2019 ᠣᠨ ᠤ 8 ᠰᠠᠷ᠎ᠠ ᠶᠢᠨ 21 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ︽ᠬᠤᠸᠠᠳᠧ ᠰᠢᠶᠠᠨ ᠤ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ | ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠨᠠᠷᠢᠨ ᠲᠦᠷᠢᠮ︾ ︵ᠬᠤᠸᠠᠳᠧ ᠵᠠᠰᠠᠭ | ᠠᠯᠪᠠᠨ ᠲᠠᠷᠬᠠᠭᠠᠭᠰᠠᠨ ︹ 2019 ︺ 47 ᠳ᠋ᠤᠭᠠᠷ ᠲᠣᠭᠠᠲᠤ ᠪᠢᠴᠢᠭ ᠮᠠᠲ᠋ᠧᠷᠢᠶᠡᠯ᠂ ᠳᠣᠷᠣᠭᠰᠢ ︽ᠨᠠᠷᠢᠨ | ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ | ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠲᠤᠭᠤᠷᠪᠢᠭᠰᠠᠨ ᠠᠬᠤᠶ ᠪᠠᠶᠢᠳᠠᠯ | ᠣᠶᠢᠷ᠎ᠠ ᠶᠢᠨ ᠵᠢᠯ ᠳᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠬᠠᠳᠠᠭᠠᠯᠠᠯᠲᠠ ᠶᠢᠨ ᠬᠡᠮᠵᠢᠶ᠎ᠡ ᠪᠠ | ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠲᠦᠷᠭᠡᠨ ᠨᠡᠮᠡᠭᠳᠡᠬᠦ ᠶᠢ ᠳᠠᠭᠠᠯᠳᠤᠨ᠂ ᠴᠠᠶᠢᠶ᠋ᠢᠦ ᠲᠣᠰᠣᠨ ᠤ ᠪᠠᠷᠠᠭᠠᠨ ᠤ | ᠲᠡᠷᠭᠡ ᠶᠢᠨ ᠪᠣᠬᠢᠷᠲᠤᠯ ᠤᠨ ᠠᠰᠠᠭᠤᠳᠠᠯ ᠠᠯᠬᠤᠮ ᠠᠯᠬᠤᠮ ᠢᠶᠠᠷ ᠲᠣᠪᠤᠶᠢᠮ᠎ᠠ ᠪᠣᠯᠵᠣ ᠪᠠᠶᠢᠨ᠎ᠠ᠃ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠶᠢᠨ ᠳᠠᠭᠠᠭᠠᠴᠠ ᠨᠢ ᠥᠨᠳᠥᠷ᠂ ᠬᠡᠷᠡᠭᠯᠡᠬᠦ ᠬᠦᠴᠦᠯᠡᠴᠡ ᠨᠢ ᠶᠡᠭᠡ᠂ ᠠᠶᠠᠯᠠᠬᠤ | ᠪᠠᠶᠢᠳᠠᠯ ᠨᠢ ᠮᠠᠭᠤ᠂ ᠰᠡᠯᠪᠢᠨ ᠵᠠᠰᠠᠭᠰᠠᠨᠠᠷᠠᠴᠢᠯᠠᠭᠠ ᠨᠢ ᠮᠠᠭᠤ᠂ ᠬᠠᠭᠤᠷᠮᠠᠭ ᠲᠣᠰᠣ ᠨᠡᠮᠡᠬᠦ ᠥᠷᠲᠡᠭᠡ ᠨᠢ ᠠᠷᠪᠢᠨ | ᠂ ᠲᠡᠷᠭᠡᠨ ᠳᠤ ᠬᠡᠷᠡᠭᠯᠡᠬᠦ ᠴᠠᠶᠢᠶ᠋ᠢᠦ ᠲᠣᠰᠣ ᠤ ᠣᠯᠤᠨ ᠰᠢᠭᠡᠰᠦᠯᠢᠭ ᠡᠳ᠋ ᠤᠨ ᠶᠠᠰᠤ ᠴᠢᠨᠠᠷ ᠨᠢ ᠠᠨᠠᠶ᠂ ᠪᠠᠷᠠᠭᠠᠨ ᠤ | ᠲᠡᠷᠭᠡ ᠶᠢᠨ ᠡᠷᠭᠢᠯᠲᠡ ᠶᠢᠨ ᠴᠢᠨᠠᠷ ᠨᠢ ᠴᠢᠩᠭ᠎ᠠ᠂ ᠬᠢᠨᠠᠯᠲᠠ ᠬᠠᠮᠢᠶᠠᠷᠤᠯᠲᠠ ᠶᠢᠨ ᠬᠦᠴᠢᠷᠳᠡᠯ ᠶᠡᠭᠡ᠂ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠪᠠ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠠᠰᠠᠭᠤᠳᠠᠯ | ᠳᠣᠪᠤᠶᠢᠮ᠎ᠠ ᠪᠠᠶᠢᠵᠤ᠂ ᠨᠢᠭᠡᠨᠲᠡ ᠶᠡᠭᠡ ᠳᠤᠮᠳᠠ ᠬᠤᠲᠠ ᠶᠢᠨ ᠭᠤᠤᠯ ᠪᠣᠬᠢᠷᠲᠤᠯ ᠤᠨ ᠡᠬᠢ ᠰᠤᠷᠪᠤᠯᠵᠢ ᠪᠣᠯᠵᠤ᠂ | ᠬᠤᠲᠠ ᠪᠣᠯᠤᠨ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠤᠨ ᠤᠯᠠᠮ ᠨᠢᠭᠡ ᠠᠯᠬᠤᠮ ᠰᠠᠶᠢᠵᠢᠷᠠᠬᠤ ᠶᠢ | ᠨᠥᠯᠥᠭᠡᠯᠡᠵᠦ ᠪᠠᠶᠢᠨ᠎ᠠ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠴᠢᠬᠤᠯᠠ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠬᠢᠵᠦ᠂ ᠴᠠᠶᠢᠶ᠋ᠢᠦ ᠲᠤᠰᠤᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠬᠠᠮᠲᠤ ᠲᠡᠭᠦᠨ ᠢ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠪᠡᠯᠭᠡ ᠲᠡᠮᠳᠡᠭ ᠤᠨ ᠴᠢᠨᠠᠷᠲᠠᠢ ᠴᠢᠬᠤᠯᠠ | ᠶᠡᠭᠡ ᠳᠠᠶᠢᠯᠠᠯᠳᠤᠭᠠᠨ ᠤ ᠨᠢᠭᠡ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 2018 ᠤᠨ 12 ᠰᠠᠷ᠎ᠠ ᠶᠢᠨ 30 ᠤ | ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠠᠮᠢ ᠠᠬᠤᠶ ᠣᠷᠴᠢᠨ ᠲᠣᠭᠤᠷᠢᠨ ᠤ | ᠶᠠᠮᠤᠨ ᠵᠡᠷᠭᠡ 11 ᠶᠠᠮᠤᠨ ᠬᠤᠷᠢᠶ᠎ᠠ ︽ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ | ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ︵ᠠᠭᠠᠷ ᠮᠠᠨᠳᠠᠯ ︹ 2018 ︺ 179 ᠳ᠋ᠦᠭᠡᠷ ᠲᠣᠭᠠᠲᠤ | ︶ ᠪᠢᠴᠢᠭ ᠮᠠᠲ᠋ᠧᠷᠢᠶᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠠᠵᠢᠯᠯᠠᠭ᠎ᠠ ᠶᠢᠨ ᠲᠥᠰᠦᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹ 2018 ︺ 87 ᠳ᠋ᠤᠭᠠᠷ ᠲᠣᠭᠠᠲᠤ︶᠂ ︽ᠤᠯᠠᠭᠠᠨᠴᠠᠪ ᠬᠤᠲᠠ ᠶᠢᠨ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢᠨ | ᠬᠡᠷᠡᠭᠵᠢᠭᠦᠯᠬᠦ ᠨᠠᠷᠢᠨ ᠲᠦᠷᠢᠮ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹ 2019 ︺ 30 ᠳ᠋ᠤᠭᠠᠷ | ᠲᠣᠭᠠᠲᠤ︶ ᠪᠢᠴᠢᠭ ᠮᠠᠲ᠋ᠧᠷᠢᠶᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ | ᠲᠠᠷᠬᠠᠭᠠᠵᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠠᠵᠢᠯ ᠢ ᠦᠨᠡᠨ ᠬᠦ ᠰᠠᠶᠢᠲᠤᠷ | ᠠᠳᠬᠤᠵᠤ᠂ ᠬᠤᠸᠠᠳᠧ ᠰᠢᠶᠠᠨ ᠤ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ ᠤ ᠢᠯᠠᠯᠲᠠ ᠶᠢ ᠣᠯᠬᠤ ᠳᠤ | ᠬᠦᠴᠦᠨ ᠨᠡᠮᠡᠷᠢᠯᠡᠵᠦ᠂ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠢᠵᠢᠷᠠᠭᠤᠯᠬᠤ ᠶᠢ | ᠠᠬᠢᠭᠤᠯᠤᠨ᠎ᠠ᠃ | ᠬᠤᠶᠠᠷ᠂ ᠭᠤᠤᠯ ᠠᠭᠤᠯᠭ᠎ᠠ | ︽ᠨᠠᠷᠢᠨ ᠲᠦᠷᠢᠮ︾ ᠳᠤ ᠶᠡᠷᠦᠩᠬᠡᠶ ᠬᠠᠷᠠᠯᠲᠠ ᠱᠠᠭᠠᠷᠳᠠᠯᠭ᠎ᠠ᠂ ᠭᠤᠤᠯᠳᠠᠯᠭ᠎ᠠ ᠲᠠᠢ ᠠᠵᠢᠯ ᠤᠨ ᠡᠭᠦᠷᠭᠡ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ ᠶᠢᠨ 27 ᠵᠦᠢᠯ ᠤᠨ ᠠᠭᠤᠯᠭ᠎ᠠ ᠶᠢ ᠪᠠᠭᠲᠠᠭᠠᠪᠠ᠃ | ᠨᠢᠭᠡᠳᠦᠭᠡᠷ ᠲᠠᠯ᠎ᠠ ᠨᠢ ᠶᠡᠷᠦᠩᠬᠡᠶ ᠱᠠᠭᠠᠷᠳᠠᠯᠭ᠎ᠠ ᠪᠠᠶᠢᠵᠤ᠂ ︽ᠨᠠᠷᠢᠨ ᠲᠦᠷᠢᠮ︾ ᠤᠨ ᠵᠠᠰᠠᠬᠤ ᠬᠡᠪᠴᠢᠶ᠎ᠡ᠂ | ᠶᠡᠷᠦᠩᠬᠡᠶ ᠱᠠᠭᠠᠷᠳᠠᠯᠭ᠎ᠠ ᠪᠠ ᠵᠠᠰᠠᠬᠤ ᠬᠠᠷᠠᠯᠲᠠ ᠶᠢ ᠲᠣᠳᠣᠷᠬᠠᠶᠢᠯᠠᠪᠠ᠃ 1᠂ ᠵᠠᠰᠠᠬᠤ ᠬᠦᠷᠢᠶ᠎ᠡ ᠬᠡᠪᠴᠢᠶ᠎ᠡ᠃ | ᠤᠯᠤᠰ ᠤᠨ ︽ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠠᠵᠢᠯᠯᠠᠭ᠎ᠠ ᠶᠢᠨ ᠲᠥᠯᠥᠪᠯᠡᠭᠡ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠡᠭᠡᠵᠢᠩ ᠲᠢᠶᠠᠨᠵᠢᠨ | ᠾᠧᠪᠧᠢ ᠵᠢᠴᠢ ᠡᠷᠬᠢᠨ ᠲᠣᠭᠤᠷᠢᠨ ᠤ ᠭᠠᠵᠠᠷ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ | ᠂ ᠹᠧᠨ ᠸᠧᠶ ᠭᠤᠤᠯ ᠤᠨ ᠲᠠᠯ᠎ᠠ ᠭᠠᠵᠠᠷ ᠤᠨ ᠬᠠᠮᠢᠶ᠎ᠠ ᠪᠥᠬᠦᠶ ᠮᠤᠵᠢ ᠬᠤᠲᠠ ᠵᠢᠴᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠵᠡᠷᠭᠡ ᠣᠷᠣᠨ ᠪᠦᠰᠡ ᠪᠣᠯ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠭᠤᠤᠯᠳᠠᠯᠭ᠎ᠠ ᠲᠠᠢ ᠣᠷᠣᠨ ᠪᠦᠰᠡ ᠪᠣᠯᠤᠨ᠎ᠠ᠂ ᠮᠠᠨ ᠤ ᠰᠢᠶᠠᠨ | ᠬᠢᠭᠡᠳ ᠤᠯᠠᠭᠠᠨᠴᠠᠪ ᠬᠤᠲᠠ ᠵᠡᠷᠭᠡ ᠭᠠᠵᠠᠷ ᠣᠷᠣᠨ ᠢ ᠴᠥᠮ ᠭᠤᠤᠯᠳᠠᠯᠭ᠎ᠠ ᠲᠠᠢ ᠣᠷᠣᠨ ᠪᠦᠰᠡ ᠶᠢᠨ | ᠬᠡᠪᠴᠢᠶᠡᠨ ᠳᠤ ᠣᠷᠣᠭᠤᠯᠵᠠᠶ᠃ 2᠂ ᠶᠡᠷᠦᠩᠬᠡᠶ ᠱᠠᠭᠠᠷᠳᠠᠯᠭ᠎ᠠ᠃ ᠪᠠᠷᠠᠭ᠎ᠠ ᠲᠡᠭᠡᠭᠡᠪᠦᠷᠢᠯᠡᠬᠦ ᠪᠦᠲᠦᠴᠡ ᠶᠢᠨ | ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠴᠠᠶᠢᠶ᠋ᠢᠦ ᠲᠣᠰᠣᠨ ᠤ ᠲᠡᠷᠭᠡ ᠶᠢ ᠴᠡᠪᠡᠷᠰᠢᠭᠦᠯᠬᠦ᠂ ᠴᠠᠶᠢᠶ᠋ᠢᠦ | ᠲᠣᠰᠣᠨ ᠤ ᠮᠠᠰᠢᠨ᠂ ᠲᠡᠭᠡᠭᠡᠪᠦᠷᠢ ᠪᠣᠯᠤᠨᠲ᠋ᠣᠰᠣᠨ ᠤ ᠵᠦᠢᠯ ᠶᠢ ᠴᠡᠪᠡᠷᠰᠢᠭᠦᠯᠬᠦ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠴᠠᠶᠢᠶ᠋ᠢᠦ ᠲᠣᠰᠣᠨ ᠤ ᠲᠡᠷᠭᠡ ︵ᠮᠠᠰᠢᠨ︶ ᠢ ᠪᠠᠷᠢᠮᠵᠢᠶᠠᠨ ᠳᠤ ᠬᠦᠷᠭᠡᠵᠦ ᠭᠠᠳᠠᠭᠰᠢᠯᠠᠭᠤᠯᠬᠤ ᠪᠠᠷ | ᠭᠤᠤᠯ ᠱᠤᠭᠤᠮ ᠪᠣᠯᠭᠠᠨ ︽ᠲᠣᠰᠣ᠂ ᠵᠠᠮ᠂ ᠲᠡᠷᠭᠡ︾ ᠶᠢ ᠨᠢᠭᠡᠳᠦᠯᠲᠡᠶ ᠲᠦᠯᠦᠪᠯᠡᠨ ᠵᠠᠰᠠᠬᠤ ᠶᠢ ᠪᠠᠷᠢᠮᠲᠠᠯᠠᠨ᠎ᠠ᠃ | ᠴᠠᠶᠢᠶ᠋ᠢᠦ ᠲᠣᠰᠣ ᠪᠣᠯᠤᠨ ᠮᠠᠰᠢᠨ ᠲᠡᠷᠭᠡᠨ ᠳᠤ ᠬᠡᠷᠡᠭᠯᠡᠬᠦ ᠰᠢᠭᠡᠰᠦᠯᠢᠭ ᠡᠳ᠋ ᠤᠨ ᠶᠠᠰᠤ ᠴᠢᠨᠠᠷ ᠢ ᠪᠠᠷᠢᠮᠵᠢᠶ ᠠ ᠳᠤ | ᠬᠦᠷᠦᠭᠦᠯᠬᠦ ᠶᠢ ᠪᠠᠲᠤᠯᠠᠬᠤ ᠪᠠᠷ ᠲᠤᠯᠭᠠᠭᠤᠷᠢ ᠪᠣᠯᠭᠠᠵᠤ᠂ ᠮᠠᠰᠢᠨ ᠲᠡᠷᠭᠡᠨ ᠤ ᠪᠦᠷᠢᠨ ᠰᠡᠷᠭᠡᠶᠢᠯᠡᠯᠲᠡ ᠶᠢ ᠪᠦᠷᠢᠨ | ᠡᠵᠡᠮᠳᠡᠬᠦ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠴᠢᠩᠭ᠎ᠠ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠴᠠᠶᠢᠶ᠋ᠢᠦ ᠲᠣᠰᠣᠨ ᠤ ᠲᠡᠷᠭᠡ ︵ᠮᠠᠰᠢᠨ︶ ᠶᠢᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠭᠤᠯᠬᠤ ᠶᠢ ᠪᠦᠬᠦ | ᠬᠡᠯᠬᠢᠶ᠎ᠡ ᠪᠠᠷ ᠵᠠᠰᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠢᠯᠡᠷᠬᠡᠶ ᠪᠠᠭᠤᠷᠠᠭᠤᠯᠵᠤ᠂ | ᠣᠷᠣᠨ ᠪᠦᠰᠡ ᠶᠢᠨ ᠠᠭᠠᠷ ᠤᠨ ᠶᠠᠰᠤ ᠴᠢᠨᠠᠷ ᠤᠨ ᠢᠯᠡᠳᠲᠡ ᠰᠠᠶᠢᠵᠢᠷᠠᠬᠤ ᠶᠢ ᠠᠬᠢᠭᠤᠯᠤᠨ᠎ᠠ᠃ 3᠂ ᠵᠠᠰᠠᠬᠤ | ᠬᠠᠷᠠᠯᠲᠠ᠃ ᠵᠠᠰᠠᠬᠤ ᠠᠵᠢᠯ ᠳᠤ ︽ᠡᠬᠢ ᠡᠭᠦᠰᠦᠯ ᠠᠴᠠ ᠨᠢ ᠰᠡᠷᠭᠡᠶᠢᠯᠡᠬᠦ᠂ ᠶᠡᠷᠦᠩᠬᠡᠶᠢᠯᠡᠨ ᠵᠠᠰᠠᠬᠤ᠂ | ᠭᠤᠤᠯᠳᠠᠯᠭ᠎ᠠ ᠶᠢ ᠲᠣᠪᠤᠶᠢᠯᠭᠠᠬᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ᠂ ᠪᠦᠬᠦ ᠲᠠᠯ᠎ᠠ ᠪᠠᠷ ᠰᠡᠷᠭᠡᠶᠢᠯᠡᠨ | ᠪᠦᠬᠦ ᠲᠠᠯ᠎ᠠ ᠪᠠᠷ ᠡᠵᠡᠮᠳᠡᠬᠦ᠂ ᠴᠢᠩᠭ᠎ᠠ ᠰᠢᠢᠳᠬᠡᠵᠦ ᠬᠦᠨᠳᠦ ᠪᠠᠷ ᠲᠣᠷᠭᠠᠬᠤ᠂ ᠬᠤᠯᠠ ᠣᠶᠢᠷ᠎ᠠ ᠶᠢ ᠤᠶᠠᠯᠳᠤᠭᠤᠯᠬᠤ᠂ | ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ︾ ᠵᠠᠷᠴᠢᠮ ᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠪᠣᠯᠤᠨ ᠬᠤᠲᠠ ᠶᠢᠨ ᠳᠤᠷᠠᠳᠤᠭᠰᠠᠨ ᠵᠠᠰᠠᠬᠤ ᠬᠠᠷᠠᠯᠲᠠ ᠳᠤ ᠬᠦᠷᠬᠦ ᠶᠢ ᠦᠨᠡᠨᠬᠦ ᠪᠠᠲᠤᠯᠠᠵᠤ᠂ 2020 | ᠣᠨ ᠪᠣᠯᠬᠤ ᠳᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶᠠᠨ ᠳᠤ | ᠬᠦᠷᠬᠦ ᠨᠣᠷᠮ᠎ᠠ ᠶᠢ ᠢᠯᠡᠷᠬᠡᠶ ᠳᠡᠭᠡᠭᠰᠢᠯᠡᠭᠦᠯᠦᠨ᠎ᠡ᠃ ᠴᠠᠶᠢᠶ᠋ᠢᠦ ᠲᠣᠰᠣ ᠪᠣᠯᠤᠨ ᠲᠡᠷᠭᠡᠨ ᠳᠤ ᠬᠡᠷᠡᠭᠯᠡᠬᠦ ᠰᠢᠭᠡᠰᠦᠯᠢᠭ | ᠡᠳ᠋ ᠤᠨ ᠶᠠᠰᠤ ᠴᠢᠨᠠᠷ ᠢᠯᠡᠳᠲᠡ ᠰᠠᠶᠢᠵᠢᠷᠠᠵᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠠᠽᠣᠲ ᠤᠨ | ᠢᠰᠦᠮᠡᠭ ᠪᠣᠯᠤᠨ ᠮᠥᠬᠦᠯᠢᠭᠲᠦ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠢᠯᠡᠳᠲᠡ ᠪᠠᠭᠤᠷᠠᠵᠤ᠂ | ᠲᠥᠪ ᠬᠤᠲᠠ ᠲᠣᠭᠤᠷᠢᠭ ᠤᠨ ᠠᠭᠠᠷ ᠤᠨ ᠠᠽᠣᠲ ᠤᠨ ᠳᠠᠪᠬᠤᠷ ᠢᠰᠦᠯ ᠤᠨ ᠥᠳᠬᠡᠴᠡ ᠠᠯᠬᠤᠮ ᠠᠯᠬᠤᠮ ᠢᠶᠠᠷ | ᠪᠠᠭᠤᠷᠠᠵᠤ᠂ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠬᠢᠨᠠᠨ ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ | ᠶᠡᠬᠡᠪᠡᠷ ᠳᠡᠭᠡᠭᠰᠢᠯᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠰᠠᠨ᠂ ᠠᠷᠢᠭᠤᠨ ᠴᠡᠪᠡᠷ | ᠥᠨᠳᠥᠷ ᠦᠷ᠎ᠡ ᠪᠦᠲᠦᠮᠵᠢᠲᠡᠶ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠠᠩᠬ᠎ᠠ ᠠᠯᠬᠤᠮ ᠪᠤᠢ ᠪᠣᠯᠭᠠᠨ᠎ᠠ᠃ ᠴᠠᠶᠢᠶ᠋ᠢᠦ | ᠲᠡᠷᠭᠡᠨ ᠤ ᠬᠢᠨᠠᠯᠲᠠ ᠲᠠᠯᠪᠢᠵᠤ ᠰᠤᠭᠤᠯᠤᠨ ᠬᠡᠮᠵᠢᠵᠦ ᠭᠠᠳᠠᠭᠰᠢᠯᠠᠭᠤᠯᠤᠭᠰᠠᠨ ᠤ ᠬᠢᠷᠢ ᠲᠡᠩᠴᠡᠭᠰᠡᠨ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠵᠦ᠂ ᠬᠡᠢ ᠭᠠᠷᠭᠠᠬᠤ ᠬᠤᠭᠤᠯᠠᠶ ᠶᠢᠨ ᠠᠮᠠᠰᠠᠷ ᠬᠠᠷ᠎ᠠ ᠣᠲᠤᠭ᠎ᠠ ᠭᠠᠷᠬᠤ | ᠦᠵᠡᠭᠳᠡᠯ ᠢ ᠦᠨᠳᠦᠰᠦᠨ ᠳᠤᠨᠢ ᠠᠷᠢᠯᠭᠠᠨ᠎ᠠ᠃ ᠴᠠᠶᠢᠶ᠋ᠢᠦ ᠲᠤᠰᠤ ᠪᠠ ᠮᠠᠰᠢᠨ ᠲᠡᠷᠭᠡᠨ ᠳᠤ ᠬᠡᠷᠡᠭᠯᠡᠬᠦ ᠰᠢᠭᠡᠰᠦᠯᠢᠭ | ᠡᠳ᠋ ᠢ ᠰᠤᠭᠤᠯᠤᠨ ᠪᠠᠶᠢᠴᠠᠭᠠᠬᠤ ᠳᠤ ᠬᠢᠷᠢ ᠲᠡᠩᠴᠡᠭᠰᠡᠨ ᠨᠤᠷᠮ᠎ᠠ 98% ᠳᠤ ᠬᠦᠷᠴᠦ᠂ ᠬᠠᠤᠯᠢ ᠶᠢ ᠵᠥᠷᠢᠴᠡᠨ | ᠬᠠᠭᠤᠷᠮᠠᠭ ᠮᠠᠭᠤ ᠲᠣᠰᠤᠨ ᠤ ᠵᠦᠢᠯ ᠢ ᠦᠢᠯᠡᠳᠪᠤᠷᠢᠯᠡᠵᠦ ᠪᠣᠷᠣᠯᠠᠭᠤᠯᠬᠤ ᠦᠵᠡᠭᠳᠡᠯ ᠦᠨᠳᠦᠰᠦᠨ ᠳᠡᠭᠡᠨ ᠠᠷᠢᠯᠪᠠ᠃ | | ᠬᠤᠶᠠᠳᠤᠭᠠᠷ ᠲᠠᠯ᠎ᠠ ᠨᠢ ᠠᠵᠢᠯ ᠤᠨ ᠡᠭᠦᠷᠭᠡ ᠶᠢᠨ ᠲᠥᠯᠥᠭᠡ᠂ ᠪᠢᠳᠡ ︽ᠪᠥᠬᠦ ᠲᠠᠯ᠎ᠠ ᠪᠠᠷ ᠰᠢᠪᠲᠤᠯᠤᠯᠲᠠ | ᠬᠢᠵᠦ᠂ ᠭᠤᠤᠯᠳᠠᠯᠭ᠎ᠠ ᠲᠠᠢ ᠬᠦᠴᠦᠯᠡᠬᠦ︾ ᠰᠡᠳᠬᠢᠴᠡ ᠶᠣᠰᠣᠭᠠᠷ᠂ ᠴᠠᠶᠢᠶ᠋ᠢᠦ ᠲᠡᠷᠭᠡ ᠶᠢ ᠴᠡᠪᠡᠷᠰᠢᠭᠦᠯᠬᠦ ᠠᠵᠢᠯᠯᠠᠭ᠎ᠠ | ᠂ ᠴᠠᠶᠢᠶ᠋ᠢᠦ ᠮᠠᠰᠢᠨ᠂ ᠲᠡᠭᠡᠭᠡᠪᠦᠷᠢ ᠶᠢ ᠴᠡᠪᠡᠷᠰᠢᠭᠦᠯᠬᠦ ᠠᠵᠢᠯᠯᠠᠭ᠎ᠠ᠂ ᠲᠣᠰᠤᠨ ᠤ ᠵᠦᠢᠯ ᠢ ᠴᠡᠪᠡᠷᠰᠢᠭᠦᠯᠬᠦ ᠠᠵᠢᠯᠯᠠᠭ᠎ᠠ | ᠵᠡᠷᠭᠡ ᠳᠥᠷᠪᠡᠨ ᠶᠡᠭᠡ ᠠᠵᠢᠯᠯᠠᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ 21 ᠵᠦᠢᠯ ᠤᠨ ᠭᠤᠤᠯᠳᠠᠯᠭ᠎ᠠ ᠲᠠᠢ | ᠠᠵᠢᠯ ᠤᠨ ᠡᠭᠦᠷᠭᠡ᠂ ᠬᠡᠮᠵᠢᠶᠡᠵᠢᠭᠦᠯᠬᠦ ᠭᠦᠢᠴᠡᠳᠬᠡᠬᠦ ᠲᠤᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠪᠠ᠃ | ᠭᠤᠷᠪᠠᠳᠤᠭᠠᠷ ᠲᠠᠯ᠎ᠠ ᠨᠢ ᠭᠤᠤᠯᠳᠠᠭᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠪᠢᠳᠡ ᠨᠢᠭᠡ ᠳᠤ᠂ ᠪᠡᠯᠡ | ᠮᠥᠩᠭᠦ ᠶᠢᠨ ᠳᠡᠮᠵᠢᠯᠭᠡ ᠪᠠ ᠴᠢᠳᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠳᠤᠷᠠᠳᠤᠨ | ᠭᠠᠷᠭᠠᠪᠠ᠃ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦᠨ ᠤ ᠣᠷᠣᠭᠤᠯᠤᠯᠲᠠ ᠶᠢ | ᠨᠡᠮᠡᠭᠳᠡᠭᠦᠯᠵᠦ᠂ ᠮᠠᠰᠢᠨ ᠲᠡᠷᠭᠡ᠂ ᠪᠠᠷᠢᠯᠭ᠎ᠠ ᠶᠢᠨ ᠮᠠᠰᠢᠨ ᠤ ᠣᠷᠴᠢᠨ ᠲᠣᠭᠤᠷᠢᠨ ᠢ ᠬᠢᠨᠠᠨ ᠡᠵᠡᠮᠳᠡᠵᠦ ᠬᠢᠨᠠᠨ | ᠬᠠᠮᠢᠶᠠᠷᠬᠠ ᠴᠢᠳᠠᠪᠤᠷᠢ ᠶᠢᠨ ᠪᠠᠶᠢᠭᠤᠯᠤᠯᠲᠠ ᠪᠠ ᠠᠵᠢᠯᠯᠠᠭᠠᠨ ᠢ ᠬᠠᠮᠠᠭᠠᠯᠠᠬᠤ ᠵᠢᠴᠢ ᠴᠠᠶᠢᠶ᠋ᠢᠦ ᠲᠣᠰᠤᠨ ᠤ | ᠬᠠᠭᠤᠴᠢᠨ ᠪᠠᠷᠠᠭᠠᠨ ᠤ ᠲᠡᠷᠭᠡ ᠶᠢ ᠰᠢᠭᠰᠢᠭᠳᠡᠭᠦᠯᠬᠦ ᠪᠠ ᠦᠯᠡᠳᠡᠭᠳᠡᠯ ᠬᠡᠢ ᠭᠠᠳᠠᠭᠰᠢᠯᠠᠭᠤᠯᠬᠤ ᠶᠢ ᠭᠦᠨᠵᠡᠭᠡᠢ | ᠵᠠᠰᠠᠬᠤ ᠶᠢ ᠭᠤᠤᠯᠳᠠᠯᠭ᠎ᠠ ᠲᠠᠢ ᠳᠡᠮᠵᠢᠨ᠎ᠡ᠃ ᠦᠨᠳᠦᠰᠦᠨ ᠱᠠᠲᠤᠨ ᠤ ᠮᠠᠰᠢᠨ ᠲᠡᠷᠭᠡᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠳ᠋ ᠤᠨ ᠵᠠᠰᠠᠭ ᠨᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠱᠠᠭᠠᠷᠳᠠᠯᠭ᠎ᠠ ᠶᠣᠰᠣᠭᠠᠷ 2019 ᠣᠨ ᠤ ᠵᠢᠯ ᠤᠨ ᠰᠡᠭᠦᠯᠴᠢ ᠠᠴᠠ | ᠡᠮᠦᠨ᠎ᠡ ᠤᠯᠤᠰ ᠤᠨ ᠮᠠᠰᠢᠨ ᠲᠡᠷᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢᠨ ᠪᠠᠷᠢᠮᠵᠢᠶᠠᠨ ᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ | ᠂ ᠱᠠᠩᠨᠠᠬᠤ ᠵᠠᠯᠬᠠᠭᠠᠬᠤ ᠶᠢ ᠵᠡᠷᠭᠡᠪᠡᠷ ᠴᠢᠬᠤᠯᠠᠴᠢᠯᠠᠬᠤ ᠲᠣᠭᠲᠠᠴᠠ ᠶᠢ ᠪᠠᠶᠢᠭᠤᠯᠤᠨ ᠲᠡᠭᠦᠯᠭᠡᠷᠵᠢᠭᠦᠯᠦᠨᠡ᠃ | ᠴᠠᠶᠢᠢ᠋ᠢᠦ ᠲᠤᠰᠤᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠪᠣᠯᠤᠨ ᠡᠴᠦᠰ ᠤᠨ ᠬᠤᠭᠤᠴᠠᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠬᠢᠨᠠᠨ ᠰᠢᠯᠭᠠᠯᠲᠠ ᠶᠢ | ᠴᠢᠩᠭᠠᠳᠬᠠᠵᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠠᠮᠵᠢᠯᠲᠠ ᠪᠦᠲᠦᠮᠵᠢ ᠶᠢᠨ ᠬᠢᠨᠠᠨ | ᠰᠢᠯᠭᠠᠯᠲᠠ ᠳᠤ ᠣᠷᠣᠭᠤᠯᠤᠨ᠎ᠠ᠃ ᠬᠢᠨᠠᠨ ᠰᠢᠯᠭᠠᠵᠤ ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠠᠮᠵᠢᠯᠲᠠ ᠳᠣᠪᠤᠶᠢᠮ᠎ᠠ ᠵᠢᠴᠢ ᠵᠣᠷᠢᠭᠲᠠᠶ ᠪᠠᠷ ᠵᠠᠮ ᠨᠡᠭᠡᠭᠡᠨ | ᠰᠢᠨ᠎ᠡ ᠶᠢ ᠡᠭᠦᠳᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ | ᠲᠤᠬᠠᠶ ᠳᠤᠨᠢ ᠮᠠᠭᠲᠠᠨ ᠰᠠᠶᠢᠰᠢᠶᠠᠨ᠎ᠠ᠃ ᠠᠵᠢᠯ ᠢᠶᠠᠨ ᠤᠳᠠᠭᠠᠨ ᠥᠷᠨᠢᠭᠦᠯᠦᠭᠰᠡᠨ᠂ ᠬᠡᠮᠵᠢᠶᠡᠵᠢᠭᠦᠯᠬᠦ ᠡᠭᠦᠷᠭᠡ ᠶᠢ | ᠨᠠᠶᠢᠳᠠᠪᠤᠷᠢᠵᠢᠭᠤᠯᠬᠤ ᠥᠬᠡᠶ᠂ ᠲᠣᠰᠤᠨ ᠤ ᠶᠠᠰᠤ ᠴᠢᠨᠠᠷ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠲᠣᠪᠤᠶᠢᠮ᠎ᠠ᠂ | ᠪᠠᠷᠢᠮᠵᠢᠶ᠎ᠠ ᠠᠴᠠ ᠬᠡᠲᠦᠷᠦᠭᠰᠡᠨ ᠲᠡᠷᠭᠡ ᠬᠥᠰᠬᠡ ᠨᠢ ᠣᠯᠠᠨ ᠪᠠᠶᠢᠭ᠎ᠠ ᠨᠢᠭᠡᠴᠡ ᠪᠠ ᠰᠠᠯᠠᠭ᠎ᠠ ᠮᠥᠴᠢᠷ ᠲᠤ ᠵᠠᠷᠯᠠᠨ | ᠮᠡᠳᠡᠭᠳᠡᠬᠦ᠂ ᠪᠣᠯᠵᠣᠨ ᠶᠠᠷᠢᠯᠴᠠᠬᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠠᠷᠭ᠎ᠠ ᠶᠢ ᠠᠪᠴᠤ᠂ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ ᠪᠠᠷᠢᠮᠵᠢᠶ᠎ᠠ ᠠᠴᠠ | ᠬᠡᠲᠦᠷᠡᠭᠰᠡᠨ ᠲᠡᠷᠭᠡ ᠬᠥᠰᠬᠡ ᠶᠢ ᠦᠢᠯᠡᠳᠦᠭᠰᠡᠨ ᠪᠤᠶᠤ ᠪᠣᠷᠣᠯᠠᠭᠤᠯᠤᠭᠰᠠᠨ ᠠᠵᠤ ᠠᠬᠤᠶᠢᠯᠠᠯ᠂ ᠪᠠᠷᠢᠮᠵᠢᠶ᠎ᠠ ᠠᠴᠠ | ᠬᠡᠲᠦᠷᠡᠭᠰᠡᠨ ᠪᠠᠷᠠᠭᠠᠨ ᠤ ᠲᠡᠷᠭᠡ ᠲᠠᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠪᠠᠷᠢᠮᠵᠢᠶ᠎ᠠ ᠠᠴᠠ | ᠬᠡᠲᠦᠷᠡᠭᠰᠡᠨ ᠲᠡᠷᠭᠡ ᠬᠥᠰᠬᠡ ᠶᠢᠨ ᠲᠡᠭᠡᠭᠡᠪᠦᠷᠢ ᠶᠢᠨ ᠪᠠᠷᠠᠭ᠎ᠠ ᠶᠢ ᠬᠦᠯᠢᠶᠡᠨ ᠠᠪᠤᠭᠰᠠᠨ ᠦᠢᠯᠡᠳᠪᠤᠷᠢ ᠠᠭᠤᠷᠬᠠᠢ ᠶᠢᠨ | ᠠᠵᠤ ᠠᠬᠤᠶᠢᠯᠠᠯ᠂ ᠥᠪᠡᠷ ᠵᠶ᠋ᠠᠨᠪᠡᠯᠡᠳᠬᠡᠭᠰᠡᠨ ᠲᠣᠰᠣᠨ ᠤ ᠬᠥᠮᠥᠷᠭᠡ ᠶᠢᠨ ᠪᠠᠷᠢᠮᠵᠢᠶᠠᠨ ᠳᠤ ᠬᠦᠷᠬᠦ ᠦᠭᠡᠢ | ᠲᠣᠰᠣᠨ ᠤ ᠵᠦᠢᠯ ᠢ ᠬᠡᠷᠡᠭᠯᠡᠭᠰᠡᠨ ᠠᠵᠤ ᠠᠬᠤᠶᠢᠯᠠᠯ᠂ ᠬᠢᠷᠢ ᠲᠡᠩᠴᠡᠬᠦ ᠦᠭᠡᠢ ᠲᠣᠰᠣᠨ ᠤ ᠵᠦᠢᠯ ᠢ | ᠪᠣᠷᠣᠯᠠᠭᠤᠯᠤᠭᠰᠠᠨ ᠲᠣᠰᠣ ᠨᠡᠮᠡᠬᠦ ᠥᠷᠲᠡᠭᠡ ᠪᠣᠯᠤᠨ ᠪᠠᠶᠢᠴᠠᠭᠠᠨ ᠬᠡᠮᠵᠢᠬᠦ ᠱᠤᠭᠤᠮ ᠤᠨ ᠬᠠᠭᠤᠷᠮᠠᠭ ᠠᠵᠤ | ᠠᠬᠤᠶᠢᠯᠠᠯ ᠢ ᠬᠠᠤᠯᠢ ᠶᠣᠰᠣᠭᠠᠷ ᠰᠢᠢᠳᠬᠡᠬᠦ ᠠᠴᠠ ᠭᠠᠳᠠᠨ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠬᠦ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠢᠷᠢ | ᠲᠡᠩᠴᠡᠬᠦ ᠦᠭᠡᠢ ᠰᠢᠭᠡᠰᠦᠯᠢᠭ ᠡᠳ᠋ ᠪᠣᠯᠤᠨ ᠲᠣᠰᠣᠨ ᠤ ᠵᠦᠢᠯ ᠢ ᠨᠡᠮᠡᠬᠦ᠂ ᠬᠠᠯᠬᠠᠯᠠᠬᠤ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠡᠵᠡᠮᠳᠡᠬᠦ ᠪᠣᠯᠵᠣᠯᠲᠤ ᠲᠤᠭ᠎ᠠ ᠳᠤ ᠵᠠᠰᠠᠪᠤᠷᠢ ᠣᠷᠣᠭᠤᠯᠬᠤ᠂ ᠣᠯᠠᠨᠲᠠ ᠲᠣᠷᠭᠠᠵᠤ | ᠣᠯᠠᠨᠲᠠ ᠵᠥᠷᠢᠴᠡᠭᠰᠡᠨ ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠠᠤᠯᠢ ᠶᠣᠰᠣᠭᠠᠷ ᠤᠯᠤᠰ ᠤᠨ ᠡᠷᠡᠭᠦᠯ ᠪᠤᠰᠤ | ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ᠂ ᠲᠣᠰ ᠬᠡᠷᠡᠭᠵᠢᠭᠦᠯᠬᠦ ᠨᠠᠷᠢᠨ ᠳᠦᠷᠢᠮ ᠳᠤ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠦᠨᠡᠨᠬᠦ ᠨᠠᠶᠢᠳᠠᠪᠤᠷᠢᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ | ᠭᠤᠷᠪᠠ᠂ ᠭᠤᠤᠯ ᠣᠨᠴᠠᠯᠢᠭ | ︽ᠨᠠᠷᠢᠨ ᠳᠦᠷᠢᠮ︾ ᠳᠤ ᠭᠤᠤᠯᠳᠠᠭᠤ ᠳᠣᠤᠷᠠᠬᠢ ᠮᠡᠲᠦ ᠣᠨᠴᠠᠯᠢᠭ ᠲᠠᠢ᠃ ᠨᠢᠭᠡ ᠳᠤ᠂ ᠨᠢᠭᠡᠳᠦᠯᠲᠡᠶ | ᠲᠥᠯᠥᠪᠯᠡᠨ ᠵᠠᠰᠠᠬᠤ ᠶᠢ ᠪᠠᠷᠢᠮᠲᠠᠯᠠᠨ᠎ᠠ᠃ ︽ᠲᠣᠰᠣ᠂ ᠲᠡᠷᠭᠡ᠂ ᠵᠠᠮ︾ ᠤᠨ ᠴᠢᠨᠠᠷ ᠰᠠᠶᠢᠲᠠᠶ ᠬᠥᠭᠵᠢᠯᠲᠡ ᠪᠠ | ᠥᠨᠳᠥᠷ ᠪᠠᠷᠢᠮᠵᠢᠶ᠎ᠠ ᠪᠠᠷ ᠵᠠᠰᠠᠬᠤ ᠶᠢ ᠨᠢᠭᠡᠳᠦᠯᠲᠡᠢ ᠲᠥᠯᠥᠪᠯᠡᠵᠦ᠂ ︽ᠲᠡᠷᠭᠡ᠂ ᠲᠣᠰᠣ᠂ ᠵᠠᠮ︾ ᠭᠤᠷᠪᠠᠨ | ᠬᠦᠷᠢᠶ᠎ᠡ ᠴᠠᠷᠠᠭ᠎ᠠ ᠠᠴᠠ ᠭᠠᠷᠳᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠬᠢᠨᠠᠨ ᠬᠠᠮᠢᠶᠠᠷᠬᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠬᠤ ᠪᠠᠷ ᠳᠠᠮᠵᠢᠭᠤᠯᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠬᠡᠷᠡᠭᠯᠡᠬᠦ | ᠬᠡᠮᠵᠢᠶ᠎ᠡ ᠶᠢ ᠪᠠᠭ᠋ᠠᠰᠬᠠᠵᠤ᠂ ᠬᠠᠭᠤᠴᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠰᠢᠭᠰᠢᠭᠳᠡᠭᠦᠯᠬᠦ ᠶᠢ | ᠠᠬᠢᠭᠤᠯᠤᠨ ᠲᠣᠰᠣᠨ ᠤ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠴᠠᠶᠢᠶ᠋ᠢᠦ | ᠲᠣᠰᠣᠨ ᠤ ᠲᠡᠷᠭᠡᠨ ᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠡᠴᠦᠰ ᠲᠡᠭᠡᠨ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠤᠨ ᠠᠰᠠᠭᠤᠳᠠᠯ ᠢ ᠰᠢᠢᠳᠪᠤᠷᠢᠯᠡᠨ᠎ᠡ᠃ ᠬᠤᠶᠠᠷ ᠲᠤ᠂ | ᠵᠠᠰᠠᠯᠲᠠ ᠶᠢᠨ ᠭᠤᠤᠯᠳᠠᠯᠭ᠎ᠠ ᠶᠢ ᠳᠣᠪᠤᠶᠢᠯᠭᠠᠨ᠎ᠠ᠃ ᠲᠡᠭᠡᠭᠡᠪᠦᠷᠢ ᠡᠵᠡᠩᠨᠡᠯᠲᠡ ᠶᠢᠨ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠵᠠᠰᠠᠯᠲᠠ᠂ ᠮᠠᠰᠢᠨ ᠲᠡᠷᠭᠡᠨ ᠳᠤ ᠬᠡᠷᠡᠭᠯᠡᠬᠦ ᠲᠣᠰᠣᠨ ᠤ ᠵᠦᠢᠯ ᠪᠠ ᠮᠠᠰᠢᠨ ᠲᠡᠷᠭᠡᠨ ᠳᠤ | ᠬᠡᠷᠡᠭᠯᠡᠬᠦ ᠰᠢᠭᠡᠰᠦᠯᠢᠭ ᠡᠳ᠋ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠮᠢᠶᠠᠷᠤᠨ ᠡᠵᠡᠮᠳᠡᠬᠦ ᠭᠤᠤᠯᠳᠠᠯᠭ᠎ᠠ ᠪᠣᠯᠭᠠᠵᠤ | ᠂ ᠮᠠᠨ ᠤ ᠰᠢᠶᠠᠨ ᠤ ᠵᠠᠰᠠᠬᠤ ᠱᠠᠭᠠᠷᠳᠠᠯᠭ᠎ᠠ ᠶᠢ ᠳᠡᠭᠡᠭᠰᠢᠯᠡᠭᠦᠯᠦᠨ᠎ᠡ︔ ᠭᠤᠷᠪᠠ ᠳᠤ᠂ ᠲᠥᠷᠥ ᠶᠢᠨ ᠪᠣᠳᠣᠯᠭ᠎ᠠ ᠶᠢᠨ | ᠲᠤᠯᠭᠠᠭᠤᠷᠢᠯᠠᠯ ᠢ ᠴᠢᠩᠭᠠᠳᠬᠠᠨ᠎ᠠ᠃ ᠳᠥᠷᠪᠡ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︽ | ᠨᠠᠷᠢᠨ ᠲᠦᠷᠢᠮ︾ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠳ ᠴᠠᠶᠢᠶ᠋ᠢᠦ ᠲᠣᠰᠣᠨ ᠤ ᠪᠠᠷᠠᠭᠠᠨ ᠤ | ᠲᠡᠷᠭᠡ ᠶᠢᠨ ᠪᠣᠬᠢᠷᠲᠤᠯ ᠢ ᠵᠠᠰᠠᠬᠤ ᠠᠵᠢᠯ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠴᠠᠶᠢᠶ᠋ᠢᠦ ᠲᠣᠰᠣᠨ ᠤ | ᠪᠠᠷᠠᠭᠠᠨ ᠲᠡᠷᠭᠡ ᠶᠢᠨ ᠪᠣᠬᠢᠷᠲᠤᠯ ᠢ ᠵᠠᠰᠠᠬᠤ ᠠᠵᠢᠯ ᠢ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠳᠡᠭᠡᠨ ᠣᠷᠣᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠴᠤᠪᠤᠷᠠᠯ ᠢ ᠭᠦᠨᠵᠡᠭᠡᠶ ᠰᠤᠳᠤᠯᠤᠨ ᠨᠠᠷᠢᠯᠢᠭᠵᠢᠭᠤᠯᠵᠤ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠠᠶᠢᠶ᠋ᠢᠦ ᠲᠣᠰᠣᠨ ᠤ ᠪᠠᠷᠠᠭᠠᠨ | ᠲᠡᠷᠭᠡ ᠶᠢᠨ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | | ᠣᠷᠴᠢᠭᠤᠯᠤᠭᠴᠢ᠄ ᠭᠡᠷᠡᠯ | | | | | | | | | | | | |