ᠬᠠᠰᠢᠶᠠᠯᠠᠨ ᠲᠡᠵᠢᠭᠡᠬᠦ ᠶᠢ ᠬᠥᠭᠵᠢᠭᠦᠯᠵᠦ ᠪᠠᠶᠠᠵᠢᠨ ᠴᠢᠨᠡᠭᠡᠯᠢᠭᠵᠢᠬᠦ ᠨᠢ ᠵᠡᠭᠦᠳᠦ ᠪᠢᠰᠢ ᠪᠣᠯᠵᠠᠶ
ᠨᠡᠶᠢᠲᠡᠯᠡᠭᠰᠡᠨ ᠴᠠᠭ᠄
2020-04-29
    ᠰᠢᠨ᠎ᠡ ᠨᠢᠭᠡ ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠲᠥᠷᠥ ᠵᠢᠨ‌‍ᠪᠣᠳᠤᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ‌ᠮᠠᠨ ᠤ ᠰᠢᠶᠠᠨ ᠤ ᠥᠷᠭᠡᠨ ᠣᠯᠠᠨ ᠮᠠᠯᠴᠢᠨ ᠲᠠᠷᠢᠶᠠᠴᠢᠨ ᠤᠯᠠᠮᠵᠢᠯᠠᠯᠲᠤ ᠪᠦᠳᠦᠭᠦᠯᠢᠭ ᠪᠡᠯᠴᠢᠭᠡᠷᠯᠡᠭᠦᠯᠦᠨ ᠮᠠᠯᠵᠢᠬᠤ ᠠᠴᠠ ᠬᠠᠰᠢᠶᠠᠯᠠᠨ ᠲᠡᠵᠢᠭᠡᠬᠦ ᠪᠠ ᠮᠠᠯ ᠤᠨ ᠲᠤᠭ᠎ᠠ ᠲᠣᠯᠤᠭᠠᠢ ᠪᠠᠷ ᠮᠠᠯᠵᠢᠬᠤ ᠠᠷᠭ᠎ᠠ ᠮᠠᠶ᠋ᠢᠭ ᠵᠦᠭ ᠰᠡᠮᠡᠭᠡᠷ ᠬᠤᠪᠢᠷᠠᠵᠤ ᠪᠠᠶᠢᠨ᠎ᠠ᠃ ᠣᠳᠣᠬᠠᠨ ᠳᠤ᠂ ᠦᠬᠡᠷ ᠬᠤᠨᠢ ᠶᠢ ᠬᠠᠰᠢᠶᠠᠯᠠᠨ ᠲᠡᠵᠢᠭᠡᠵᠦ ᠦᠷᠡᠵᠢᠭᠦᠯᠬᠦ ᠨᠢ ᠨᠢᠭᠡᠨᠲᠡ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠠᠪᠤᠳᠠᠯ᠂ ᠮᠠᠯᠴᠢᠨ ᠲᠠᠷᠢᠶᠠᠴᠢᠨ ᠤ ᠣᠷᠣᠯᠭ᠎ᠠ ᠲᠦᠷᠭᠡᠨ ᠨᠡᠮᠡᠭᠳᠡᠬᠦ ᠲᠤᠯᠭᠠᠭᠤᠷᠢᠯᠠᠬᠤ ᠴᠡᠭ ᠪᠣᠯᠵᠠᠶ᠃    ᠬᠤᠨᠢ ᠢᠮᠠᠭᠠᠨ ᠤ ᠮᠠᠶᠢᠯᠠᠬᠤ ᠳᠠᠭᠤᠨ ᠢᠶᠠᠷ ᠲᠣᠰᠬᠤᠨ ᠤ ᠠᠷᠠᠳ ᠵᠣᠣ ᠶᠢᠦ ᠶᠢᠨ ᠭᠡᠷ ᠲᠤ  ᠬᠦᠷᠬᠦ ᠳᠤ ᠶᠠᠭᠤᠨ ᠤ ᠡᠮᠦᠨ᠎ᠡ ᠨᠢᠳᠦᠨ ᠳᠤ ᠲᠣᠷᠤᠭᠰᠠᠨ ᠨᠢ ᠲᠠᠷᠭᠤᠨ ᠲᠠᠷᠭᠤᠨ ᠬᠦᠴᠦ ᠪᠢᠯᠳᠠᠷ ᠲᠠᠢ  ᠬᠤᠴᠠ ᠪᠣᠯᠤᠨ ᠲᠦᠯᠯᠡᠭᠡᠳ ᠤᠳᠠᠭ᠎ᠠ ᠦᠭᠡᠢ ᠬᠤᠷᠠᠭ᠎ᠠ ᠤᠳ ᠬᠠᠰᠢᠶᠠᠨ ᠳᠠᠭᠠᠨ ᠲᠣᠭᠯᠠᠵᠤ ᠪᠠᠶᠢᠯ᠎ᠠ᠃    ᠵᠣᠣ ᠶᠢᠦ ᠶᠢᠨ ᠪᠠᠶᠢᠭ᠎ᠠ ᠳᠠᠷᠪᠠᠭᠠᠷ ᠲᠣᠰᠬᠤᠨ ᠪᠣᠯ ᠭᠠᠩ ᠬᠠᠭᠤᠷᠠᠶ ᠳᠣᠪᠤᠷᠬᠠᠭ ᠣᠷᠣᠨ ᠪᠠᠶᠢᠵᠤ᠂ ᠭᠠᠩ ᠬᠠᠭᠤᠷᠠᠶ ᠪᠣᠷᠣᠭᠠᠨ ᠪᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠲᠦᠢᠯ ᠤᠨ ᠬᠡᠪᠡᠷᠡᠭ ᠪᠠᠶᠢᠳᠠᠭ᠃ ᠣᠯᠠᠨ ᠵᠢᠯ ᠤᠨ ᠮᠠᠯ ᠮᠠᠯᠵᠢᠬᠤ ᠲᠤᠷᠰᠢᠯᠭ᠎ᠠ ᠪᠠᠷ ᠳᠡᠮᠵᠢᠨ᠂ ᠬᠤᠨᠢ ᠢᠮᠠᠭ᠎ᠠ ᠮᠠᠯᠵᠢᠬᠤ ᠲᠤᠭ᠎ᠠ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ ᠬᠤᠪᠢᠷᠠᠰᠢ ᠥᠬᠡᠶ ᠲᠣᠭᠲᠠᠮᠠᠯ ᠪᠠᠶᠢᠭᠠᠯᠢ ᠶᠢᠨ ᠮᠠᠯᠵᠢᠯ ᠤᠨ ᠲᠠᠯᠠᠪᠠᠶ ᠳᠠᠭᠠᠭᠠᠴᠠ ᠠᠴᠠ ᠪᠠᠨ ᠬᠡᠲᠦᠷᠡᠵᠡᠶ᠂ ᠤᠯᠠᠮᠵᠢᠯᠠᠯᠲᠤ ᠪᠡᠯᠴᠢᠭᠡᠷᠯᠡᠭᠦᠯᠦᠨ ᠮᠠᠯᠵᠢᠬᠤ ᠬᠡᠪ ᠵᠠᠭᠪᠤᠷ ᠨᠢ ᠬᠤᠨᠢ ᠮᠠᠯᠵᠢᠬᠤ ᠦᠢᠯᠡᠰ ᠤᠨ ᠦᠷᠭᠦᠯᠵᠢᠯᠡᠨ ᠬᠥᠭᠵᠢᠬᠦ ᠳᠤ ᠨᠢᠭᠡᠨᠲᠡ ᠵᠣᠬᠢᠴᠠᠬᠤ ᠥᠬᠡᠶ ᠪᠣᠯᠵᠣ᠂ ᠲᠡᠵᠢᠭᠡᠨ ᠠᠷᠠᠴᠢᠯᠠᠬᠤ ᠮᠡᠷᠭᠡᠵᠢᠯ ᠤᠨ ᠥᠭᠡᠷᠡᠴᠢᠯᠡᠯᠲᠡ ᠨᠢ ᠨᠢᠭᠡᠨᠲᠡ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠬᠢᠭᠡᠳ ᠬᠤᠨᠢ ᠮᠠᠯᠵᠢᠬᠤ ᠦᠢᠯᠡᠰ ᠤᠨ ᠵᠣᠬᠢᠴᠠᠩᠭᠤᠶ ᠬᠥᠭᠵᠢᠯᠲᠡ ᠶᠢᠨ ᠪᠠᠴᠢᠮ ᠰᠢᠢᠳᠪᠤᠷᠢᠯᠡᠬᠦ ᠴᠢᠬᠤᠯᠠᠲᠠᠶ ᠴᠢᠬᠤᠯᠠ ᠶᠡᠭᠡ ᠠᠰᠠᠭᠤᠳᠠᠯ ᠪᠣᠯᠤᠭᠰᠠᠨ ᠪᠠᠶᠢᠨ᠎ᠠ᠃ ᠬᠤᠨᠢ ᠮᠠᠯ ᠲᠠᠢ ᠣᠯᠠᠨ ᠵᠢᠯ ᠨᠣᠴᠤᠯᠳᠤᠭᠰᠠᠨ ᠵᠣᠣ ᠢᠦ ᠤᠯᠠᠮᠵᠢᠯᠠᠯᠲᠤ ᠮᠠᠯᠵᠢᠬᠤ ᠵᠠᠭᠪᠤᠷ ᠢᠶᠠᠨ ᠲᠠᠶᠠᠭᠳᠠᠵᠤ᠂  ᠪᠡᠯᠴᠢᠭᠡᠷᠯᠡᠭᠦᠯᠦᠨ ᠮᠠᠯᠵᠢᠬᠤ ᠶᠢ ᠥᠭᠡᠷᠡᠴᠢᠯᠡᠵᠦ ᠬᠠᠰᠢᠶᠠᠯᠠᠨ ᠲᠡᠵᠢᠭᠡᠬᠦ ᠪᠠᠷ ᠲᠣᠭᠲᠠᠵᠠᠶ᠃    ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ ᠲᠡᠷᠡ ᠤᠯᠠᠨ ᠵᠦᠢᠯ ᠤᠨ ᠠᠷᠭ᠎ᠠ ᠵᠠᠮ ᠢᠶᠠᠷ ᠮᠠᠯ ᠠᠵᠤ ᠠᠬᠤᠶ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠤᠭᠯᠠᠭᠤᠯᠤᠨ ᠡᠵᠡᠮᠰᠢᠵᠦ᠂ ᠥᠯᠴᠢᠷ ᠬᠤᠨᠢ ᠦᠨᠳᠦᠰᠦᠨ ᠳᠡᠭᠡᠨ 90 ᠡᠳᠦᠷ ᠤᠨ ᠳᠠᠷᠠᠭ᠎ᠠ ᠪᠣᠷᠣᠯᠠᠭᠤᠯᠵᠤ᠂ ᠲᠡᠵᠢᠭᠡᠨ ᠦᠷᠡᠵᠢᠭᠦᠯᠬᠦ ᠬᠤᠭᠤᠴᠠᠭ᠎ᠠ ᠨᠢ ᠣᠬᠤᠷ ᠮᠥᠷᠲᠡᠭᠡᠨ ᠵᠢᠯ ᠪᠦᠷᠢ ᠬᠤᠶᠠᠷ ᠤᠳᠠᠭ᠎ᠠ ᠪᠣᠷᠣᠯᠠᠭᠤᠯᠤᠨ᠎ᠠ ᠭᠡᠳᠡᠭ ᠢ ᠣᠶᠢᠯᠠᠭᠠᠪᠠ᠃ ᠬᠤᠷᠠᠭ᠎ᠠ ᠪᠦᠷᠢ ᠶᠢᠨ ᠬᠤᠳᠠᠯᠳᠤᠬᠤ ᠦᠨ᠎ᠡ ᠨᠢ 600 ᠠᠴᠠ 700 ᠲᠥᠭᠦᠷᠢᠭ ᠲᠤ ᠬᠦᠷᠴᠦ᠂ ᠥᠯᠴᠢᠷ ᠬᠤᠨᠢᠨ ᠤ ᠬᠤᠳᠠᠯᠳᠤᠬᠤ ᠨᠣᠷᠮ᠎ᠠ ᠨᠢ ᠥᠨᠳᠥᠷ ᠮᠥᠷᠲᠡᠭᠡᠨ ᠥᠪᠡᠷ ᠤᠨ ᠥᠷᠲᠡᠭ ᠨᠢ ᠳᠣᠤᠷ᠎ᠠ᠂ ᠪᠣᠷᠣᠯᠠᠭᠤᠯᠭ᠎ᠠ ᠨᠢ ᠲᠦᠷᠭᠡᠨ᠂ ᠦᠨ᠎ᠡ ᠨᠢ ᠥᠨᠳᠥᠷ ᠵᠡᠷᠭᠡ ᠰᠠᠶᠢᠨ ᠲᠠᠯ᠎ᠠ ᠳᠤ ᠰᠠᠭᠤᠷᠢᠯᠠᠨ ᠨᠢᠳᠤᠨᠤᠨ ᠲᠡᠷᠡ 140 ᠲᠣᠯᠤᠭᠠᠢ ᠥᠯᠴᠢᠷ ᠬᠤᠨᠢ ᠠᠪᠤᠭᠰᠠᠨ ᠪᠥᠭᠡᠳ ᠲᠤᠰᠬᠠᠶᠢᠯᠠᠨ ᠬᠤᠶᠠᠷ ᠬᠤᠴᠠ ᠠᠪᠴᠠᠢ᠃ ᠡᠭᠦᠯᠳᠡᠷ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠤᠷᠠᠭ᠎ᠠ ᠶᠢᠨ ᠤᠨᠳᠤᠷᠤᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠠᠴᠠ ᠣᠲᠣ ᠲᠡᠭᠦᠨ ᠤ ᠲᠡᠵᠢᠭᠡᠭᠰᠡᠨ ᠬᠤᠨᠢ ᠵᠢᠯ ᠪᠦᠷᠢ 100 ᠲᠣᠯᠣᠭᠠᠢ ᠪᠣᠷᠤᠯᠠᠭᠤᠯᠤᠭᠳᠠᠵᠤ ᠂ ᠵᠢᠯ ᠤᠨ ᠣᠷᠣᠯᠭ᠎ᠠ ᠨᠢ 70000 ᠲᠥᠭᠦᠷᠢᠭ ᠣᠷᠴᠢᠮ ᠬᠦᠷᠴᠦ ᠪᠠᠶᠢᠨ᠎ᠠ᠃    ᠵᠣᠣ ᠶᠢᠦ ᠶᠢᠨ ᠲᠡᠵᠢᠭᠡᠭᠰᠡᠨ ᠥᠯᠴᠢᠷ ᠬᠤᠨᠢ ᠥᠪᠡᠷ ᠤᠨ ᠠᠮᠢᠳᠤᠷᠠᠯ ᠢᠶᠠᠨ ᠴᠢᠨᠡᠭᠡᠯᠢᠭᠵᠢᠭᠦᠯᠦᠭᠰᠡᠨ ᠢᠶᠠᠷ ᠪᠠᠷᠠᠬᠤ ᠦᠭᠡᠶ ᠡᠷᠭᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠥᠯᠴᠢᠷ  ᠬᠤᠨᠢ ᠲᠡᠵᠢᠭᠡᠵᠦ᠂ ᠮᠠᠨ ᠤ ᠰᠢᠶᠠᠨ ᠤ ᠮᠠᠯ ᠠᠵᠤ ᠠᠬᠤᠶ ᠳᠤ ᠰᠢᠨ᠎ᠡ ᠵᠠᠮ ᠭᠠᠷᠭᠠᠵᠤ ᠥᠭᠭᠦᠭᠰᠡᠨ ᠪᠥᠭᠡᠳ ᠲᠠᠷᠢᠶᠠᠴᠢᠨ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠳᠠᠶᠢᠴᠢᠯᠠᠬᠤ  ᠦᠢᠯᠡᠳᠦᠯ ᠦᠵᠡᠭᠦᠯᠵᠡᠶ᠃                                                         ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2