ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶ ᠶᠢᠨ ᠰᠠᠯᠠᠭᠠᠨ ᠤ ᠡᠪᠡᠳᠴᠢᠨ ᠤ ᠪᠠᠶᠢᠴᠠᠭᠠᠯᠲᠠ ᠶᠢ ᠤᠯᠠᠮ ᠨᠢᠭᠡ | ᠠᠯᠬᠤᠮ ᠠᠬᠢᠭᠤᠯᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠨ᠂ ᠡᠮᠡᠭᠲᠡᠶᠢᠴᠦᠳ ᠣᠯᠠᠨ ᠲᠦᠮᠡᠨ ᠢ ᠨᠠᠩ ᠰᠠᠶᠢᠨ ᠬᠠᠯᠠᠮᠵᠢᠯᠠᠨ | ᠦᠢᠯᠡᠴᠢᠯᠡᠬᠦ ᠶᠢᠨ ᠲᠦᠯᠦᠭᠡ᠂ ᠲᠦᠷᠦᠭᠦᠬᠡᠨ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠠᠩ ᠹᠧᠩ ᠨᠡᠶᠢᠭᠡᠮ ᠲᠣᠭᠤᠷᠢᠭ ᠬᠠᠮᠲᠤᠷᠠᠨ ︽ᠡᠮᠴᠢᠯᠡᠭᠡ ᠬᠦᠷᠭᠡᠬᠦ᠂ | ᠡᠮ ᠬᠦᠷᠭᠡᠬᠦ᠂ ᠡᠷᠡᠭᠦᠯ ᠮᠡᠨᠳᠦ ᠬᠦᠷᠭᠡᠬᠦ︾ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠪᠣᠯᠤᠨ | ᠡᠮᠨᠡᠯᠭᠡ ᠶᠢᠨ ᠠᠵᠢᠯᠲᠠᠨ ᠠᠴᠠ ᠡᠮᠡᠭᠲᠡᠶ ᠣᠯᠠᠨ ᠲᠦᠮᠡᠨ ᠳᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ | ᠮᠡᠳᠡᠯᠭᠡ ᠶᠢᠨ ᠭᠠᠷ ᠳᠡᠪᠲᠡᠷ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠭᠠᠷ ᠳᠡᠪᠲᠡᠷ᠂ | ︽ᠳᠤᠮᠳᠠᠲᠤ ᠶᠢᠨ ᠦᠨᠳᠦᠰᠦᠲᠡᠨ ᠤ ᠰᠠᠶᠢᠬᠠᠨ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠬᠡᠷ ᠤᠨ ᠰᠤᠷᠭᠠᠯ ᠢᠶᠠᠨ | ᠰᠠᠶᠢᠲᠤᠷ ᠪᠠᠳᠠᠷᠠᠭᠤᠯᠬᠤ︾ ᠤᠬᠠᠭᠤᠯᠭ᠎ᠠ ᠶᠢᠨ ᠪᠢᠴᠢᠭ ᠵᠡᠷᠭᠡ ᠨᠡᠶᠢᠲᠡ 700 ᠭᠠᠷᠤᠶ ᠳᠡᠪᠲᠡᠷ᠂ ᠬᠤᠷᠮᠦ᠋ᠢᠪᠴᠢ | 100 ᠭᠠᠷᠤᠶ ᠬᠤᠪᠢ ᠲᠠᠷᠬᠠᠭᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠰᠢᠮ᠎ᠡ ᠲᠡᠵᠢᠭᠡᠯ ᠤᠨ | ᠪᠦᠳᠦᠭᠡᠭᠳᠡᠬᠦᠨ᠂ ᠨᠠᠪᠴᠢᠨ ᠬᠦᠴᠢᠯ ᠤᠨ ᠨᠦᠬᠦᠬᠦ ᠡᠮ ᠵᠡᠷᠭᠡ ᠡᠮ ᠢ ᠨᠡᠶᠢᠲᠡ 230 ᠬᠠᠶᠢᠷᠴᠠᠭ ᠲᠠᠷᠬᠠᠭᠠᠵᠠᠶ᠃ | ᠡᠭᠦᠨ ᠤ ᠬᠠᠮᠲᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠲᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠩ ᠭᠦᠨᠵᠡᠭᠡᠶ ᠣᠶᠢᠯᠠᠭᠠᠭᠤᠯᠬᠤ ᠶᠢᠨ ᠲᠤᠰᠠᠳᠠ | ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠡᠮᠡᠭᠲᠡᠶᠢᠴᠦᠳ ᠲᠤ ︽ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠤᠷᠢᠳᠴᠢᠯᠠᠨ ᠰᠡᠷᠭᠡᠶᠢᠯᠡᠬᠦ ᠭᠠᠷ ᠳᠡᠪᠲᠡᠷ︾ ᠢ 600 ᠭᠠᠷᠤᠶ ᠬᠤᠪᠢ ᠲᠠᠷᠬᠠᠭᠠᠵᠤ᠂ ︽ᠪᠦᠬᠦ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ | ︽ᠰᠥᠷᠭᠡᠤ ᠡᠲᠡᠭᠡᠳ︾ ᠤᠨ ᠲᠣᠬᠤᠨᠢᠭᠤᠯᠬᠤ ᠵᠠᠬᠢᠳᠠᠯ︾ ᠢ 320 ᠬᠤᠪᠢ ᠲᠠᠷᠬᠠᠭᠠᠵᠤ᠂ ︽ᠪᠦᠬᠦ ᠰᠢᠶᠠᠨ ᠤ | ᠡᠮᠡᠭᠲᠡᠶᠢᠴᠦᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠶᠢ ᠰᠠᠶᠢᠲᠤᠷ ᠬᠢᠬᠦ ᠲᠤᠬᠠᠶ ᠰᠠᠨᠠᠭᠠᠴᠢᠯᠠᠭ᠎ᠠ ᠶᠢᠨ ᠪᠢᠴᠢᠭ︾ ᠢ 200 ᠬᠤᠪᠢ ᠲᠠᠷᠬᠠᠭᠠᠵᠠᠶ᠃ | ︽ᠡᠮᠴᠢᠯᠡᠭᠡ ᠬᠦᠷᠭᠡᠬᠦ᠂ ᠡᠮ ᠬᠦᠷᠭᠡᠬᠦ᠂ ᠡᠷᠡᠭᠦᠯ ᠮᠡᠨᠳᠦ ᠬᠦᠷᠭᠡᠬᠦ︾ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ ᠡᠮᠡᠭᠲᠡᠶᠢᠴᠦᠳ ᠣᠯᠠᠨ ᠲᠦᠮᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ᠂ ᠰᠢᠨ᠎ᠡ | ᠲᠢᠲᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠥᠪᠡᠷ ᠢ ᠪᠠᠨ ᠬᠠᠮᠠᠭᠠᠯᠠᠬᠤ ᠲᠠᠯ᠎ᠠ ᠪᠠᠷ ᠨᠠᠩ ᠭᠦᠨ | ᠣᠶᠢᠯᠠᠭᠠᠯᠲᠠ ᠲᠠᠢ ᠪᠣᠯᠭᠠᠵᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ | ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠪᠡ᠃ | ᠠᠵᠢᠯᠯᠠᠭ᠎ᠠ ᠶᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠯᠢᠦ ᠱᠦ ᠮᠧᠶ ᠡᠷᠭᠢᠯᠡᠵᠦ᠂ | ᠡᠮᠡᠭᠲᠡᠶᠢᠴᠦᠳ ᠤᠨ ᠬᠤᠯᠪᠣᠭᠠᠨ ᠤ ᠪᠥᠬᠦ ᠺᠠᠳ᠋ᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠮᠡᠭᠲᠡᠶᠢᠴᠦᠳ ᠤᠨ ᠵᠥᠪᠯᠡᠯ ᠤᠨ ᠡᠷᠬᠢᠯᠡᠭᠴᠢ ᠶᠣᠣ ᠹᠠᠩ᠂ ᠴᠠᠩ ᠹᠧᠩ ᠨᠡᠶᠢᠭᠡᠮ ᠲᠣᠭᠤᠷᠢᠭ ᠤᠨ ᠡᠷᠬᠢᠯᠡᠭᠴᠢ ᠸᠠᠩ | ᠠᠶ ᠰᠢᠶᠠ ᠵᠢᠴᠢ ᠨᠡᠶᠢᠭᠡᠮ ᠲᠣᠭᠤᠷᠢᠭ ᠤᠨ 60 ᠭᠠᠷᠤᠶ ᠶᠠᠳᠠᠭᠤ ᠬᠦᠴᠢᠷᠳᠡᠯᠲᠡᠶ ᠡᠮᠡᠭᠲᠡᠶ ᠠᠵᠢᠯᠯᠠᠭ᠎ᠠ ᠳᠤ | ᠣᠷᠣᠯᠴᠠᠵᠠᠶ᠃ | | ᠣᠷᠴᠢᠭᠤᠯᠤᠭᠴᠢ᠄ ᠭᠡᠷᠡᠯ | |