ᠬᠤᠸᠠᠳᠧ ᠰᠢᠶᠠᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠴᠢᠨᠠᠷ ᠰᠠᠶᠢᠲᠠᠶ ᠬᠥᠭᠵᠢᠯᠲᠡ ᠶᠢᠨ ᠳᠡᠪᠢᠰᠭᠡᠷ ᠥᠩᠭᠡ ᠶᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2020-04-01
   ᠤᠢᠢᠷ᠎ᠠ ᠶᠢᠨ ᠵᠢᠯ ᠠᠴᠠ᠂ ᠮᠠᠨ ᠤ ᠰᠢᠶᠠᠨ ︽ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠦᠭᠵᠢᠯᠲᠡ︾ ᠶᠢ ᠪᠠᠷᠢᠮᠲᠠᠯᠠᠵᠤ᠂ ᠰᠥᠷᠭᠡᠦ ᠴᠢᠭᠯᠡᠯ ᠢᠶᠠᠷ ᠲᠠᠶᠢᠴᠢᠯᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠤᠨ ᠠᠮᠢ ᠠᠬᠤᠢ ᠶᠢᠨ ᠭᠦᠢᠴᠡᠳᠬᠡᠯ ᠲᠣᠭᠠᠨ ᠤ ︽ᠬᠤᠶᠠᠷ ᠢ ᠰᠢᠯᠢᠳᠡᠭᠵᠢᠭᠦᠯᠬᠦ︾ ᠶᠢ ᠠᠬᠢᠭᠤᠯᠪᠠ᠃    ᠨᠢᠭᠡ ᠳᠤ᠂ ︽ᠠᠭᠤᠯᠠ ᠤᠰᠤ ᠨᠣᠭᠤᠭᠠᠨ︾ ᠢ ᠨᠢᠭᠡᠳᠦᠯᠲᠡᠶ ᠲᠥᠯᠥᠪᠯᠡᠨ ᠠᠬᠢᠭᠤᠯᠬᠤ ᠵᠠᠷᠴᠢᠮ ᠶᠣᠰᠣᠭᠠᠷ᠂ ︽ᠲᠦᠯᠦᠪᠵᠢᠭᠦᠯᠦᠨ ᠨᠣᠭᠤᠭᠠᠷᠠᠭᠤᠯᠬᠤ᠂ ᠨᠤᠷᠠᠭᠠᠵᠤ ᠨᠡᠭᠦᠯᠭᠡᠵᠦ ᠨᠣᠭᠤᠭᠠᠷᠠᠭᠤᠯᠬᠤ᠂ ᠲᠠᠷᠢᠶᠠᠯᠠᠬᠤ ᠪᠠᠨ ᠵᠣᠭᠰᠣᠵᠤ ᠨᠣᠭᠤᠭᠠᠷᠠᠭᠤᠯᠬᠤ᠂ ᠵᠠᠢ ᠵᠠᠪᠰᠠᠷ ᠦᠭᠡᠢ ᠨᠣᠭᠤᠭᠠᠷᠠᠭᠤᠯᠬᠤ︾᠂ ᠨᠣᠭᠤᠭᠠᠷᠠᠭᠤᠯᠬᠤ ᠪᠠ ᠦᠵᠡᠮᠵᠢ ᠪᠦᠲᠦᠭᠡᠬᠦ ᠶᠢ ᠤᠶᠠᠯᠳᠤᠭᠤᠯᠤᠭᠰᠠᠨ ᠣᠶᠢᠵᠢᠭᠤᠯᠬᠤ ᠶᠡᠷᠦᠩᠬᠡᠶ ᠰᠡᠳᠬᠢᠮᠵᠢ ᠶᠢ ᠪᠠᠷᠢᠮᠲᠠᠯᠠᠵᠤ᠂ ︽ᠨᠠᠢᠮᠠᠨ ᠭᠤᠯᠳᠤ ᠨᠠᠢᠮᠠᠨ ᠬᠥᠨᠳᠡᠯᠡᠨ︾ ᠭᠤᠤᠯ ᠵᠠᠮ ᠢ 16 ᠵᠤᠷᠪᠤᠰ ᠪᠠᠶᠢᠭᠤᠯᠪᠠ᠃ ᠶᠡᠷᠦᠩᠬᠡᠶ ᠣᠷᠳᠣ ᠨᠢ 42.77 ᠺᠢᠯᠣᠮᠧᠲᠷ᠂ ᠨᠣᠭᠤᠭᠠᠷᠠᠭᠤᠯᠤᠯᠲᠠ ᠶᠢᠨ ᠣᠷᠳᠣ ᠨᠢ 40.41 ᠺᠢᠯᠣᠮᠧᠲᠷ᠂ ᠨᠣᠭᠤᠭᠠᠷᠠᠭᠤᠯᠤᠯᠲᠠ ᠶᠢᠨ ᠲᠦᠭᠡᠮᠡᠯᠵᠢᠭᠰᠡᠨ ᠨᠣᠷᠮ᠎ᠠ ᠨᠢ 95%᠂ ᠨᠣᠭᠤᠭᠠᠷᠠᠭᠤᠯᠤᠯᠲᠠ ᠶᠢᠨ ᠶᠡᠷᠦᠩᠬᠡᠶ ᠲᠠᠯᠠᠪᠠᠶ ᠨᠢ 428.64 ᠲᠦᠮᠡᠨ ᠲᠡᠭᠰᠢ ᠳᠥᠷᠪᠡᠯᠵᠢᠨ ᠮᠧᠲᠷ᠂ ᠡᠯ᠎ᠡ ᠲᠥᠷᠥᠯ ᠤᠨ ᠵᠤᠯᠵᠠᠭ᠎ᠠ ᠮᠣᠳᠣ ᠶᠢ 74 ᠲᠦᠮᠡ ᠭᠠᠷᠤᠶ ᠰᠠᠭᠤᠷᠢ ︵ᠪᠤᠲᠠ︶ ᠳᠠᠷᠢᠵᠤ᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠨᠢ 36.1% ᠬᠦᠷᠴᠦ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ ᠨᠢ 21.3 ᠲᠡᠭᠰᠢ ᠳᠥᠷᠪᠡᠯᠵᠢᠨ ᠮᠧᠲᠷ ᠲᠤ ᠬᠦᠷᠴᠡᠶ᠃    ᠬᠤᠶᠠᠷ ᠲᠤ᠂ ᠤᠯᠤᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ ᠨᠥᠬᠦᠵᠦ ᠳᠠᠷᠢᠬᠤ ᠪᠠ ᠠᠶᠢᠯ ᠲᠣᠰᠬᠤᠨ ᠢ ᠨᠣᠭᠤᠭᠠᠷᠠᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢᠶᠠᠷ ᠰᠠᠭᠤᠷᠢ ᠪᠣᠯᠭᠠᠵᠤ᠂ ᠵᠠᠮ ᠤᠨ ᠨᠣᠭᠤᠭᠠᠷᠠᠭᠤᠯᠤᠯᠲᠠ ᠪᠠᠷ ᠬᠤᠯᠪᠣᠭᠠᠰᠤ ᠪᠣᠯᠭᠠᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢᠶᠠᠷ ᠵᠠᠩᠭᠢᠯᠠᠭ᠎ᠠ ᠪᠣᠯᠭᠠᠵᠤ᠂ ᠨᠡᠶᠢᠲᠡ 7.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠶᠠᠨ ᠤ ᠱᠠᠲᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ 5.2 ᠲᠦᠮᠡᠨ ᠮᠥ᠂ ᠰᠢᠶᠠᠩ ᠤᠨ ᠱᠠᠲᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ 1.5 ᠲᠦᠮᠡᠨ ᠮᠥ ᠪᠠᠶᠢᠭᠤᠯᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ 66.83 ᠲᠦᠮᠡᠨ ᠮᠥ ᠪᠡᠶᠡᠯᠡᠭᠦᠯᠵᠦ᠂ ᠵᠠᠮ ᠤᠨ ᠨᠣᠭᠤᠭᠠᠷᠠᠭᠤᠯᠤᠯᠲᠠ ᠶᠢ 317.2 ᠺᠢᠯᠣᠮᠧᠲᠷ ᠬᠡᠷᠡᠭᠵᠢᠭᠦᠯᠦᠨ᠎ᠡ᠃ ᠡᠭᠦᠨ ᠤ ᠬᠠᠮᠲᠤ᠂ ᠠᠵᠤ ᠠᠬᠤᠶ ᠶᠢᠨ ᠠᠮᠢ ᠠᠬᠤᠶᠢᠵᠢᠯᠲᠠ᠂ ᠠᠮᠢ ᠠᠬᠤᠶ ᠶᠢᠨ ᠠᠵᠤ ᠠᠬᠤᠶᠢᠵᠢᠯᠲᠠ ᠶᠢ ᠪᠠᠷᠢᠮᠲᠠᠯᠠᠵᠤ᠂ ︽ᠨᠢᠭᠡᠳᠦᠭᠡᠷ ᠠᠵᠤ ᠦᠢᠯᠡᠰ ᠢ ᠠᠰᠢᠭᠯᠠᠨ᠂ ᠬᠤᠶᠠᠳᠤᠭᠠᠷ ᠠᠵᠤ ᠦᠢᠯᠡᠰ ᠢ ᠠᠮᠢ ᠠᠬᠤᠶ ᠶᠢ ᠳᠠᠭᠠᠵᠤ᠂ ᠭᠤᠷᠪᠠᠳᠤᠭᠠᠷ ᠠᠵᠤ ᠦᠢᠯᠡᠰ ᠢ ᠬᠠᠮᠠᠭᠠᠯᠠᠬᠤ︾᠂ ᠠᠵᠤ ᠠᠬᠤᠶ ᠶᠢᠨ ᠣᠶ ᠶᠢᠨ ᠠᠵᠤ ᠦᠢᠯᠡᠰ+ ᠢ ᠰᠦᠪᠡᠭᠴᠢᠯᠡᠨ ᠬᠥᠭᠵᠢᠭᠦᠯᠵᠦ᠂ ᠲᠦᠮᠡᠨ ᠮᠥ ᠬᠠᠷ᠎ᠠ ᠴᠢᠨ᠋ᠸ᠎ᠠ ᠵᠢᠨ‌ᠬᠠᠷᠮᠠᠭ ᠤᠨ ᠠᠮᠢ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠤ ᠠᠬᠤᠶ ᠶᠢᠨ ᠣᠶ ᠶᠢᠨ ᠳᠠᠷᠢᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠬᠠᠷᠭᠠᠨ᠎ᠠ ᠶᠢ ᠲᠡᠭᠰᠢ ᠲᠠᠭᠠᠷᠢᠨ ᠪᠣᠶᠢᠵᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ ᠪᠠ ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ ᠥᠷᠭᠡᠳᠬᠡᠨ᠂ ᠬᠥᠬᠡᠮᠳᠦᠭ ᠠᠭᠤᠯᠠ ᠴᠩᠬᠡᠭ ᠤᠰᠤ ᠪᠣᠯᠤᠨ ᠠᠯᠲᠠ‌ᠮᠥ᠋ᠩᠭᠦᠨ ᠠᠭᠤᠯᠠ ᠶᠢᠨ ᠣᠷᠭᠠᠨᠢᠭ ᠨᠢᠭᠡᠳᠦᠯ ᠢ ᠪᠡᠶᠡᠯᠡᠭᠦᠯᠪᠡ᠃    ᠭᠤᠷᠪᠠ ᠳᠤ᠂ ᠲᠣᠰᠬᠤᠨ ᠢᠶᠠᠷ ᠨᠢᠭᠡᠴᠢ ᠪᠣᠯᠭᠠᠨ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠵᠤ᠂ 4 ᠠᠴᠠ 6 ᠰᠠᠷ᠎ᠠ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠡᠷᠴᠢᠮ ᠢ ᠴᠢᠩᠭᠠᠷᠠᠭᠤᠯᠵᠤ᠂ ᠵᠢᠯ ᠪᠦᠷᠢ ᠰᠢᠶᠠᠨ ᠤ ᠡᠳ᠋ ᠤᠨ ᠵᠠᠰᠠᠭ ᠠᠴᠠ ᠰᠢᠶᠠᠨ ᠤ ᠴᠠᠭ ᠠᠭᠤᠷ ᠤᠨ ᠲᠣᠪᠴᠢᠶᠠᠨ ᠤ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠵᠠᠷᠤᠳᠠᠯ ᠢ 100 ᠲᠦᠮᠡᠨ ᠲᠥᠭᠦᠷᠢᠭ ᠣᠯᠭᠤᠵᠤ ᠥᠭᠭᠦᠨ᠎ᠡ᠃ ᠨᠢᠳᠤᠨᠤᠨ ᠠᠴᠠ ᠨᠠᠰᠢ᠂ ᠬᠥᠮᠦᠨ ᠤ ᠬᠦᠴᠦ ᠪᠠᠷ 7 ᠤᠳᠠᠭ᠎ᠠ ᠪᠣᠷᠣᠭᠠᠨ ᠣᠷᠣᠭᠤᠯᠵᠤ᠂ ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠴᠣᠬᠢᠯᠲᠠ ᠥᠭᠪᠡ᠃ ᠡᠭᠦᠨ ᠠᠴᠠ ᠭᠠᠳᠠᠨ᠎ᠠ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠣᠷᠴᠢᠨ ᠠᠬᠤᠶ ᠶᠢᠨ ᠬᠠᠮᠠᠭᠠᠯᠠᠯᠲᠠ ᠶᠢ ᠴᠥᠬᠦᠷᠡᠰᠢ ᠥᠬᠡᠶ ᠠᠳᠬᠤᠵᠤ᠂ ︽ᠠᠭᠤᠷ ᠠᠮᠢᠰᠬᠤᠯ ᠤᠨ ᠠᠷᠪᠠᠨ ᠵᠤᠷᠪᠤᠰ︾᠂ ︽ᠤᠰᠤᠨ ᠤ ᠠᠷᠪᠠᠨ ᠵᠤᠷᠪᠤᠰ︾᠂ ︽ᠰᠢᠷᠣᠶ ᠶᠢᠨ ᠠᠷᠪᠠᠨ ᠵᠤᠷᠪᠤᠰ︾ ᠢ ᠴᠢᠩᠭ᠎ᠠ ᠬᠡᠷᠡᠭᠵᠢᠭᠦᠯᠵᠦ᠂ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠪᠦᠬᠦ ᠰᠢᠶᠠᠨ ᠤ 56 ᠠᠵᠤ ᠠᠬᠤᠶᠢᠯᠠᠯ ᠳᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠴᠥᠮ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ᠶᠢ ᠪᠠᠶᠢᠭᠤᠯᠵᠤ᠂ ᠨᠡᠶᠢᠲᠡ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ 33 ᠰᠠᠭᠤᠷᠢ ᠶᠢ ᠰᠢᠭᠰᠢᠭᠳᠡᠭᠦᠯᠵᠦ᠂ ᠪᠦᠬᠦ ᠰᠢᠶᠠᠨ ᠤ 4 ᠢᠯᠴᠢ ᠬᠠᠩᠭᠠᠬᠤ ᠺᠣᠮᠫᠠᠨᠢ ᠶᠢᠨ ᠬᠦᠬᠦᠷ ᠦᠭᠡᠢᠳᠡᠭᠦᠯᠬᠦ ᠲᠦᠬᠦᠭᠡᠷᠦᠮᠵᠢ ᠶᠢ ᠪᠦᠬᠦᠨ ᠢ ᠪᠠᠶᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠤ᠂ ︽ᠦᠵᠡᠰᠬᠦᠯᠡᠩᠲᠦ ᠰᠠᠶᠢᠬᠠᠨ︾ ᠬᠤᠸᠠᠳᠧ ᠶᠢ ᠴᠣᠭᠴᠠᠯᠠᠪᠠ᠃                                                   ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2