ᠬᠤᠸᠠᠳᠧ ᠰᠢᠶᠠᠨ ᠤ ᠰᠢᠨ ᠯᠦᠩ ᠬᠤᠪᠴᠠᠰᠤ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ
ᠨᠡᠶᠢᠲᠡᠯᠡᠭᠰᠡᠨ ᠴᠠᠭ᠄
2020-04-22
   ᠰᠢᠨ ᠯᠦᠩ ᠬᠤᠪᠴᠠᠰᠤ ᠬᠢᠬᠦ ᠬᠢᠵᠠᠭᠠᠷᠲᠤ ᠺᠣᠮᠫᠠᠨᠢ ᠪᠣᠯ ᠨᠢᠭᠡᠨ ᠵᠢᠴᠢ ᠵᠢᠷᠤᠵᠤ ᠲᠥᠯᠥᠪᠯᠡᠬᠦ᠂ ᠦᠢᠯᠡᠳᠪᠤᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠤᠪᠴᠠᠰᠤ ᠦᠢᠯᠡᠳᠪᠤᠷᠢᠯᠡᠬᠦ ᠠᠵᠤ ᠠᠬᠤᠶᠢᠯᠠᠯ ᠪᠣᠯᠤᠨ᠎ᠠ᠃ ᠲᠤᠰ ᠺᠣᠮᠫᠠᠨᠢ ᠶᠢᠨ ᠳᠠᠩᠰᠠᠯᠠᠭᠤᠯᠤᠭᠰᠠᠨ ᠪᠡᠯᠡ ᠮᠥᠩᠭᠦ ᠨᠢ 30 ᠲᠦᠮᠡ᠂ 2018 ᠣᠨ ᠦᠢᠯᠡᠳᠪᠤᠷᠢᠯᠡᠯ ᠨᠢ 50 ᠲᠦᠮᠡ᠂  ᠦᠢᠯᠡᠳᠬᠦᠨ ᠤ ᠥᠷᠲᠡᠭ ᠨᠢ 2000 ᠲᠦᠮᠡ ᠪᠠᠶᠢᠵᠤ᠂ ᠠᠵᠢᠯᠲᠠᠨ ᠠᠵᠢᠯᠴᠢᠨ 72 ᠣᠷᠴᠢᠮ ᠪᠠᠶᠢᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 3.5 ᠲᠦᠮᠡ ᠣᠷᠴᠢᠮ ᠪᠠᠶᠢᠨ᠎ᠠ᠃    ᠺᠣᠮᠫᠠᠨᠢ ᠪᠠᠶᠢᠭᠤᠯᠤᠭᠳᠠᠭᠰᠠᠨ ᠠᠴᠠ ᠨᠠᠰᠢ ᠢᠮᠠᠭᠲᠠ ︽ᠦᠨᠡᠨᠴᠢ ᠢᠲᠡᠭᠡᠮᠵᠢᠲᠡᠶ᠂ ᠬᠠᠮᠲᠤ ᠪᠠᠷ ᠠᠰᠢᠭ ᠬᠦᠷᠲᠡᠬᠦ᠂ ᠰᠢᠨ᠎ᠡ ᠶᠢ ᠡᠭᠦᠳᠬᠦ᠂ ᠪᠣᠳᠠᠲᠠᠶ ᠶᠢ ᠡᠷᠬᠢᠮᠯᠡᠬᠦ︾ ᠡᠵᠡᠩᠨᠡᠯᠲᠡ ᠶᠢᠨ ᠵᠣᠷᠢᠯᠲᠠ ᠶᠢ ᠪᠠᠷᠢᠮᠲᠠᠯᠠᠵᠤ᠂ ᠺᠣᠮᠫᠠᠨᠢ ᠨᠢ ᠲᠡᠷᠢᠭᠦᠨ ᠲᠡᠰ ᠤᠨ ᠬᠠᠮᠢᠶᠠᠷᠤᠯᠲᠠ᠂ ᠲᠡᠷᠢᠭᠦᠨ ᠲᠡᠰ ᠤᠨ ᠴᠢᠨᠠᠷ ᠴᠢᠨᠰᠠᠭ᠎ᠠ ᠶᠢ ᠢᠮᠠᠭᠲᠠ ᠪᠠᠷᠢᠮᠲᠠᠯᠠᠵᠤ᠂ ᠲᠡᠷᠢᠭᠦᠨ ᠵᠡᠷᠭᠡ ᠶᠢᠨ ᠦᠢᠯᠡᠴᠢᠯᠡᠭᠡ ᠨᠢ ᠲᠠᠰᠤᠷᠠᠯᠲᠠ ᠦᠭᠡᠢ   ᠰᠢᠯᠢᠳᠡᠭ ᠪᠦᠲᠦᠭᠡᠭᠳᠡᠭᠦᠨ ᠢ ᠦᠢᠯᠡᠳᠴᠦ᠂ ᠪᠦᠷᠢᠨ ᠲᠡᠭᠦᠯᠳᠡᠷ ᠦᠢᠯᠡᠴᠢᠯᠡᠭᠡᠨ ᠤ ᠣᠶᠢᠯᠠᠭᠠᠭᠳᠠᠬᠤᠨ ᠢ ᠲᠠᠰᠤᠷᠠᠯᠲᠠ ᠦᠭᠡᠢ ᠪᠤᠢ ᠪᠣᠯᠭᠠᠵᠤ᠂ ᠥᠷᠭᠡᠨ ᠣᠯᠠᠨ ᠬᠡᠷᠡᠭᠯᠡᠭᠴᠢᠳ ᠪᠠ ᠨᠠᠶᠢᠵᠠ ᠣᠯᠠᠨ ᠤ ᠪᠠᠨ ᠳᠡᠮᠵᠢᠯᠭᠡ ᠪᠠ ᠰᠠᠶᠢᠰᠢᠶᠠᠯ ᠢ ᠣᠯᠤᠭᠰᠠᠭᠠᠷ ᠢᠷᠡᠵᠡᠢ᠃ ᠬᠡᠳᠦᠨ ᠵᠢᠯ ᠤᠨ ᠬᠠᠲᠠᠭᠤᠵᠢᠯᠲᠠᠶ ᠠᠳᠠᠯ ᠦᠢᠯᠡᠰ ᠪᠣᠰᠬᠠᠬᠤ ᠪᠠ ᠺᠣᠮᠫᠠᠨᠢ ᠶᠢᠨ ᠪᠤᠶ ᠪᠦᠬᠦᠢ ᠠᠵᠢᠯᠲᠠᠨ ᠠᠵᠢᠯᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠵᠢᠵᠢᠭ ᠦᠢᠯᠡᠳᠬᠡᠯ ᠠᠴᠠ ᠪᠠᠨ ᠬᠥᠭᠵᠢᠵᠦ ᠳᠠᠭᠠᠭᠤᠯᠤᠭᠴᠢ ᠠᠵᠤ ᠠᠬᠤᠶᠢᠯᠠᠯ ᠪᠣᠯᠵᠠᠶ᠃                   ᠣᠷᠴᠢᠭᠤᠯᠤᠭᠴᠢ᠄ ᠭᠡᠷᠡᠯ          ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2