡᠷ ᠲᠡᠭᠰᠢ ᠣᠷᠴᠢᠨ ᠨᠥᠬᠦᠴᠡᠯ ᠢ ᠢᠳᠡᠪᠬᠢᠲᠡᠶ ᠬᠠᠮᠠᠭᠠᠯᠠᠨ᠎ᠠ᠃ | ᠬᠤᠯᠪᠣᠭᠳᠠᠯ ᠪᠦᠬᠦᠢ ᠭᠠᠯ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠵᠤ᠂ ᠣᠢ ᠰᠢᠭᠤᠶ ᠨᠤᠲᠤᠭ | ᠪᠡᠯᠴᠢᠭᠡᠷ ᠤᠨ ᠠᠶᠤᠯ ᠲᠠᠢ ᠣᠷᠣᠨ ᠳᠤ ᠣᠩᠭᠤᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ ᠲᠠᠲᠠᠬᠤ ᠵᠢᠴᠢ ᠬᠤᠸᠠᠷ | ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠡᠯ᠎ᠡ ᠵᠦᠢᠯ ᠤᠨ ᠠᠮᠤᠷ | ᠲᠦᠪᠰᠢᠨ ᠤ ᠳᠠᠯᠳᠠ ᠭᠡᠮ ᠪᠣᠯᠤᠨ ᠴᠤᠬᠤᠶᠢᠯᠲᠠ ᠶᠢ ᠡᠷᠡᠰ ᠬᠤᠷᠢᠭᠯᠠᠨ᠎ᠠ᠃ | 3᠂ ᠨᠠᠰᠤᠲᠠᠨ ᠢᠶᠠᠨ ᠬᠠᠶᠢᠷᠠᠯᠠᠨ ᠬᠦᠨᠳᠦᠯᠡᠵᠦ᠂ ᠢᠯᠡᠭᠦᠦ ᠠᠰᠠᠷᠠᠵᠤ ᠳᠦᠭᠦᠮ ᠣᠷᠤᠰᠢᠭᠤᠯᠤᠨᠠ᠃ ᠲᠠᠬᠢᠯᠭ᠎ᠠ | ᠪᠣᠯ ᠨᠠᠰᠤ ᠪᠠᠷᠠᠭᠰᠠᠨ ᠰᠠᠳᠤᠨ ᠲᠥᠷᠥᠯ ᠳᠡᠭᠡᠨ ᠲᠠᠯᠪᠢᠭᠰᠠᠨ ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ ᠮᠥᠨ᠂ ᠬᠠᠷᠢᠨ | ᠠᠴᠢᠯᠠᠯ ᠤᠨ ᠶᠣᠰᠣ ᠨᠢ ᠠᠮᠢᠳᠤ ᠰᠡᠷᠡᠭᠦᠨ ᠪᠠᠶᠢᠭ᠎ᠠ ᠥᠶ᠎ᠡ ᠳᠤᠨᠢ ᠪᠠᠶᠢᠨ᠎ᠠ᠃ ᠳᠤᠮᠳᠠᠳᠤ ᠶᠢᠨ ᠤᠯᠠᠮᠵᠢᠯᠠᠯᠲᠤ | ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠨ ᠢᠶᠠᠨ ᠬᠠᠶᠢᠷᠠᠯᠠᠨ ᠬᠦᠨᠳᠦᠯᠡᠬᠦ ᠶᠢ ᠰᠠᠨᠠᠭᠠᠴᠢᠯᠠᠵᠤ᠂ | ᠣᠷᠣᠰᠢᠭᠤᠯᠬᠤ ᠶᠢ ᠬᠥᠩᠭᠡᠪᠴᠢᠯᠡᠨ᠎ᠡ᠃ ᠠᠮᠢᠳᠤ ᠰᠡᠷᠡᠭᠦᠨ ᠪᠠᠶᠢᠭ᠎ᠠ ᠨᠠᠰᠤᠲᠠᠶᠢᠴᠤᠳ ᠢ ᠢᠯᠡᠭᠦᠬᠡᠨ ᠬᠠᠯᠠᠮᠵᠢᠯᠠᠵᠤ᠂ | ᠠᠴᠢᠯᠠᠯ ᠢᠶᠠᠨ ᠢᠯᠡᠭᠦᠬᠡᠨ ᠭᠦᠢᠴᠡᠳᠬᠡᠵᠦ᠂ ᠲᠡᠳᠡᠨ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ | ᠥᠲᠡᠯᠪᠡᠯ ᠴᠡᠩᠭᠡᠯ ᠲᠠᠢ ᠪᠣᠯᠭᠠᠨ᠎ᠠ᠃ ᠡᠪᠦᠭᠡ ᠳᠡᠭᠡᠳᠦᠰ ᠢᠶᠠᠨ ᠠᠷᠪᠢᠴᠢ ᠭᠠᠮᠲᠠᠶ ᠣᠷᠣᠰᠢᠭᠤᠯᠭ᠎ᠠ᠂ ᠪᠣᠯᠪᠠᠰᠤᠨ | ᠲᠠᠬᠢᠯᠭ᠎ᠠ ᠬᠢᠵᠦ᠂ ᠠᠮᠢᠳᠤ ᠬᠥᠮᠦᠨ ᠢ ᠬᠠᠷᠠᠮᠰᠠᠯ ᠦᠭᠡᠢ ᠪᠣᠯᠭᠠᠵᠤ᠂ ᠨᠠᠰᠤ ᠪᠠᠷᠠᠭᠰᠠᠨ ᠬᠥᠮᠦᠨ ᠢ ᠪᠠᠶᠠᠰᠬᠠᠨ᠎ᠠ᠃ | 4. ᠵᠠᠩ ᠳᠠᠳᠬᠠᠯ ᠢ ᠥᠭᠡᠷᠡᠴᠢᠯᠡᠨ᠂ ᠪᠦᠬᠦ ᠠᠷᠠᠳ ᠢᠶᠠᠷ ᠢᠶᠠᠨ ᠬᠥᠳᠡᠯᠦᠯᠴᠡᠨ᠎ᠡ᠃ ᠡᠵᠡᠨ ᠬᠥᠮᠦᠨ ᠤ ᠵᠣᠷᠢᠭ | ᠰᠠᠨᠠᠭ᠎ᠠ ᠶᠢ ᠭᠦᠢᠴᠡᠳ ᠪᠠᠳᠠᠷᠠᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ | ᠂ ᠰᠠᠭᠤᠭᠠᠯᠢ ᠠᠷᠠᠳ ᠨᠢᠭᠡᠪᠦᠷᠢ᠂ ᠭᠡᠷ ᠪᠦᠯᠢ ᠨᠢᠭᠡᠪᠦᠷᠢ᠂ ᠰᠠᠭᠤᠭᠠᠯᠢ ᠲᠣᠭᠤᠷᠢᠭ ᠨᠢᠭᠡᠪᠦᠷᠢ ᠬᠠᠮᠲᠤ ᠪᠠᠷ | ᠬᠦᠲᠡᠯᠤᠯᠴᠡᠵᠦ᠂ ᠬᠥᠮᠦᠨ ᠪᠦᠬᠦᠨ ᠪᠣᠯᠪᠠᠰᠤᠨ ᠰᠢᠨ᠎ᠡ ᠰᠤᠷᠲᠠᠯ ᠤᠨ ᠰᠠᠨᠠᠭᠠᠴᠢᠯᠠᠭᠴᠢ ᠪᠠ ᠤᠯᠠᠮᠵᠢᠯᠠᠭᠴᠢ | ᠪᠣᠯᠬᠤ ᠪᠠᠷ ᠴᠢᠷᠮᠠᠶᠢᠨ᠎ᠠ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ | ᠠᠵᠢᠯᠲᠠᠨ ᠠᠵᠢᠯᠴᠢᠨ ᠢᠯᠠᠩᠭᠤᠶ᠎ᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠳᠦᠷᠢᠮ | ᠪᠣᠯᠵᠤ᠂ ᠦᠯᠢᠭᠡᠷ ᠳᠠᠭᠤᠷᠢᠶᠠᠯ ᠪᠣᠯᠵᠤ ᠵᠠᠩ ᠳᠠᠳᠬᠠᠯ ᠢ ᠥᠭᠡᠷᠡᠴᠢᠯᠡᠬᠦ ᠬᠤᠰᠢᠭᠤᠴᠢ᠂ ᠪᠣᠯᠪᠠᠰᠤᠨ ᠲᠠᠬᠢᠯᠭ᠎ᠠ ᠶᠢᠨ | ᠳᠠᠭᠠᠭᠤᠯᠤᠭᠴᠢ ᠪᠣᠯᠵᠤ᠂ ᠪᠣᠯᠪᠠᠰᠤᠨ ᠪᠤᠰᠤ ᠳᠠᠬᠢᠯᠭ᠎ᠠ ᠶᠢᠨ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ᠂ ᠶᠡᠬᠡᠪᠡᠷ | ᠢᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠥᠷᠭᠡᠨ ᠤᠯᠠᠨ ᠲᠦᠮᠡᠨ ᠢ ᠨᠥᠯᠥᠭᠡᠯᠡᠨ ᠳᠠᠶᠢᠴᠢᠯᠠᠵᠤ᠂ | ᠦᠵᠡᠰᠬᠦᠯᠡᠩᠲᠦ ᠰᠠᠶᠢᠬᠠᠨ ᠬᠤᠸᠠᠳᠧ ᠶᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ | ︵ᠭᠤᠷᠪᠠ︶ ᠬᠠᠷᠢᠭᠤᠴᠠᠯᠭ᠎ᠠ ᠡᠭᠦᠷᠭᠡᠯᠡᠯ ᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠠᠳᠬᠤᠨ᠎ᠠ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠥᠷᠭᠡᠨ ᠣᠯᠠᠨ ᠲᠦᠮᠡᠨ ᠢ ᠢᠳᠡᠪᠬᠢᠲᠡᠶ ᠪᠠᠷ | ᠬᠦᠮᠦᠵᠢᠭᠦᠯᠦᠨ ᠵᠢᠯᠣᠭᠤᠳᠴᠤ ᠬᠡᠪ ᠵᠠᠩᠰᠢᠯ ᠢ ᠨᠢ ᠥᠭᠡᠷᠡᠴᠢᠯᠡᠵᠦ᠂ ᠪᠣᠯᠪᠠᠰᠤᠨ ᠢᠶᠠᠷ ᠲᠠᠬᠢᠬᠤ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠣᠩᠭᠤᠨ | ᠱᠦᠭᠦᠷᠳᠡᠨ ᠳᠡᠭᠡᠳᠦᠰ ᠲᠤ ᠪᠠᠨ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠬᠠᠭᠤᠴᠢᠨ | ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠲᠠᠶᠠᠭᠳᠠᠵᠤ᠂ ᠹᠧᠣᠳᠠᠯ ᠤᠨ ᠮᠤᠬᠤᠷ ᠰᠦᠰᠦᠭ ᠤᠨ ᠥᠩᠭᠡ | ᠪᠣᠳᠤᠭ ᠲᠠᠢ ᠳᠠᠬᠢᠯᠭ᠎ᠠ ᠶᠢᠨ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠪᠣᠯᠪᠠᠰᠤᠨ ᠲᠠᠬᠢᠯᠭ᠎ᠠ ᠶᠢ | ᠶᠡᠭᠡ ᠪᠠᠷ ᠡᠷᠬᠢᠮᠯᠡᠨ᠎ᠡ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠭᠤᠤᠯᠳᠠᠯᠭ᠎ᠠ ᠲᠠᠢ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠪᠣᠯᠤᠨ | ᠬᠠᠷᠢᠭᠤᠴᠠᠯᠭ᠎ᠠ ᠡᠭᠦᠷᠭᠡᠯᠡᠭᠴᠢ ᠶᠢ ᠲᠣᠬᠢᠷᠠᠭᠤᠯᠵᠤ᠂ ᠡᠨᠡ ᠬᠤᠭᠤᠴᠠᠭᠠᠨ ᠤ ᠭᠠᠯ ᠰᠡᠷᠭᠡᠶᠢᠯᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠦᠭᠡᠢ | ᠪᠠᠶᠢᠬᠤ ᠶᠢ ᠦᠨᠡᠨᠬᠦ ᠪᠠᠲᠤᠯᠠᠨ᠎ᠠ᠃ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠰᠣᠷᠭᠤᠭ ᠴᠡᠴᠡᠭ ᠲᠠᠬᠢᠯᠭ᠎ᠠ᠂ ᠲᠣᠤᠷ | ᠰᠦᠯᠵᠢᠶ᠎ᠡ ᠶᠢᠨ ᠲᠠᠬᠢᠯᠭ᠎ᠠ᠂ ᠰᠢᠷ᠎ᠠ ᠲᠣᠷᠭᠠᠨ ᠪᠦᠰᠡ ᠶᠢᠨ ᠬᠦᠰᠡᠯ ᠤᠨ ᠺᠠᠷᠲ ᠤᠨ ᠲᠠᠬᠢᠯᠭ᠎ᠠ ᠵᠡᠷᠭᠡ ᠰᠢᠨ᠎ᠡ | ᠬᠡᠯᠪᠡᠷᠢ ᠶᠢᠨ ᠪᠣᠯᠪᠠᠰᠤᠨ ᠲᠠᠬᠢᠯᠭ᠎ᠠ ᠶᠢ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠬᠢᠵᠦ᠂ ᠢᠯᠠᠩᠭᠤᠶ᠎ᠠ ᠣᠢ | ᠰᠢᠭᠤᠶ ᠨᠤᠲᠤᠭ ᠪᠡᠯᠴᠢᠭᠡᠷ ᠤᠨ ᠠᠶᠤᠯ ᠲᠠᠢ ᠣᠷᠣᠨ ᠳᠤ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ | ᠲᠠᠲᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ | ᠡᠷᠦᠬᠡ ᠪᠣᠯᠭᠠᠨ ᠳᠤ ᠮᠡᠳᠡᠭᠦᠯᠦᠨ᠎ᠡ᠃ | ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ | ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠣᠢ ᠰᠢᠭᠤᠶ ᠶᠢᠨ ᠭᠠᠯ ᠰᠡᠷᠭᠡᠶᠢᠯᠡᠬᠦ | ᠤᠬᠠᠭᠤᠯᠭ᠎ᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠤᠨ ᠠᠶᠤᠯ ᠤᠨ ᠬᠢᠨᠠᠨ ᠬᠡᠮᠵᠢᠯᠲᠡ᠂ ᠲᠣᠭᠤᠷᠢᠨ | ᠬᠠᠮᠠᠭᠠᠯᠠᠵᠤ ᠪᠠᠶᠢᠴᠠᠭᠠᠬᠤ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ | ᠴᠢᠩᠭᠠᠳᠬᠠᠵᠤ᠂ ᠪᠦᠬᠦ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠤᠤᠯᠳᠠᠯᠭ᠎ᠠ ᠲᠠᠢ | ᠭᠠᠵᠠᠷ ᠣᠷᠣᠨ ᠤ ᠬᠡᠰᠡᠭ ᠳᠠᠭᠠᠭᠠᠴᠢᠯᠠᠬᠤ ᠠᠵᠢᠯ ᠢ ᠲᠤᠬᠢᠷᠠᠭᠤᠯᠤᠨ ᠲᠡᠭᠦᠯᠳᠡᠷᠵᠢᠭᠦᠯᠦᠨ᠎ᠡ᠃ ᠬᠠᠷᠢᠭᠤᠴᠠᠯᠭᠠᠲᠤ | ᠤᠳᠤᠷᠢᠳᠤᠯᠭ᠎ᠠ ᠪᠠ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠤᠤᠯᠳᠠᠯᠭ᠎ᠠ ᠲᠠᠢ | ᠴᠠᠭ ᠦᠶ᠎ᠡ ᠶᠢᠨ ᠭᠠᠯ ᠰᠡᠷᠭᠡᠶᠢᠯᠡᠬᠦ ᠲᠣᠤᠷᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠭᠤᠯᠠ ᠰᠢᠭᠤᠶ ᠶᠢ ᠬᠠᠮᠢᠶᠠᠷᠬᠤ ᠬᠥᠮᠦᠨ ᠲᠠᠢ᠂ ᠣᠢ ᠰᠢᠭᠤᠶ ᠡᠪᠡᠰᠦ ᠶᠢ ᠬᠠᠮᠠᠭᠠᠯᠠᠬᠤ ᠬᠥᠮᠦᠨ ᠲᠠᠢ᠂ ᠭᠠᠯ ᠤᠨ | ᠢᠷᠡᠯᠲᠡ ᠶᠢ ᠰᠡᠷᠭᠡᠶᠢᠯᠡᠬᠦ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠦᠨ᠎ᠡ᠃ | ᠰᠢᠭᠤᠶᠢᠲᠤ ᠣᠷᠣᠨ᠂ ᠪᠡᠯᠴᠢᠭᠡᠷ ᠲᠤ ᠴᠠᠭᠠᠰᠤ ᠰᠢᠲᠠᠭᠠᠵᠤ ᠬᠦᠵᠢ ᠠᠰᠠᠭᠠᠬᠤ ᠪᠠ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠵᠤ᠂ ᠡᠯ᠎ᠡ ᠲᠥᠷᠥᠯ ᠤᠨ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ ᠠᠷᠢᠯᠭᠠᠨ᠎ᠠ᠃ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠦᠢᠯᠡ ᠠᠵᠢᠯᠯᠠᠭ᠎ᠠ ᠠᠴᠠ | ᠡᠭᠦᠰᠦᠭᠰᠡᠨ ᠠᠳᠡᠯ ᠤᠨ ᠬᠡᠷᠡᠭ ᠤᠨ ᠵᠢᠱᠢᠶ᠎ᠡ ᠶᠢ ᠶᠡᠬᠡᠪᠡᠷ ᠤᠬᠠᠭᠤᠯᠵᠤ᠂ ᠣᠯᠠᠨ ᠲᠦᠮᠡᠨ ᠢ ᠰᠡᠷᠡᠮᠵᠢᠯᠡᠭᠦᠯᠦᠨ᠎ᠡ᠃ | ︽ᠣᠢ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ᠢ ᠦᠨᠳᠦᠰᠦᠯᠡᠨ᠂ ᠵᠥᠪᠰᠢᠶᠡᠷᠡᠭᠦᠯᠦᠭᠡᠳᠦᠶ ᠪᠠᠷ ᠣᠢ | ᠰᠢᠭᠤᠶ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠬᠡᠭᠡᠷ᠎ᠡ ᠭᠠᠳᠠᠨ᠎ᠠ | ᠳᠤᠷ᠎ᠠ ᠪᠠᠷ ᠢᠶᠠᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ | ᠰᠢᠶᠠᠨ ᠤ ᠴᠡᠴᠡᠷᠯᠢᠭ ᠤᠨ ᠲᠣᠪᠴᠢᠶ᠎ᠠ᠄ ᠨᠣᠭᠤᠭᠠᠷᠠᠭᠤᠯᠤᠯᠲᠠ ᠶᠢᠨ ᠪᠦᠰᠡ᠂ ᠴᠡᠴᠡᠷᠯᠢᠭ ᠤᠨ ᠳᠣᠲᠣᠷ᠎ᠠ | ᠪᠤᠲᠠᠷᠬᠠᠢ ᠪᠤᠩᠬᠤᠨ ᠵᠡᠷᠭᠡ ᠲᠠᠬᠢᠯᠭ᠎ᠠ ᠶᠢᠨ ᠭᠠᠵᠠᠷ ᠪᠣᠯᠤᠨ ᠠᠭᠤᠯᠠ ᠳᠤ ᠣᠷᠣᠵᠤ ᠣᠶ ᠰᠢᠭᠤᠶ ᠳᠤ ᠣᠷᠣᠬᠤ ᠵᠠᠮ ᠢ | ᠴᠠᠭᠳᠠᠨ ᠪᠠᠶᠢᠴᠠᠭᠠᠬᠤ ᠵᠢᠵᠢᠭᠦᠷᠯᠡᠯ ᠢᠶᠠᠨ ᠴᠢᠩᠭᠠᠳᠬᠠᠵᠤ᠂ ᠭᠠᠯ ᠤᠨ ᠠᠶᠤᠯ ᠤᠨ ᠳᠠᠯᠳᠠ ᠭᠡᠮ ᠢ ᠦᠨᠡᠨᠬᠦ | ᠠᠷᠢᠯᠭᠠᠬᠤ ᠬᠡᠷᠡᠭᠲᠡᠶ᠃ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠯ ᠢ ᠰᠡᠷᠭᠡᠶᠢᠯᠡᠨ | ᠤᠨᠲᠠᠷᠠᠭᠠᠬᠤ ᠠᠷᠭ᠎ᠠ ᠬᠡᠮᠵᠢᠶ᠎ᠡ ᠪᠠᠨ ᠤᠯᠠᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠭᠦᠨ ᠤ ᠬᠠᠮᠲᠤ ᠫᠤᠤᠵᠢᠩ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠡᠵᠡᠩᠨᠡᠯᠲᠡ ᠶᠢᠨ ᠨᠢᠭᠡᠴᠡ ᠳᠤ ᠠᠶᠦᠯᠭᠦᠢ ᠶᠢᠨ ᠪᠠᠶᠢᠴᠠᠭᠠᠯᠲᠠ ᠬᠢᠬᠦ ᠶᠢ ᠰᠠᠶᠢᠲᠤᠷ ᠬᠢᠵᠦ᠂ ᠬᠤᠸᠠᠷ | ᠫᠤᠤᠵᠢᠩ ᠢ ᠬᠠᠤᠯᠢ ᠪᠤᠰᠤ ᠪᠠᠷ ᠡᠵᠡᠩᠨᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠲᠣᠪᠴᠢᠶ᠎ᠠ ᠨᠢ | ᠬᠤᠲᠠ ᠶᠢᠨ ᠲᠣᠭᠤᠷᠢᠭ ᠤᠨ ᠭᠤᠤᠯ ᠵᠠᠮ᠂ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠲᠤ ᠴᠠᠭᠠᠰᠤ | ᠰᠢᠲᠠᠭᠠᠵᠤ ᠬᠦᠵᠢ ᠰᠢᠲᠠᠭᠠᠬᠤ ᠵᠢᠴᠢ ᠲᠠᠬᠢᠯᠭ᠎ᠠ ᠶᠢᠨ ᠡᠳ᠋ ᠳᠡᠯᠭᠡᠬᠦ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ | ᠵᠠᠰᠠᠬᠤ ᠪᠠᠨ ᠴᠢᠩᠭᠠᠳᠬᠠᠬᠤ ᠬᠡᠷᠡᠭᠲᠡᠶ᠃ ᠬᠤᠳᠠᠯᠳᠤᠭᠠᠨ ᠤ ᠫᠦᠰᠡ ᠶᠢᠨ ᠭᠡᠷ ᠤᠨ ᠭᠠᠳᠠᠨ᠎ᠠ᠂ ᠵᠠᠮ ᠤᠨ | ᠬᠠᠵᠠᠭᠤ ᠳᠤ ᠴᠠᠭᠠᠰᠤᠨ ᠵᠣᠭᠤᠰ᠂ ᠬᠦᠵᠢ ᠵᠤᠯᠠ᠂ ᠰᠢᠲᠠᠭᠠᠯᠭ᠎ᠠ ᠶᠢᠨ ᠪᠤᠳᠠᠰ ᠪᠣᠷᠣᠯᠠᠭᠤᠯᠬᠤ ᠵᠡᠷᠭᠡ ᠦᠢᠯᠡ | ᠠᠵᠢᠯᠯᠠᠭ᠎ᠠ ᠶᠢ ᠤᠷᠢᠳᠴᠢᠯᠠᠨ ᠪᠢᠴᠢᠭ ᠢᠶᠠᠷ ᠮᠡᠳᠡᠭᠳᠡᠬᠦ ᠶᠢᠨ ᠬᠠᠮᠲᠤ ᠴᠠᠭ ᠲᠤᠬᠠᠶ ᠳᠤᠨᠢ ᠴᠢᠩᠭ᠎ᠠ ᠪᠠᠶᠢᠴᠠᠭᠠᠨ | ᠰᠢᠢᠳᠪᠤᠷᠢᠯᠡᠬᠦ ᠬᠡᠷᠡᠭᠲᠡᠶ᠃ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠰᠢᠭᠤᠯᠭ᠎ᠠ ᠶᠢᠨ | ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠪᠦᠬᠦ ᠰᠢᠶᠠᠨ ᠤ ᠣᠷᠣᠰᠢᠭᠤᠯᠭ᠎ᠠ ᠶᠢᠨ | ᠬᠡᠷᠡᠭᠰᠡᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠦᠷᠨᠢᠭᠦᠯᠵᠦ᠂ ᠹᠧᠣᠳᠠᠯ ᠤᠨ ᠮᠤᠬᠤᠷ ᠪᠢᠰᠢᠷᠡᠯ ᠪᠠ | ᠪᠣᠯᠬᠢ ᠪᠦᠳᠦᠭᠦᠯᠢᠭ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯ ᠠᠭᠤᠯᠤᠨ ᠪᠣᠷᠣᠯᠠᠭᠤᠯᠵᠤ ᠪᠠᠶᠢᠭ᠎ᠠ ᠭᠠᠵᠠᠷ ᠢ | ᠪᠠᠶᠢᠴᠠᠭᠠᠵᠤ᠂ ᠬᠡᠪᠴᠢᠶᠡᠨ ᠠᠴᠠ ᠬᠡᠲᠦᠷᠡᠭᠦᠯᠦᠨ ᠡᠵᠡᠩᠨᠡᠬᠦ ᠵᠡᠷᠭᠡ ᠲᠣᠭᠲᠠᠭᠠᠯ ᠠᠴᠠ ᠵᠥᠷᠢᠴᠡᠨ ᠴᠠᠭᠠᠰᠤᠨ ᠵᠣᠭᠤᠰ᠂ | ᠬᠦᠵᠢ ᠵᠤᠯᠠ ᠵᠡᠷᠭᠡ ᠣᠷᠣᠰᠢᠭᠤᠯᠭ᠎ᠠ ᠶᠢᠨ ᠡᠳ᠋ ᠪᠣᠳᠠᠰ ᠢ ᠪᠣᠷᠣᠯᠠᠭᠤᠯᠬᠤ ᠭᠠᠵᠠᠷ ᠢ ᠤᠷᠢᠳᠴᠢᠯᠠᠨ ᠴᠡᠭᠴᠡᠯᠡᠨ | ᠵᠠᠰᠠᠵᠤ᠂ ᠣᠯᠠᠨᠲᠠ ᠬᠤᠷᠢᠭᠯᠠᠭᠠᠳ ᠵᠣᠭᠰᠣᠬᠤ ᠦᠭᠡᠢ ᠪᠣᠯ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ | ᠰᠢᠢᠳᠪᠤᠷᠢᠯᠡᠵᠦ᠂ ᠡᠬᠢ ᠡᠭᠦᠰᠦᠯ ᠠᠴᠠ ᠨᠢ ᠵᠠᠰᠠᠬᠤ ᠬᠡᠷᠡᠭᠲᠡᠶ᠃ | ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠯ᠎ᠡ ᠵᠦᠢᠯ ᠤᠨ ᠭᠠᠯ ᠤᠨᠲᠠᠷᠠᠭᠠᠬᠤ ᠠᠮᠤᠷ | ᠲᠦᠪᠰᠢᠨ ᠤ ᠳᠦᠷᠢᠮ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠮᠤᠷ | ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠯ᠎ᠡ | ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯᠪᠠᠰᠤᠨ ᠤ ᠲᠠᠬᠢᠯᠭ᠎ᠠ ᠶᠢᠨ ᠠᠵᠢᠯᠯᠠᠭ᠎ᠠ ᠳᠠᠬᠢ | ᠬᠠᠮᠢᠶᠠᠷᠤᠯᠲᠠ ᠪᠣᠯᠤᠨ ᠦᠢᠯᠡᠴᠢᠯᠡᠭᠡ ᠪᠠᠨ ᠴᠢᠩᠭᠠᠳᠬᠠᠵᠤ᠂ ᠠᠵᠢᠯᠲᠠᠨ ᠢ ᠵᠦᠶ ᠵᠣᠬᠢᠰᠲᠠᠶ ᠲᠣᠬᠢᠷᠠᠭᠤᠯᠵᠤ᠂ ᠡᠯ᠎ᠡ | ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠢᠳᠡᠪᠬᠢᠲᠡᠢ | ᠠᠷᠢᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠠᠬᠢᠯᠭ᠎ᠠ ᠶᠢᠨ ᠠᠵᠢᠯᠯᠠᠭ᠎ᠠ ᠶᠢ ᠡᠮᠬᠢ | ᠵᠢᠷᠤᠮ ᠲᠠᠢ ᠪᠠᠷ ᠥᠷᠨᠢᠭᠦᠯᠬᠦ ᠬᠡᠷᠡᠭᠲᠡᠶ᠃ ᠰᠢᠶᠠᠨ ᠤ ᠬᠤᠲᠠ ᠶᠢᠨ ᠲᠣᠭᠤᠷᠢᠭ ᠲᠤ ︽ᠪᠣᠯᠪᠠᠰᠤᠨ ᠲᠠᠬᠢᠯᠭ᠎ᠠ ᠬᠢᠵᠦ᠂ | ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠰᠠᠨᠠᠭᠠᠴᠢᠯᠠᠬᠤ︾ ᠭᠡᠰᠡᠨ ᠤᠷᠢᠶ᠎ᠠ ᠨᠠᠭᠠᠨ᠎ᠠ᠃ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠲᠠᠬᠢᠯᠭ᠎ᠠ ᠶᠢᠨ ᠠᠵᠢᠯᠯᠠᠭ᠎ᠠ ᠳᠤᠮᠳᠠ ᠪᠤᠰᠤᠳ ᠢ | ᠥᠳᠥᠭᠡᠬᠦ᠂ ᠵᠢᠭᠠᠨ ᠳᠣᠬᠢᠵᠤ᠂ ᠠᠶᠤᠯᠭᠠᠨ ᠰᠦᠷᠳᠡᠭᠦᠯᠵᠦ᠂ ᠬᠠᠭᠤᠷᠤᠨ ᠮᠡᠬᠡᠯᠡᠵᠦ᠂ ᠨᠡᠶᠢᠭᠡᠮ ᠤᠨ ᠠᠮᠤᠷ | ᠲᠦᠪᠰᠢᠨ ᠢ ᠰᠠᠮᠠᠭᠤᠷᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ᠂ | ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠵᠤᠬᠢᠶᠠᠨ | ᠪᠠᠶᠢᠭᠤᠯᠤᠭᠰᠠᠨᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠤᠭᠴᠢᠳ ᠤᠨ ᠬᠤᠯᠪᠣᠭ᠎ᠠ ᠠᠪᠤᠭᠴᠢ ᠶᠢᠨ | ᠦᠢ ᠯᠡᠳᠦᠯ ᠢ ᠪᠠᠳᠠᠷᠠᠭᠤᠯᠵᠤ᠂ ᠰᠤᠷᠤᠭᠴᠢ ᠭᠡᠷ ᠤᠨ ᠠᠬᠠᠮᠠᠳ ᠲᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ | ᠵᠡᠷᠭᠡ ᠬᠥᠳᠡᠯᠭᠡᠭᠡᠨ ᠢᠶᠠᠷ ᠳᠠᠮᠵᠢ ᠭᠤᠯᠤᠨ᠂ ᠥᠷᠭᠡᠨ ᠣᠯᠠᠨ ᠭᠡᠷ ᠤᠨ ᠠᠬᠠᠮᠠᠳ ᠢ ᠬᠥᠮᠦᠵᠢᠭᠦᠯᠦᠨ ᠵᠢᠯᠣᠭᠤᠳᠴᠤ | ᠪᠠᠶᠢᠭᠠᠳ ᠦᠵᠡᠯ ᠰᠠᠨᠠᠭ᠎ᠠ ᠦᠵᠡᠯᠲᠡ ᠶᠢ ᠨᠢ ᠬᠤᠪᠢᠷᠠᠭᠤᠯᠵᠤ᠂ ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠢ | ᠪᠣᠢ ᠪᠣᠯᠭᠠᠨ᠎ᠠ᠃ | ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠠᠮ ᠬᠠᠷᠢᠯᠴᠠᠭ᠎ᠠ ᠶᠢ ᠵᠣᠬᠢᠶᠠᠨ ᠪᠠᠶᠢᠭᠤᠯᠬᠤ ᠪᠠ | ᠵᠠᠯᠠᠵᠤ ᠵᠢᠯᠣᠭᠤᠳᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠠᠬ | ᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠶ᠃ | ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠰᠣᠨᠢᠨ ᠮᠡᠳᠡᠭᠡᠯᠡᠯ ᠬᠡᠪᠯᠡᠯ ᠷᠠᠳᠢᠣ᠋ ᠲᠧᠯᠸᠢᠰ | ᠲᠣᠪᠴᠢᠶ᠎ᠠ ᠲᠤᠰᠬᠠᠶ ᠪᠤᠯᠤᠩ ᠨᠡᠭᠡᠭᠡᠵᠦ᠂ ᠪᠠᠶᠠᠷ ᠤᠨ ᠡᠳᠦᠷ ᠤᠨ ᠢᠷᠡᠯᠲᠡ᠂ ᠪᠠᠶᠠᠷ ᠤᠨ ᠡᠳᠦᠷ ᠤᠨ ᠰᠣᠶᠣᠯ ᠵᠢᠴᠢ | ᠪᠣᠯᠪᠠᠰᠤᠨ ᠤ ᠲᠠᠬᠢᠯᠭ᠎ᠠ ᠶᠢᠨ ᠠᠴᠢ ᠬᠤᠯᠪᠣᠭᠳᠠᠯ ᠢ ᠲᠥᠪᠯᠡᠷᠡᠭᠦᠯᠦᠨ ᠤᠬᠠᠭᠤᠯᠵᠤ᠂ ᠳᠤᠮᠳᠠᠳᠤ ᠶᠢᠨ | ᠦᠨᠳᠦᠰᠦᠲᠡᠨ ᠤ ᠰᠢᠯᠢᠳᠡᠭ ᠤᠯᠠᠮᠵᠢᠯᠠᠯ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠢᠭᠲᠠ | ᠬᠠᠮᠵᠢᠯᠴᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠬᠠᠩᠰᠢ ᠶᠢᠨ ᠬᠤᠭᠤᠴᠠᠭᠠᠨ ᠳᠤ ᠣᠯᠠᠨ ᠲᠦᠮᠡᠨ ᠤ ᠲᠠᠬᠢᠯᠭ᠎ᠠ ᠶᠢᠨ ᠠᠵᠢᠯᠯᠠᠭ᠎ᠠ ᠶᠢ ᠠᠮᠤᠷ ᠲᠦᠪᠰᠢᠨ ᠡᠮᠬᠢ | ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠵᠠᠭᠠᠭᠯᠠᠨ ᠲᠣᠭᠲᠠᠭᠠᠭᠰᠠᠨ ᠣᠢ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠣᠷᠣᠨ ᠤ ᠶᠣᠰᠣᠭᠠᠷ᠂ | ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠠᠵᠢᠯᠲᠠᠨ ᠬᠥᠳᠡᠯᠦᠯᠴᠡᠵᠦ | ᠂ ᠴᠢᠩᠭ᠎ᠠ ᠰᠡᠷᠭᠡᠶᠢᠯᠡᠨ ᠰᠠᠬᠢᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠦᠭᠡᠢ | ᠪᠠᠶᠢᠬᠤ ᠶᠢ ᠦᠨᠡᠨᠬᠦ ᠪᠠᠲᠤᠯᠠᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠳ ᠬᠠᠩᠰᠢ ᠶᠢᠨ ᠡᠳᠦᠷ ᠤᠨ ᠣᠯᠠᠨ ᠲᠦᠮᠡᠨ ᠤ ᠲᠠᠬᠢᠯᠭ᠎ᠠ ᠶᠢᠨ ᠠᠵᠢᠯᠯᠠᠭ᠎ᠠ ᠶᠢᠨ ᠴᠠᠭ ᠨᠢ ᠣᠬᠤᠷ᠂ | ᠣᠷᠣᠨ ᠵᠠᠶ ᠨᠢ ᠪᠠᠭ᠎ᠠ᠂ ᠨᠢᠭᠲᠠᠴᠠ ᠨᠢ ᠶᠡᠭᠡ ᠪᠠᠶᠢᠬᠤ ᠣᠨᠴᠠᠯᠢᠭ ᠲᠤ ᠴᠢᠭᠯᠡᠭᠦᠯᠦᠨ᠂ ᠨᠡᠶᠢᠭᠡᠮ ᠤᠨ ᠡᠶ᠎ᠡ ᠵᠣᠬᠢᠴᠠᠯ | ᠲᠣᠭᠲᠠᠭᠤᠨ ᠢ ᠬᠠᠮᠠᠭᠠᠯᠠᠬᠤ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ᠂ ᠵᠠᠰᠠᠭ ᠤᠨ | ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠡᠭᠡᠳᠤ ᠬᠡᠮᠵᠢᠶᠡᠨ ᠠᠴᠠ᠂ ᠣᠯᠠᠨ ᠲᠦᠮᠡᠨ ᠤ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠠᠬᠢ | ᠡᠯ᠎ᠡ ᠵᠦᠢᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠲᠣᠬᠢᠷᠠᠭᠤᠯᠵᠤ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠮᠤᠷ | ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ | ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢᠶᠠᠨ ᠦᠨᠡᠨᠬᠦ ᠴᠢᠩᠭᠠᠳᠬᠠᠨ᠎ᠠ᠃ ᠢᠯᠠᠩᠭᠤᠶ᠎ᠠ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ | ᠲᠤᠰᠢᠶᠠᠯ ᠳᠠᠭᠠᠨ ᠣᠰᠣᠯᠳᠠᠭᠰᠠᠨ᠂ ᠪᠠᠶᠢᠴᠠᠭᠠᠯᠲᠠ ᠬᠢᠭᠰᠡᠨ ᠨᠢ ᠬᠦᠴᠦᠨ ᠦᠭᠡᠢ᠂ ᠭᠠᠯ ᠰᠡᠷᠭᠡᠶᠢᠯᠡᠬᠦ | ᠵᠢᠵᠢᠭᠦᠷᠯᠡᠭᠰᠡᠨ ᠨᠢ ᠬᠦᠷᠦᠯᠴᠡᠬᠦ ᠦᠭᠡᠢ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠬᠦᠴᠦᠨ ᠦᠭᠡᠢ᠂ ᠭᠠᠯ ᠤᠨ ᠠᠶᠤᠯ ᠤᠨ ᠳᠠᠯᠳᠠ ᠭᠡᠮ ᠣᠷᠣᠰᠢᠵᠤ | ᠪᠠᠶᠢᠭᠠᠳ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠ ᠭᠠᠯ ᠲᠦᠢᠮᠡᠷ ᠭᠠᠷᠤᠭᠰᠠᠨ ᠭᠠᠯ ᠤᠨ ᠠᠶᠤᠯ ᠢ ᠴᠠᠭ | ᠲᠤᠬᠠᠶ ᠳᠤᠨᠢ ᠪᠠᠶᠢᠴᠠᠭᠠᠨ ᠰᠢᠢᠳᠪᠤᠷᠢᠯᠡᠭᠰᠡᠨ ᠦᠭᠡᠢ᠂ ᠰᠠᠨᠠᠭᠠᠴᠢᠯᠠᠭᠠᠲᠤ ᠪᠤᠰᠤ ᠪᠠᠶᠢᠪᠠᠯ᠂ ᠲᠦᠷᠭᠡᠨ᠂ ᠴᠢᠩᠭ᠎ᠠ | ᠰᠢᠢᠳᠪᠤᠷᠢᠯᠡᠬᠦ ᠶᠢᠨ ᠬᠠᠮᠲᠤ ᠵᠠᠷᠯᠠᠨ ᠨᠡᠶᠢᠲᠡᠯᠡᠨ᠎ᠡ᠃ | ︵ᠭᠤᠷᠪᠠ︶ ᠵᠢᠵᠢᠭᠦᠷᠯᠡᠨ ᠰᠠᠬᠢᠬᠤ ᠶᠢ ᠴᠢᠩᠳᠠᠯᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠬᠠᠩᠰᠢ ᠶᠢᠨ ᠡᠳᠦᠷ ᠣᠯᠠᠨ ᠲᠦᠮᠡᠨ ᠤ ᠲᠠᠬᠢᠯᠭ᠎ᠠ ᠶᠢᠨ ᠬᠤᠭᠤᠴᠠᠭᠠᠨ ᠳᠤ᠂ 24 ᠴᠠᠭ ᠤᠨ | ᠵᠢᠵᠢᠭᠦᠷ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ | ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠭᠠᠯ ᠲᠦᠢᠮᠡᠷ ᠤᠨ ᠪᠠᠶᠢᠳᠠᠯ ᠢ ᠮᠡᠳᠡᠭᠦᠯᠬᠦ ᠳᠦᠷᠢᠮ ᠢ | ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠡᠷᠬᠡᠪᠰᠢ ᠴᠠᠭ ᠲᠤᠬᠠᠶ ᠳᠤᠨᠢ᠂ | ᠣᠨᠣᠪᠴᠢᠲᠠᠶ ᠳᠡᠭᠡᠭᠰᠢ ᠮᠡᠳᠡᠭᠦᠯᠬᠦ ᠬᠡᠷᠡᠭᠲᠡᠶ᠃ ᠤᠳᠠᠭᠠᠰᠢᠷᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠭᠠᠳ | ᠭᠠᠯ ᠤᠨᠲᠠᠷᠠᠭᠠᠬᠤ ᠴᠠᠭ ᠲᠣᠬᠢᠶᠠᠯ ᠢ ᠰᠠᠭᠠᠲᠠᠭᠠᠭᠰᠠᠨ ᠠᠴᠠ ᠪᠣᠯᠵᠤ ᠬᠤᠬᠢᠷᠠᠯ ᠤᠴᠠᠷᠠᠭᠤᠯᠤᠭᠰᠠᠨ ᠪᠣᠯ ᠲᠤᠬᠠᠢ ᠶᠢᠨ | ᠬᠥᠮᠦᠨ ᠪᠣᠯᠤᠨ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |