ᠮᠠᠨ ᠤ ᠰᠢᠶᠠᠨ ᠬᠤᠶᠠᠳᠤᠭᠠᠷ ᠤᠯᠠᠷᠢᠯ ᠤᠨ ᠵᠡᠪᠰᠡᠭᠲᠦ ᠬᠦᠴᠦᠨ ᠤ ᠬᠡᠯᠲᠡᠰ ᠤᠨ ᠺᠠᠳ᠋ᠷ ᠢ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-30
    4 ᠰᠠᠷ᠎ᠠ ᠶᠢᠨ 30 ᠤ ᠡᠳᠦᠷ᠂ ᠮᠠᠨ ᠤ ᠰᠢᠶᠠᠨ ᠬᠤᠶᠠᠳᠤᠭᠠᠷ ᠤᠯᠠᠷᠢᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠤᠨ ᠳ᠋ᠦᠩᠨᠡᠯᠲᠡ ᠶᠢᠨ ᠬᠤᠷᠠᠯ ᠬᠢᠵᠦ᠂ ᠬᠤᠷᠠᠯ ᠠᠴᠠ 2020 ᠣᠨ ᠤ ᠮᠠᠨ ᠤ ᠰᠢᠶᠠᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠵᠢᠨ‌‍ᠰᠢᠶᠠᠨ ᠤ ᠳᠡᠳ᠋ ᠳᠠᠷᠤᠭ᠎ᠠ ᠵᠤᠤ ᠯᠦᠩ ᠹᠸᠢ ᠬᠤᠷᠠᠯ ᠳᠤ ᠣᠷᠣᠯᠴᠠᠪᠠ᠃    ᠬᠤᠷᠠᠯ ᠠᠴᠠ ᠬᠤᠲᠠ ᠶᠢᠨ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠡᠭᠦᠷᠭᠡ ᠶᠢ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠨᠡ ᠵᠢᠯ ᠤᠨ ᠮᠠᠨ ᠤ ᠰᠢᠶᠠᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠤᠤ ᠯᠦᠩ ᠹᠸᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠂ ᠪᠠᠰᠠ ᠴᠤ ᠡᠷᠦᠭᠡ ᠶᠢᠨ ᠴᠡᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠵᠠᠩᠭᠢᠯᠠᠭ᠎ᠠ ᠶᠢᠨ ᠵᠢᠯ ᠮᠥᠨ᠂ ᠪᠦᠬᠦ ᠰᠢᠶᠠᠨ ᠤ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦᠤ᠋ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠣᠯ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠶᠡᠭᠡ ᠪᠥᠭᠡᠳ ᠲᠤᠯᠭᠠᠮ᠎ᠠ ᠤᠯᠤᠰ ᠲᠦᠷᠦ ᠶᠢᠨ ᠡᠭᠦᠷᠭᠡ ᠮᠥᠨ ᠭᠡᠵᠦ ᠵᠢᠭᠠᠵᠤ ᠭᠠᠷᠭᠠᠪᠡ᠃    ᠵᠤᠤ ᠯᠦᠩ ᠹᠸᠢ᠂ ᠡᠯ᠎ᠡ ᠪᠦᠷᠢᠯᠳᠦᠬᠦᠨ ᠨᠢᠭᠡᠴᠡ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠯᠪᠡᠷᠢ ᠶᠢ ᠣᠨᠣᠪᠴᠢᠲᠠᠢ ᠵᠠᠳᠠᠯᠵᠤ᠂ ᠴᠡᠷᠢᠭ ᠠᠩᠬᠢ ᠪᠠ ᠣᠷᠣᠨ ᠨᠤᠲᠤᠭ ᠤᠨ ︽ᠨᠢᠭᠡ ᠦᠷᠦᠭ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯ ᠤᠨ ᠬᠠᠮᠲᠤᠷᠠᠯ ᠬᠦᠴᠦᠨ ᠢ ᠵᠣᠬᠢᠴᠠᠭᠤᠯᠤᠨ ᠪᠦᠷᠢᠯᠳᠦᠭᠦᠯᠵᠦ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠢ ᠪᠠᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠵᠣᠣ ᠯᠦᠩ ᠹᠸᠢ ᠱᠠᠭᠠᠷᠳᠠᠭᠰᠠᠨ ᠨᠢ᠂ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠣᠳᠣᠬᠠᠨ ᠤ ᠡᠷᠦᠬᠡ ᠶᠢᠨ ᠴᠡᠷᠢᠭ ᠤᠨ ᠲᠣᠬᠢᠷᠠᠭᠤᠯᠤᠯᠲᠠ ᠥᠭᠡᠷᠡᠴᠢᠯᠡᠯᠲᠡ ᠵᠢᠨ‌ᠡᠭᠦᠷᠭᠡ ᠶᠢᠨ ᠪᠠᠶᠢᠳᠠᠯ ᠢ ᠲᠣᠳᠣᠷᠬᠠᠶ ᠲᠠᠨᠢᠵᠤ᠂ ᠬᠥᠮᠦᠰ ᠢ ᠬᠤᠪᠢᠶᠠᠷᠢᠯᠠᠨ‌‍ᠲ᠋ᠣᠭᠢᠷᠠᠭᠤᠯᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠩᠨᠡᠭᠡ ᠶᠢ ᠵᠦᠶ ᠵᠣᠬᠢᠰᠲᠠᠶ ᠴᠡᠭᠴᠡᠯᠡᠨ ᠪᠠᠶᠢᠭᠤᠯᠵᠤ᠂ ᠵᠠᠩᠭᠢᠯᠠᠭ᠎ᠠ ᠶᠢᠨ ᠭᠤᠤᠯᠳᠠᠯᠭ᠎ᠠ᠂ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠦᠢᠯ ᠳᠠᠷᠠᠭᠠᠯᠠᠨ ᠰᠠᠶᠢᠲᠤᠷ ᠠᠳᠬᠤᠵᠤ᠂ ᠡᠷᠦᠬᠡ ᠶᠢᠨ ᠴᠡᠷᠢᠭ ᠤᠨ ᠲᠣᠬᠢᠷᠠᠭᠤᠯᠤᠯᠲᠠ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠵᠤ ᠴᠡᠭᠴᠡᠯᠡᠬᠦ ᠠᠵᠢᠯ ᠤᠨ ᠵᠢᠱᠢᠭᠰᠡᠨ ᠵᠣᠷᠢᠯᠭ᠎ᠠ ᠳᠠᠭᠠᠨ ᠬᠦᠷᠬᠦ ᠶᠢ ᠦᠨᠡᠨ ᠬᠦ ᠪᠠᠲᠤᠯᠠᠬᠤ ᠬᠡᠷᠡᠭᠲᠡᠶ︔ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠤ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠯ᠎ᠡ ᠵᠦᠢᠯ  ᠤᠨ ᠰᠢᠯᠭᠠᠨ ᠦᠨᠡᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠪᠡ᠃                                               ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2