ᠤᠢᠢᠷ᠎ᠠ ᠶᠢᠨ ᠵᠢᠯ ᠠᠴᠠ᠂ ᠮᠠᠨ ᠤ ᠰᠢᠶᠠᠨ ᠬᠤᠪᠴᠠᠰᠤ ᠬᠤᠨᠠᠷ ᠪᠣᠯᠤᠨ ᠰᠢᠨ᠎ᠡ ᠬᠡᠯᠪᠡᠷᠢ ᠶᠢᠨ ᠬᠠᠶᠢᠯᠤᠰᠢ ᠶᠢᠨ | ᠮᠠᠲ᠋ᠧᠷᠢᠶᠡᠯ ᠢᠶᠠᠷ ᠪᠣᠭᠤᠳᠠᠯᠯᠠᠬᠤ ᠠᠵᠤ ᠦᠢᠯᠡᠰ ᠲᠤ ᠲᠦᠰᠢᠭᠯᠡᠨ᠂ ᠲᠠᠭᠠᠭᠤᠯᠤᠭᠴᠢ ᠠᠵᠤ ᠠᠬᠤᠶᠢᠯᠠᠯ ᠤᠨ ᠬᠥᠳᠡᠭᠡ | ᠲᠣᠰᠬᠤᠨ ᠳᠤ ᠣᠷᠤᠬᠤ ᠶᠢ ᠠᠬᠢᠭᠤᠯᠵᠤ᠂ ᠪᠠᠶᠠᠵᠢᠨ ᠴᠢᠨᠡᠭᠡᠯᠢᠭᠵᠢᠬᠦ ᠡᠭᠦᠳᠡ ᠬᠦᠷᠬᠦ ᠰᠢᠨ᠎ᠡ ᠵᠠᠮ — ︽ | ᠶᠠᠳᠠᠭᠤ ᠠᠴᠠ ᠠᠩᠭᠢᠵᠢᠷᠠᠭᠤᠯᠬᠤ ᠲᠠᠰᠤᠭ︾ ᠢ ᠰᠦᠪᠡᠭᠴᠢᠯᠡᠨ ᠪᠠᠶᠢᠭᠤᠯᠵᠤ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ︽ᠵᠠᠩᠭᠢᠯᠠᠭ᠎ᠠ︾ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ | ᠲᠠᠰᠤᠭ ᠤᠨ ᠡᠨᠡᠬᠦ ᠠᠯᠳᠠᠨ ᠲᠦᠯᠬᠢᠭᠦᠷ ᠢ ᠡᠵᠡᠮᠳᠡᠪᠡ᠃ | ᠰᠠᠷ᠎ᠠ ᠭᠠᠷᠤᠢ ᠠᠵᠢᠯ ᠡᠬᠢᠯᠡᠭᠦᠯᠦᠭᠰᠡᠨ ᠴᠠᠩ ᠱᠦᠨ ᠪᠠᠯᠭᠠᠰᠤᠨ ᠤ ᠰᠢᠨᠡᠤᠰᠤ ᠲᠣᠰᠬᠤᠨ ᠤ ᠶᠠᠳᠠᠭᠤ ᠠᠴᠠ | ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠳᠠᠬᠢᠨᠲᠠ ᠰᠢᠨ᠎ᠡ ᠣᠷᠣᠯᠭ᠎ᠠ ᠣᠯᠵᠠᠢ᠃ᠶᠠᠳᠠᠭᠤ ᠠᠴᠠ | ᠠᠩᠭᠢᠵᠢᠷᠠᠭᠤᠯᠬᠤ ᠦᠢᠯᠡᠳᠪᠦᠷᠢ ᠶᠢᠨ ᠳᠠᠰᠤᠬ ᠳᠤ ᠴᠡᠭᠴᠡᠯᠡᠯᠲᠡ ᠬᠢᠭᠰᠡᠨ ᠤᠴᠢᠷ ᠠᠴᠠ ᠴᠢᠩᠭᠡᠯᠢᠭ ᠤᠭᠤᠲᠠ ᠶᠢᠨ | ᠦᠢᠯᠡᠳᠪᠦᠷᠢᠯᠡᠯ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠦᠢᠯᠡᠳᠪᠦᠷᠢ ᠶᠢᠨ ᠳᠠᠰᠤᠬ ᠨᠢ ᠨᠢᠭᠡᠨᠲᠡ | ᠲᠦᠷᠪᠡᠨ ᠤᠯᠠᠷᠢᠯ ᠤᠨ ᠦᠢᠯᠡᠳᠪᠦᠷᠢᠯᠡᠯ ᠢ ᠪᠠᠲᠤᠯᠠᠵᠤ ᠴᠢᠳᠠᠬᠤ ᠪᠣᠯᠵᠠᠢ᠃ ᠥᠭᠡᠷᠡᠴᠢᠯᠡᠨ ᠪᠠᠶᠢᠭᠤᠯᠤᠭᠰᠠᠨ ᠤ | ᠳᠠᠷᠠᠭ᠎ᠠ᠂ ᠵᠢᠯ ᠳᠤ 300 ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠤ᠂ 14 | ᠬᠥᠯᠥᠰᠥᠨ ᠠᠵᠢᠯᠴᠢᠨ᠂ 7 ᠶᠠᠳᠠᠭᠤ ᠬᠦᠴᠢᠷᠳᠡᠯ ᠲᠠᠢ ᠡᠷᠦᠬᠡ ᠶᠢ ᠣᠷᠣᠭᠤᠯᠤᠨ ᠠᠪᠴᠤ᠂ ᠮᠠᠷᠲ᠋ᠢᠨᠢᠺ | ᠠᠵᠢᠯᠯᠠᠭᠤᠯᠤᠭᠴᠢ ᠶᠢᠨ ᠰᠠᠷ᠎ᠠ ᠶᠢᠨ ᠣᠷᠣᠯᠭ᠎ᠠ ᠨᠢ 2000 ᠲᠥᠭᠦᠷᠢᠭ ᠣᠷᠴᠢᠮ ᠪᠣᠯᠵᠤ᠂ ᠶᠠᠳᠠᠭᠤ | ᠬᠦᠴᠢᠷᠳᠡᠯ ᠲᠠᠢ ᠣᠯᠠᠨ ᠲᠦᠮᠡᠨ ᠤ ᠭᠡᠷ ᠤᠨ ᠡᠭᠦᠳᠡᠨ ᠳᠤ ᠲᠣᠭᠲᠠᠪᠤᠷᠢᠲᠠᠶ ᠠᠵᠢᠯ ᠤᠯᠬᠤ ᠳᠤ ᠠᠰᠢᠭᠲᠠᠶ | ᠨᠥᠬᠦᠴᠡᠯ ᠪᠦᠷᠢᠯᠳᠦᠭᠦᠯᠵᠦ ᠥᠭᠴᠡᠶ᠃ | ︽ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︿ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠬᠠᠪᠰᠤᠷᠬᠤ﹀ ᠶᠠᠳᠠᠭᠤ ᠶᠢ ᠬᠠᠪᠰᠤᠷᠤᠨ ᠲᠡᠳᠬᠦᠬᠦ ᠶᠢ ᠵᠣᠯᠭᠠᠭᠤᠯᠬᠤ ᠪᠠᠷ ᠳᠠᠮᠵᠢᠭᠤᠯᠤᠨ᠂ ᠰᠢᠶᠦ᠋ᠩ ᠸᠧᠶ ᠭᠤᠸᠠᠩ | ᠳ᠋ᠠ ᠠᠵᠤ ᠠᠬᠤᠶᠢᠯᠠᠯ ᠢᠶᠠᠷ ᠰᠢᠨᠡᠤᠰᠤ ᠲᠣᠰᠬᠤᠨ ᠢ ᠵᠣᠯᠭᠠᠭᠤᠯᠤᠨ ᠬᠠᠪᠰᠤᠷᠤᠨ ᠲᠡᠳᠬᠦᠵᠦ᠂ ᠲᠣᠨ ᠤ ᠤᠭᠤᠲᠠ ᠶᠢ | ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠲᠡᠳᠡᠨ ᠤ ᠲᠣᠨ ᠤ ᠤᠭᠤᠲᠠ ᠶᠢ ᠬᠡᠷᠡᠭᠰᠡᠬᠦ ᠬᠡᠮᠵᠢᠶ᠎ᠡ ᠮᠠᠰᠢ ᠶᠡᠭᠡ᠂ | ᠡᠨᠡ ᠨᠢ ᠠᠵᠢᠯᠴᠢᠨ ᠤ ᠵᠢᠯ ᠤᠨ ᠳᠥᠷᠪᠡᠨ ᠤᠯᠠᠷᠢᠯ ᠳᠤ ᠠᠵᠢᠯᠯᠠᠬᠤ ᠶᠢ ᠪᠠᠲᠤᠯᠠᠭᠰᠠᠨ ᠪᠠᠶᠢᠨ᠎ᠠ᠃ ᠴᠠᠩ ᠱᠦᠨ | ᠪᠠᠯᠭᠠᠰᠤᠨ ᠤ ᠰᠢᠨᠡᠤᠰᠤ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠸᠠᠩ ᠫᠦ᠋ ᠬᠡᠯᠡᠪᠡ᠃ | ᠰᠢᠨᠡᠤᠰᠤ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠢ 2017 ᠣᠨ ᠳᠤ | ᠠᠰᠢᠭᠯᠠᠯᠲᠠ ᠳᠤ ᠣᠷᠤᠭᠤᠯᠵᠤ᠂ ︽ᠨᠠᠮ ᠤᠨ ᠡᠭᠦᠷ + ᠠᠵᠤ ᠠᠬᠤᠶᠢᠯᠠᠯ + ᠶᠠᠳᠠᠭᠤ ᠬᠦᠴᠢᠷᠳᠡᠯᠲᠡᠶ ᠡᠷᠦᠬᠡ︾ | ᠶᠢᠨ ᠵᠠᠭᠪᠤᠷ ᠶᠣᠰᠤᠭᠠᠷ᠂ ᠠᠩᠬ᠎ᠠ ᠡᠬᠢᠨ ᠳᠡᠭᠡᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠢ | ᠰᠢᠨ ᠯᠦᠩ ᠬᠤᠪᠴᠠᠰᠤᠨ ᠤ ᠬᠢᠵᠠᠭᠠᠷᠲᠤ ᠺᠣᠮᠫᠠᠨᠢ ᠳᠤ ᠲᠦᠷᠢᠶᠡᠰᠦᠯᠡᠭᠦᠯᠦᠭᠰᠡᠨ ᠪᠥᠭᠡᠳ ᠶᠠᠳᠠᠭᠤ ᠬᠦᠴᠢᠷᠳᠡᠯᠲᠡᠶ | ᠡᠷᠦᠬᠡ ᠶᠢᠨ ᠬᠤᠪᠴᠠᠰᠤ ᠬᠤᠨᠠᠷ ᠤᠩᠭᠠᠷᠢᠯ ᠢ ᠰᠢᠩᠭᠡᠭᠡᠨ ᠠᠪᠴᠤ᠂ ᠬᠥᠳᠡᠯᠮᠦᠷᠢ ᠶᠢᠨ ᠠᠰᠢᠭ ᠣᠷᠣᠯᠭ᠎ᠠ ᠪᠠᠷ ᠨᠢ | ᠬᠡᠷ ᠤᠨ ᠡᠭᠦᠳᠡᠨ ᠳᠤ ᠪᠠᠨ ᠠᠵᠢᠯᠯᠠᠵᠤ ᠪᠠᠶᠢᠪᠠ᠃ ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠲᠣᠰᠬᠤᠨ ᠤ ᠬᠠᠮᠲᠤ | ᠨᠡᠶᠢᠲᠡ ᠳᠤ ᠬᠠᠷᠢᠶᠠᠯᠠᠭᠳᠠᠵᠤ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠪᠡ᠃ ᠭᠡᠪᠡᠴᠦ | ᠬᠤᠪᠴᠠᠰᠤ ᠬᠤᠨᠠᠷ ᠬᠢᠵᠦ ᠡᠰᠬᠡᠬᠦ ᠮᠡᠷᠭᠡᠵᠢᠯ ᠤᠨ ᠱᠠᠭᠠᠷᠳᠠᠯᠭ᠎ᠠ ᠥᠨᠳᠥᠷ ᠪᠥᠭᠡᠳ ᠤᠯᠠᠷᠢᠯ ᠤᠨ ᠴᠢᠨᠠᠷᠲᠠᠢ ᠠᠵᠢᠯ | ᠵᠣᠭᠰᠤᠳᠠᠭ ᠤᠴᠢᠷ ᠠᠴᠠ ᠰᠡᠭᠦᠯᠴᠢ ᠶᠢᠨ ᠬᠤᠭᠤᠴᠠᠭᠠᠨ ᠤ ᠡᠮᠬᠢᠯᠡᠨ ᠨᠡᠶᠢᠯᠡᠭᠦᠯᠵᠦ ᠥᠭᠡᠷᠡᠴᠢᠯᠡᠨ ᠪᠠᠶᠢᠭᠤᠯᠤᠭᠰᠠᠨ | ᠪᠠᠶᠢᠨ᠎ᠠ᠃ | 2017 ᠣᠨ ᠠᠴᠠ ᠨᠠᠰᠢ᠂ ᠮᠠᠨ ᠤ ᠰᠢᠶᠠᠨ ᠬᠤᠭᠤᠰᠣᠨ ᠲᠤᠰᠬᠤᠨ ᠣᠯᠠᠨ᠂ ᠠᠵᠤ ᠦᠢᠯᠡᠰ ᠤᠨ ᠬᠠᠮᠤᠷᠬᠤ | ᠬᠡᠪᠴᠢᠶ᠎ᠡ ᠨᠢ ᠪᠠᠭ᠎ᠠ᠂ ᠶᠠᠳᠠᠭᠤ ᠠᠴᠠ ᠠᠩᠭᠢᠵᠢᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠥᠬᠡᠶ | ᠪᠠᠶᠢᠭ᠎ᠠ ᠪᠤᠳᠠᠲᠠᠢ ᠪᠠᠶᠢᠳᠠᠯ ᠳᠤ ᠴᠢᠭᠯᠡᠭᠦᠯᠦᠨ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠳᠤ ᠣᠷᠣᠬᠤ︾ | ᠶᠠᠳᠠᠭᠤ ᠶᠢ ᠲᠡᠳᠬᠦᠬᠦ ᠪᠣᠭᠤᠮᠲᠠ ᠰᠢᠪᠲᠤᠯᠤᠯᠲᠠ ᠪᠠᠷ ᠠᠵᠠ ᠲᠣᠬᠢᠶᠠᠯ ᠪᠣᠯᠭᠠᠨ᠂ ︽ᠶᠠᠳᠠᠭᠤ ᠠᠴᠠ | ᠠᠩᠭᠢᠵᠢᠷᠠᠭᠤᠯᠬᠤ ᠲᠠᠰᠤᠭ︾ ᠢ ᠵᠣᠬᠢᠶᠠᠨ ᠪᠠᠶᠢᠭᠤᠯᠵᠤ᠂ ︽ᠦᠢᠯᠡᠳᠪᠤᠷᠢ ᠶᠢᠨ ᠲᠠᠰᠤᠭ ᠲᠣᠰᠬᠤᠨ ᠳᠤ | ᠰᠠᠭᠤᠷᠢᠰᠢᠬᠤ᠂ ᠬᠡᠷ ᠲᠡᠭᠡᠨ ᠠᠵᠢᠯ ᠤᠯᠬᠤ᠂ ᠣᠯᠠᠨ ᠲᠦᠮᠡᠨ ᠶᠠᠳᠠᠭᠤ ᠠᠴᠠ ᠠᠩᠭᠢᠵᠢᠷᠠᠬᠤ᠂ ᠬᠠᠮᠲᠤ ᠪᠠᠷ | ᠣᠷᠣᠯᠭ᠎ᠠ ᠪᠠᠨ ᠨᠡᠮᠡᠭᠳᠡᠭᠦᠯᠬᠦ︾ ᠰᠢᠨ᠎ᠡ ᠵᠠᠮ ᠢ ᠰᠦᠪᠡᠭᠴᠢᠯᠡᠨ ᠭᠠᠷᠭᠠᠵᠤ᠂ ᠢᠯᠡᠳᠲᠡ ᠦᠷ᠎ᠡ ᠪᠦᠲᠦᠮᠵᠢ ᠤᠯᠪᠠ᠃ | | ᠣᠳᠣᠬᠠᠨ ᠳᠤ᠂ ᠪᠥᠬᠦ ᠰᠢᠶᠠᠨ ᠢᠶᠠᠷ ᠢᠶᠠᠨ ᠨᠡᠶᠢᠲᠡ 48 ᠶᠠᠳᠠᠭᠤ ᠠᠴᠠ ᠠᠩᠭᠢᠵᠢᠷᠠᠭᠤᠯᠬᠤ ᠲᠠᠰᠤᠭ | ᠪᠠᠶᠢᠭᠤᠯᠵᠤ᠂ ᠡᠭᠦᠨ ᠳᠤ ᠬᠤᠪᠴᠠᠰᠤ ᠬᠤᠨᠠᠷ ᠦᠢᠯᠡᠳᠪᠦᠷᠢᠯᠡᠳᠡᠭ 23᠂ ᠲᠥᠪᠯᠡᠷᠡᠭᠦᠯᠦᠨ ᠰᠠᠪᠠᠯᠠᠬᠤ ᠤᠭᠤᠲᠠ | 20᠂ ᠳᠠᠷᠠᠰᠤ ᠡᠪᠡᠰᠦᠨ ᠤ ᠱᠦᠭᠦᠷ 1᠂ ᠲᠠᠩᠰᠠ ᠡᠪᠬᠡᠮᠡᠯ ᠤᠨ ᠬᠠᠶᠢᠷᠴᠠᠭ 1᠂ ᠢᠰᠬᠡᠭᠰᠡᠨ ᠨᠣᠭᠤᠭ᠎ᠠ 1᠂ | ᠮᠢᠬᠠᠨ ᠢᠳᠡᠭᠡᠨ 1᠂ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ 1᠂ ᠨᠡᠶᠢᠲᠡ 708 ᠬᠥᠮᠦᠨ ᠳᠤ ᠠᠵᠢᠯ | ᠣᠯᠭᠤᠵᠤ᠂ ᠡᠭᠦᠨ ᠳᠤ 217 ᠶᠠᠳᠠᠭᠤ ᠬᠦᠴᠢᠷᠳᠡᠯᠲᠡᠶ ᠡᠷᠦᠬᠡ ᠪᠣᠶ᠃ ᠣᠲᠣ ᠪᠠᠶᠢᠭᠤᠯᠵᠤ ᠪᠠᠶᠢᠭ᠎ᠠ ᠴᠢᠩᠭᠡᠯᠢᠭ | ᠤᠭᠤᠲᠠ ᠶᠢ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ 1 ᠪᠠᠶᠢᠵᠤ᠂ 60 ᠬᠥᠮᠦᠨ ᠳᠤ | ᠠᠵᠢᠯ ᠣᠯᠭᠤᠬᠤ ᠪᠠᠷ ᠲᠥᠯᠥᠪᠯᠡᠵᠦ ᠪᠣᠶ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 25 ᠪᠣᠶ᠃ | ᠥᠩᠭᠡᠷᠡᠭᠰᠡᠨ ᠤ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠨᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠣᠷᠤᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠳᠤ ᠪᠡᠷᠬᠡ ᠪᠠᠶᠢᠵᠠᠶ᠃ ︽ᠶᠠᠳᠠᠭᠤ ᠠᠴᠠ | ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠢ ᠣᠯᠠᠨ ᠲᠦᠮᠡᠨ ᠤ ᠭᠡᠷ ᠤᠨ ᠡᠭᠦᠳᠡᠨ ᠳᠡᠭᠡᠷ᠎ᠡ ᠪᠠᠶᠢᠭᠤᠯᠵᠤ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠠᠷᠢᠶᠠᠯᠠᠩ ᠤᠨ ᠪᠤᠰᠤ ᠠᠵᠤ | ᠦᠢᠯᠡᠰ ᠢᠶᠠᠷ ᠳᠠᠮᠵᠢᠭᠤᠯᠤᠨ ᠲᠣᠭᠲᠠᠭᠤᠨ ᠣᠷᠣᠯᠭ᠎ᠠ ᠲᠠᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠠᠵᠤ | ᠦᠢᠯᠡᠰ ᠤᠨ ᠲᠤᠯᠭᠠᠭᠤᠷᠢᠯᠠᠯ ᠬᠠᠩᠭᠠᠪᠠ᠃ | ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠤᠨ ᠪᠠᠶᠢᠭᠤᠯᠤᠯᠲᠠ ᠪᠠᠷ ᠳᠠᠮᠵᠢᠭᠤᠯᠤᠨ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ᠂ ᠲᠣᠯᠣᠭᠠᠶᠢᠯᠠᠭᠴᠢ ᠠᠵᠤ | ᠠᠬᠤᠶᠢᠯᠠᠯ᠂ ᠠᠵᠤ ᠦᠢᠯᠡᠰ ᠤᠨ ᠰᠠᠭᠤᠷᠢᠨ᠂ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠪᠠᠷ | ᠲᠤᠯᠭᠠᠭᠤᠷᠢᠯᠠᠯ ᠪᠣᠯᠭᠠᠭᠰᠠᠨ ︽ᠨᠢᠭᠡ ᠴᠥᠮ᠎ᠡ ᠶᠢ ᠤᠯᠠᠨ ᠡᠰᠢᠵᠢᠭᠦᠯᠬᠦ︾ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠨᠠᠮ ᠤᠨ ᠡᠭᠦᠷ ᠬᠦᠴᠦᠷᠬᠡᠭᠵᠢᠬᠦ᠂ | ᠺᠠᠳ᠋ᠷ ᠬᠥᠳᠡᠯᠦᠯᠴᠡᠬᠦ᠂ ᠬᠠᠮᠲᠤ ᠨᠡᠶᠢᠲᠡ ᠪᠠᠷ ᠠᠮᠢᠳᠤᠷᠠᠬᠤ᠂ ᠤᠯᠠᠨ ᠲᠦᠮᠡᠨ ᠴᠢᠨᠡᠭᠡᠯᠢᠭᠵᠢᠬᠦ ᠶᠢ ᠪᠡᠶᠡᠯᠡᠭᠦᠯᠪᠡ᠃ | ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠤᠨ ᠪᠦᠳᠦᠭᠡᠨ ᠪᠠᠶᠢᠭᠤᠯᠤᠯᠲᠠ ᠨᠢ | ᠪᠠᠰᠠᠲ᠋ᠤᠰᠬᠤᠨ ᠤ ᠠᠷᠠᠳ ᠤᠨ ᠵᠥᠪᠯᠡᠯ ᠤᠨ ᠰᠤᠯᠠ ᠪᠠᠶᠢᠭ᠎ᠠ ᠬᠠᠮᠲᠤ ᠶᠢᠨ ᠠᠵᠢᠯᠯᠠᠭᠠᠨ ᠤ ᠲᠠᠯᠠᠪᠤᠷ ᠪᠠ ᠲᠤᠨᠤᠭ | ᠲᠦᠬᠦᠭᠡᠷᠦᠮᠵᠢ ᠶᠢ ᠠᠵᠤ ᠠᠬᠤᠶᠢᠯᠠᠯ ᠳᠤ ᠲᠦᠷᠢᠶᠡᠰᠦᠯᠡᠭᠦᠯᠵᠦ᠂ ᠰᠤᠯᠠ ᠪᠠᠶᠢᠭ᠎ᠠ ᠡᠳ᠋ ᠬᠦᠷᠦᠩᠭᠡ ᠶᠢ ᠠᠮᠢᠳᠤᠯᠢᠭ | ᠪᠣᠯᠭᠠᠭᠰᠠᠨ ᠮᠥᠷᠲᠡᠭᠡᠨ ᠪᠠᠰᠠ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠭᠰᠠᠨ ᠪᠠᠶᠢᠨ᠎ᠠ᠃ | ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠵᠠᠩ ᠶᠠᠨ᠄ ︽ᠶᠠᠳᠠᠭᠤ ᠠᠴᠠ | ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠤᠨ ᠪᠥᠲᠥᠭᠡᠨ ᠪᠠᠶᠢᠭᠤᠯᠤᠯᠲᠠ ᠨᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠤ ᠦᠢᠯᠡᠰ ᠤᠨ ᠲᠤᠯᠭᠠᠭᠤᠷᠢᠯᠠᠯ ᠬᠦᠷᠦᠯᠴᠡᠬᠦ ᠥᠬᠡᠶ᠂ ᠲᠣᠰᠬᠤᠨ ᠤ | ᠬᠠᠮᠲᠤ ᠶᠢᠨ ᠠᠵᠤ ᠠᠬᠤᠶ ᠪᠠᠭᠤᠷᠠᠶ ᠪᠠᠶᠢᠬᠤ ᠵᠡᠷᠭᠡ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠵᠦ᠂ | ᠲᠣᠰᠬᠤᠨ ᠤ ᠬᠠᠮᠲᠤ ᠨᠡᠶᠢᠲᠡ ᠣᠷᠣᠯᠭ᠎ᠠ ᠲᠠᠢ᠂ ᠶᠠᠳᠠᠭᠤ ᠬᠦᠴᠢᠷᠳᠡᠯᠲᠡᠶ ᠣᠯᠠᠨ ᠲᠦᠮᠡᠨ ᠠᠵᠢᠯ ᠣᠯᠵᠤ | ᠣᠷᠣᠯᠭ᠎ᠠ ᠲᠠᠢ᠂ ᠠᠵᠤ ᠠᠬᠤᠶᠢᠯᠠᠯ ᠦᠷ᠎ᠡ ᠠᠰᠢᠭ ᠣᠯᠬᠤ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ | ᠬᠠᠷᠠᠯᠲᠠ ᠳᠤ ᠬᠥᠷᠪᠡ᠃ | | ᠣᠷᠴᠢᠭᠤᠯᠤᠭᠴᠢ᠄ ᠭᠡᠷᠡᠯ | | |