ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ︽ᠬᠢᠵᠢᠭ︾ ᠤᠨ ᠳᠠᠶᠢᠨ ᠳᠤ ᠪᠢᠴᠢᠭᠯᠡᠨ᠎ᠡ
ᠨᠡᠶᠢᠲᠡᠯᠡᠭᠰᠡᠨ ᠴᠠᠭ᠄
2020-03-06
   ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ︽ᠬᠢᠵᠢᠭ︾ ᠤᠨ ᠳᠠᠶᠢᠨ ᠳᠤ ᠪᠢᠴᠢᠭᠯᠡᠨ᠎ᠡ                 — ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠬᠤ ᠰᠠᠯᠠᠭᠠᠨ ᠤ ᠡᠷᠬᠢᠯᠡᠭᠴᠢ ᠯᠢᠦᠶ ᠭᠤᠸᠠᠩ
   ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠥᠬᠦ ᠭᠡᠰᠢᠭᠦᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠤᠨ ᠪᠠᠶᠢᠳᠠᠯ ᠢ ᠡᠳᠦᠷ ᠰᠥᠨᠢ ᠥᠬᠡᠶ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ ᠳᠤ ᠭᠦᠨᠵᠡᠭᠡᠶᠢᠷᠡᠵᠦ ᠪᠠᠶᠢᠪᠠ᠃ ᠰᠢᠯᠭᠠᠨ ᠪᠠᠶᠢᠴᠠᠭᠠᠬᠤ ᠰᠠᠯᠠᠭᠠᠨ ᠤ ᠡᠷᠬᠢᠯᠡᠭᠴᠢ ᠯᠢᠦᠶ ᠭᠤᠸᠠᠩ᠄ ︽ᠪᠢ ᠬᠦᠴᠢᠷ ᠠᠴᠠ ᠠᠶᠤᠬᠤ ᠥᠬᠡᠶ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠬᠥᠮᠦᠨ ᠪᠣᠯᠤᠭᠰᠠᠨ ᠤ ᠬᠤᠪᠢ ᠳᠤ ᠨᠢᠭᠡᠳᠦᠭᠡᠷ ᠹᠷᠣᠨᠲ ᠳᠤ ᠬᠠᠮᠤᠭ ᠤᠨ ᠡᠮᠦᠨ᠎ᠡ ᠨᠢ ᠳᠠᠭᠠᠷᠢᠪᠠᠯ ᠵᠣᠬᠢᠨ᠎ᠠ᠃ ᠬᠢᠵᠢᠭ ᠢ ᠰᠡᠷᠭᠡᠶᠢᠯᠡᠬᠦ ᠭᠡᠳᠡᠭ ᠨᠢ ᠳᠠᠷᠤᠶ ᠳᠠᠶᠢᠯᠠᠯᠳᠤᠭᠠᠨ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠪᠢᠳᠡᠨ ᠤ ᠨᠠᠷᠢᠨ ᠪᠠᠶᠢᠳᠠᠯ ᠢ ᠮᠡᠳᠡᠬᠦ ᠦᠭᠡᠢ ᠳᠠᠶᠢᠰᠤᠨ ᠮᠥᠨ᠃ ᠡᠨᠡ ᠤᠳᠠᠭᠠᠨ ᠤ ︽ᠬᠢᠵᠢᠭ︾ ᠤᠨ ᠲᠡᠶᠢᠨ ᠤ ᠳᠤᠮᠳᠠ‌ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠤᠷᠰᠢᠯᠲᠠ ᠶᠢᠨ ᠲᠠᠰᠤᠭ ᠨᠢ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠲᠠᠬᠢ ︽ᠤᠰᠠᠳᠬᠠᠬᠤ ᠴᠡᠷᠢᠭ︾ ᠪᠣᠯᠵᠣ᠂ ᠴᠠᠭ ᠲᠤᠬᠠᠶ ᠳᠤᠨᠢ ︽ᠠᠷᠢᠭᠤᠳᠬᠠᠬᠤ ᠳᠤᠭᠤᠶᠢᠯᠠᠩ︾ ᠳᠤ ᠬᠢᠷᠢ ᠲᠡᠩᠴᠡᠭᠰᠡᠨ ᠠᠷᠢᠭᠤᠳᠬᠠᠬᠤ ᠰᠢᠩᠭᠡᠨ ᠪᠡᠯᠡᠳᠬᠡᠵᠦ ᠥᠭᠪᠡ᠃    ᠬᠢᠵᠢᠭ ᠤᠨ ᠪᠠᠶᠢᠳᠠᠯ ᠤᠨ ᠶᠡᠬᠡᠳᠬᠦ ᠶᠢ ᠳᠠᠭᠠᠯᠳᠤᠨ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠮᠡᠳᠡᠯᠭᠡ᠂ ᠰᠡᠷᠭᠡᠶᠢᠯᠡᠨ ᠡᠵᠡᠮᠳᠡᠬᠦ ᠮᠡᠷᠭᠡᠵᠢᠯ ᠢ ᠴᠠᠭ ᠲᠤᠬᠠᠶ ᠳᠤᠨᠢ ᠰᠤᠷᠤᠯᠴᠠᠬᠤ ᠶᠢᠨ ᠲᠥᠯᠥᠭᠡ᠂ ᠲᠡᠷᠡ ᠲᠤᠷᠰᠢᠯᠲᠠ ᠶᠢᠨ ᠲᠠᠰᠤᠭ ᠤᠨ ᠰᠠᠯᠠᠭ᠎ᠠ ᠲᠠᠰᠤᠭ ᠤᠨ ᠬᠥᠮᠦᠰ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠰᠤᠷᠤᠯᠴᠠᠯᠭ᠎ᠠ ᠬᠢᠵᠦ᠂ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠶᠢᠳᠠᠯ ᠳᠤ ᠵᠠᠳᠠᠯᠤᠯᠲᠠ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠬᠤᠯ ᠡᠪᠡᠳᠴᠢᠨ ᠤ ᠰᠤᠳᠤᠯᠤᠯ ᠤᠨ ᠣᠨᠴᠠᠯᠢᠭ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ᠂ ᠠᠷᠢᠭᠤᠳᠬᠠᠬᠤ ᠮᠡᠷᠭᠡᠵᠢᠯ ᠵᠡᠷᠭᠡ ᠳᠤ ᠨᠠᠷᠢᠨ ᠲᠠᠶᠢᠯᠪᠤᠷᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠢᠶ᠎ᠡ ᠬᠡᠪᠴᠢᠶ᠎ᠡ ᠪᠠ ᠡᠯ᠎ᠡ ᠵᠦᠢᠯ ᠤᠨ ᠪᠣᠬᠢᠷᠲᠤᠯ ᠤᠨ ᠡᠲᠡᠭᠡᠳ ᠲᠤ ᠴᠢᠭᠯᠡᠭᠦᠯᠦᠨ ᠠᠷᠢᠭᠤᠳᠬᠠᠬᠤ ᠠᠷᠭ᠎ᠠ ᠵᠢᠴᠢ ᠠᠷᠢᠭᠤᠳᠬᠠᠬᠤ ᠠᠵᠢᠯ ᠤᠨ ᠣᠨᠣᠯ ᠤᠨ ᠮᠡᠳᠡᠯᠭᠡ ᠶᠢ ᠳᠠᠬᠢᠨ ᠳᠠᠪᠲᠠᠨ ᠨᠠᠷᠢᠨ ᠲᠠᠶᠢᠯᠪᠤᠷᠢᠯᠠᠵᠠᠶ᠃    ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠬᠤ ᠰᠠᠯᠠᠭ᠎ᠠ ᠨᠢ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠳᠤ ᠨᠠᠶᠢᠳᠠᠪᠤᠷᠢᠲᠠᠶ ᠲᠤᠷᠰᠢᠯᠲᠠ ᠶᠢᠨ ᠦᠨᠳᠦᠰᠦᠯᠡᠯ ᠬᠠᠩᠭᠠᠬᠤ ᠠᠵᠢᠯ ᠢ ᠡᠭᠦᠷᠭᠡᠯᠡᠵᠦ᠂ ᠲᠡᠷᠡ ᠲᠠᠰᠤᠷᠠᠯᠲᠠ ᠦᠭᠡᠢ ᠰᠤᠷᠤᠯᠴᠠᠵᠤ᠂ ᠥᠪᠡᠷ ᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠵᠦ ᠪᠠᠶᠢᠳᠠᠭ᠃ ᠲᠠ ᠪᠣᠯ ᠡᠭᠡᠯ ᠵᠢᠷ ᠤᠨ ᠠᠵᠢᠯ ᠤᠨ ᠪᠠᠶᠢᠷᠢ ᠳᠡᠭᠡᠷᠡᠬᠢ ᠬᠠᠮᠤᠭ ᠤᠨ ᠭᠦᠭᠡᠷᠦᠭᠦᠨ ︽ᠰᠦᠷᠦᠨ ᠶᠠᠪᠤᠭᠴᠢ︾ ᠮᠥᠨ᠂ ᠲᠡᠷᠡ ᠬᠠᠷᠢᠨ ᠢᠨᠢᠶᠡᠮᠰᠦᠭᠯᠡᠨ᠄ ︽ᠪᠢ ᠬᠠᠮᠢᠭ᠎ᠠ ᠠᠴᠠ ᠲᠡᠶᠢᠮᠦ ᠠᠭᠤᠤ ᠶᠡᠭᠡ ᠪᠠᠶᠢᠬᠤ ᠪᠣᠶ᠂ ᠡᠬᠡᠯ ᠵᠢᠷ ᠤᠨ ᠨᠢᠭᠡ ᠬᠥᠮᠦᠨ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢ ᠪᠠᠷᠢᠮᠲᠠᠯᠠᠵᠤ᠂ ᠣᠳᠣᠬᠠᠨ ᠤ ᠡᠨᠡ ᠬᠦ ᠣᠨᠴᠠᠭᠠᠶ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠴᠢᠷᠮᠠᠶᠢᠭᠰᠠᠨ ᠲᠡᠳᠦᠢ᠃ ᠲᠡᠷᠡ ᠢᠩᠭᠢᠵᠦ ᠬᠡᠯᠡᠭᠰᠡᠨ ᠪᠥᠭᠡᠳ ᠪᠠᠰᠠ ᠢᠩᠭᠢᠵᠦ ᠬᠢᠭᠰᠡᠨ ᠶᠤᠮ᠂  ᠬᠦᠴᠦ ᠬᠥᠯᠥᠰᠥ᠂ ᠤᠶᠤᠨ ᠤᠬᠠᠭᠠᠨ ᠢᠶᠠᠷ ᠢᠶᠠᠨ ᠬᠢᠵᠢᠭ ᠲᠥᠢᠳᠬᠡᠷ ᠢ ᠢᠯᠠᠨ ᠳᠠᠪᠠᠵᠤ᠂  ᠠᠷᠢᠭᠤᠨ ᠲᠠᠭᠰᠢᠨ ᠣᠷᠤᠨ ᠢ ᠰᠠᠬᠢᠬᠤ ᠳᠤ ᠥᠪᠡᠷ ᠤᠨ ᠬᠠᠮᠤᠭ ᠤᠨ ᠶᠡᠭᠡ ᠬᠦᠴᠦ ᠪᠠᠨ ᠡᠷᠭᠦᠪᠡ︕                                       ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2