ᠬᠤᠸᠠᠳᠧ ᠰᠢᠶᠠᠨ ᠴᠢᠬᠤᠯᠠ ᠶᠡᠭᠡ ᠠᠵᠤ ᠦᠢᠯᠡᠳᠪᠤᠷᠢ ᠶᠢᠨ ᠲᠥᠷᠥᠯ ᠵᠦᠢᠯ ᠤᠨ ᠦᠢᠯᠡᠳᠪᠤᠷᠢᠯᠡᠯ ᠢᠶᠠᠨ ᠰᠡᠷᠭᠦᠭᠡᠬᠦ ᠶᠢ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2020-04-08
   ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ︽ᠬᠦᠴᠦᠷᠬᠡᠭ ᠬᠤᠸᠠᠳᠧ︾ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠠᠵᠤ ᠦᠢᠯᠡᠳᠪᠤᠷᠢ ᠵᠢᠨ‌‍ᠪᠠᠶᠢᠷᠢᠰᠢᠭᠤᠯᠤᠯᠲᠠ ᠶᠢᠨ ᠲᠠᠯ᠎ᠠ ᠪᠠᠷ ᠢᠮᠠᠭᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠤᠲᠤᠭ᠎ᠠ ᠲᠣᠭᠤᠰᠣ ᠪᠠ ᠬᠠᠶᠠᠭᠳᠠᠮᠠᠯ ᠰᠢᠭᠠᠷᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠠᠳᠬᠤᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠬᠢᠵᠢᠭ ᠤᠨ ᠬᠤᠭᠤᠴᠠᠭᠠᠨ ᠳᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠨ ᠠᠵᠢᠯ ᠰᠡᠷᠭᠦᠭᠡᠬᠦ ᠶᠢ ᠠᠬᠢᠭᠤᠯᠪᠠ᠃    ᠣᠶᠢᠷ᠎ᠠ ᠳᠤ ᠵᠦᠩ ᠲᠠᠢ ᠨᠢᠺᠧᠯ ᠲᠡᠮᠦᠷ ᠤᠨ ᠬᠢᠵᠠᠭᠠᠷᠲᠤ ᠺᠣᠮᠫᠠᠨᠢ ᠶᠢᠨ ᠵᠤᠤᠬᠠᠨ ᠰᠢᠭᠠᠷᠤ ᠶᠢ ᠡᠷᠬᠢᠯᠳᠦᠭᠦᠯᠦᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠬᠢᠯᠡᠵᠦ᠂ ᠲᠤᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠪᠠᠶᠢᠵᠤ ᠭᠤᠷᠪᠠᠨ ᠬᠤᠭᠤᠴᠠᠭ᠎ᠠ ᠬᠤᠪᠢᠶᠠᠵᠤ ᠶᠠᠪᠤᠭᠳᠠᠨ᠎ᠠ᠃ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ  ᠦᠢᠯᠡᠳᠬᠦᠨ ᠨᠢ ᠪᠠᠷᠢᠯᠭ᠎ᠠ ᠳᠤ ᠬᠡᠷᠡᠭᠯᠡᠬᠦ ᠡᠯᠡᠰᠦ ᠪᠣᠯᠤᠨ ᠭᠠᠯ ᠳᠤ ᠳᠠᠭᠠᠭᠠᠮᠠᠭᠠᠶ ᠮᠠᠲ᠋ᠧᠷᠢᠶᠠᠯ ᠤᠨ ᠶᠠᠰᠤᠨ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ︔ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ  ᠦᠢᠯᠡᠳᠬᠦᠨ ᠨᠢ ᠠᠵᠤ ᠦᠢᠯᠡᠳᠪᠤᠷᠢ ᠶᠢᠨ ᠱᠦᠷᠭᠦᠭᠦᠯ ᠬᠦᠷᠳᠦᠨ ᠤ ᠢᠯᠳᠠᠰᠤ᠂ ᠲᠣᠭᠤᠰᠬ᠎ᠠ ᠬᠢᠬᠦ ᠪᠠ ᠬᠤᠳᠠᠯᠳᠤᠭᠠᠨ ᠤ ᠪᠧᠲ᠋ᠤᠨ ᠪᠣᠯᠤᠨ᠎ᠠ︔ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠦᠢᠯᠡᠳᠬᠦᠨ ᠪᠣᠯ ᠬᠢᠮᠡᠯ ᠭᠠᠨᠲᠢᠭ ᠴᠢᠯᠠᠭᠤ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠷ ᠪᠦᠲᠦᠮᠵᠢᠲᠡᠶ ᠲᠣᠬᠢᠷᠠᠯᠴᠠᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 5000 ᠲᠦᠮᠡᠨ ᠲᠥᠭᠦᠷᠢᠭ᠂ ᠠᠰᠢᠭ ᠭᠠᠶᠢᠯᠢ 650 ᠲᠦᠮᠡᠨ ᠲᠥᠭᠦᠷᠢᠭ᠂ 30 ᠭᠠᠷᠤᠶ ᠬᠥᠮᠦᠨ ᠳᠤ ᠠᠵᠢᠯ ᠣᠯᠭᠤᠬᠤ ᠪᠠᠷ ᠲᠣᠬᠢᠷᠠᠭᠤᠯᠪᠡ᠃    ︽ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠨᠢᠭᠡᠴᠢ ᠲᠣᠨ ᠲᠡᠮᠦᠷ ᠤᠨ ᠦᠢᠯᠡᠳᠪᠤᠷᠢᠯᠡᠯ ᠨᠢ 800 ᠭᠷᠠᠳᠦ᠋ᠰ ᠤᠨ ᠴᠠᠬᠢᠯᠭᠠᠨ ᠠᠷᠪᠢᠯᠠᠬᠤ ᠪᠣᠯᠤᠨ᠎ᠠ᠂ ᠵᠢᠯ ᠤᠨ ᠴᠠᠬᠢᠯᠭᠠᠨ ᠠᠷᠪᠢᠯᠠᠬᠤ ᠶᠡᠷᠦᠩᠬᠡᠢ ᠬᠡᠮᠵᠢᠶ᠎ᠡ ᠨᠢ 960 ᠲᠦᠮᠡᠨ ᠭᠷᠠᠳᠦ᠋ᠰ ᠪᠣᠯᠤᠨ᠎ᠠ᠂ ᠢᠩᠭᠢᠪᠡᠯ ᠭᠠᠳᠠᠭᠰᠢᠯᠠᠭᠤᠯᠬᠤ ᠥᠬᠡᠶ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︾ ᠭᠡᠵᠦ ᠵᠦᠩ ᠲᠠᠢ ᠨᠢᠺᠤᠯ ᠲᠡᠮᠦᠷ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ ᠭᠦᠸᠧ ᠵᠢᠶᠦ᠋ᠨ ᠸᠧᠢ ᠬᠡᠯᠡᠪᠡ᠃    ᠣᠶᠢᠯᠭᠠᠭᠰᠠᠨ ᠢᠶᠠᠷ᠂ ᠦᠨᠳᠦᠷ ᠨᠡᠭᠦᠷᠡᠰᠦᠳᠦ᠋ᠷᠦᠭᠴᠢᠲᠦ ᠾᠷᠤᠮ ᠲᠡᠮᠦᠷ ᠤᠨ ᠬᠦᠳᠡᠷ ᠤᠨ ᠢᠯᠴᠢ ᠶᠢᠨ ᠵᠤᠤᠬ᠎ᠠ ᠮᠡᠷᠭᠡᠵᠢᠯ ᠤᠨ ᠦᠷᠭᠡᠳᠬᠡᠭᠰᠡᠨ‌‍ᠲ᠋ᠦ᠋ᠷᠦᠯ ᠵᠦᠢᠯ ᠨᠢ ᠵᠦᠩ ᠲᠠᠢ ᠨᠢᠺᠧᠯ ᠲᠡᠮᠦᠷ ᠤᠨ ᠬᠢᠵᠠᠭᠠᠷᠲᠤ ᠺᠣᠮᠫᠠᠨᠢ ᠲᠤᠰᠠᠭᠠᠷ ᠪᠡᠯᠡ ᠣᠷᠤᠭᠤᠯᠤᠨ ᠰᠢᠨ᠎ᠡ ᠪᠠᠷ ᠪᠠᠶᠢᠭᠤᠯᠤᠭᠰᠠᠨ ᠲᠥᠷᠦᠯ ᠵᠦᠢᠯ ᠪᠣᠯᠣᠨ᠎ᠠ᠂ 40 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠵᠦ᠂ ᠲᠡᠯᠡᠬᠡᠢ ᠶᠢᠨ ᠲᠡᠷᠢᠭᠦᠨSRC ᠦᠢᠯᠡᠳᠪᠤᠷᠢᠯᠡᠯ ᠤᠨ ᠮᠡᠷᠭᠡᠵᠢᠯ ᠢ ᠬᠡᠷᠡᠭᠯᠡᠵᠦ᠂12 ᠰᠠᠦᠷᠢ48MVA ᠪᠦᠷᠢᠨ ᠪᠢᠲᠡᠬᠦᠦ ᠠᠭᠤᠷᠬᠠᠢ ᠶᠢᠨ ᠢᠯᠴᠢ ᠶᠢᠨ ᠵᠤᠤᠬ᠎ᠠ ᠶᠢ ᠭᠤᠷᠪᠠᠨ ᠬᠤᠭᠤᠴᠠᠭ᠎ᠠ ᠬᠤᠪᠢᠶᠠᠨ ᠪᠠᠶᠢᠭᠤᠯᠤᠨ᠎ᠠ᠃ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ 200 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ᠂ 200 ᠲᠦᠮᠡᠨ ᠲᠣᠨ ︽400 ᠰᠢᠷᠢᠰ︾ ᠤᠨ ᠲᠡᠮᠦᠷ ᠡᠯᠧᠮᠧᠨ᠋ᠲ ᠤᠨ ᠵᠢᠪᠡᠷᠡᠬᠦ ᠥᠬᠡᠶ ᠪᠣᠯᠣᠳ᠂ 20 ᠲᠦᠮᠡᠨ ᠲᠣᠨ ᠳᠤᠮᠳᠠ ᠳᠣᠤᠷ᠎ᠠ ᠨᠡᠭᠦᠷᠡᠰᠦᠲᠥ᠋ᠷᠥᠭᠴᠢᠲᠦ ᠾᠷᠣᠮ ᠲᠡᠮᠦᠷ᠂ 120 ᠲᠦᠮᠡᠨ ᠲᠣᠨ ᠾᠷᠣᠮ ᠤᠨ ᠰᠢᠭᠠᠷᠤ ᠶᠢᠨ ᠪᠢᠴᠢᠯ ᠨᠤᠨᠲᠠᠭ᠂ 180 ᠲᠦᠮᠡᠨ ᠲᠣᠨ ᠾᠷᠣᠮ ᠤᠨ ᠰᠢᠭᠠᠷᠤ ᠶᠢᠨ ᠭᠠᠯ ᠳᠤ ᠳᠠᠭᠠᠭᠠᠴᠠ ᠲᠠᠢ ᠲᠣᠭᠤᠰᠬ᠎ᠠ᠂ ᠵᠢᠯ ᠳᠤ 16 ᠳ᠋ᠦᠩᠰᠢᠭᠤᠷ KWh ᠤᠨ ᠴᠠᠬᠢᠯᠭᠠᠨ ᠭᠠᠷᠭᠠᠬᠤ  ᠦᠢᠯᠡᠳᠪᠤᠷᠢᠯᠡᠯ ᠤᠨ ᠬᠡᠪᠴᠢᠶ᠎ᠡ ᠶᠢ ᠪᠦᠷᠢᠯᠳᠦᠭᠦᠯᠦᠨ᠎ᠡ᠃    ᠲᠥᠷᠥᠯ ᠵᠦᠢᠯ ᠤᠨ ᠭᠤᠤᠯ ᠣᠨᠴᠠᠯᠢᠭ ᠨᠢ ᠬᠠᠯᠠᠭᠤᠨ ᠮᠠᠲ᠋ᠧᠷᠢᠶᠠᠯ ᠢ ᠵᠤᠤᠬ᠎ᠠ ᠳᠤ ᠣᠷᠣᠭᠤᠯᠵᠤ᠂ ᠦᠢᠯᠡᠳᠪᠤᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠳᠪᠤᠷᠢᠯᠡᠯ ᠤᠨ ᠡᠨᠧᠷᠭᠢ ᠶᠢᠨ ᠬᠤᠷᠣᠭᠳᠠᠭᠤᠯᠭ᠎ᠠ ᠶᠢ ᠪᠠᠭᠠᠰᠬᠠᠨ᠎ᠠ᠃ ᠦᠢᠯᠡᠳᠪᠤᠷᠢᠯᠡᠯ ᠤᠨ ᠪᠦᠬᠦ ᠶᠠᠪᠤᠴᠠ ᠶᠢ ᠢᠵᠢ ᠪᠦᠷᠢᠳᠦᠭᠦᠯᠦᠨ ᠣᠷᠴᠢᠨ ᠠᠬᠤᠶ ᠶᠢ ᠬᠠᠮᠠᠭᠠᠯᠠᠬᠤ᠂ ᠡᠨᠧᠷᠭᠢ ᠠᠷᠪᠢᠯᠠᠵᠤ᠂ ᠡᠴᠦᠰ ᠲᠡᠭᠡᠨ ᠠᠭᠤᠷᠬᠠᠶ ᠶᠢᠨ ᠢᠯᠴᠢᠲᠦ ᠵᠤᠤᠬ᠎ᠠ ᠶᠢᠨ ᠨᠡᠭᠦᠷᠡᠰᠦᠨ ᠬᠡᠢ᠂ ᠦᠯᠡᠳᠡᠭᠳᠡᠯ ᠢᠯᠴᠢ ᠵᠡᠷᠭᠡ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠲᠡᠭᠦᠨ ᠤ ᠦᠢᠯᠡᠳᠪᠤᠷᠢᠯᠡᠯ ᠤᠨ ᠤᠷ᠎ᠠ ᠮᠡᠷᠭᠡᠰᠢᠯ ᠨᠢ ᠲᠤᠰ ᠠᠵᠢᠯ ᠲᠦᠷᠦᠯ ᠳᠡᠭᠡᠨ ᠨᠡᠯᠢᠶᠡᠳ ᠴᠢᠩᠭ᠎ᠠ ᠭᠤᠤᠯᠯᠠᠬᠤ ᠥᠷᠢᠰᠥᠯᠳᠦᠬᠦ ᠬᠦᠴᠦᠨ ᠲᠠᠢ ᠪᠥᠭᠡᠳ ᠤᠯᠤᠰ ᠤᠨ ᠬᠦᠭᠵᠢᠭᠦᠯᠦᠯᠲᠡ‌ᠥᠭᠡᠷᠡᠴᠢᠯᠡᠯᠲᠡ ᠶᠢᠨ ᠵᠦᠪᠯᠡᠯ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠨ᠎ᠡ᠃ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 100 ᠳ᠋ᠦᠩᠰᠢᠭᠤᠷ ᠲᠥᠭᠦᠷᠢᠭ᠂ ᠠᠰᠢᠭ ᠭᠠᠶᠢᠯᠢ 15 ᠳ᠋ᠦᠩᠰᠢᠭᠤᠷ ᠲᠦᠭᠦᠷᠢᠭ ᠲᠤ ᠬᠦᠷᠴᠦ᠂ 1500 ᠬᠥᠮᠦᠨ ᠳᠤ ᠠᠵᠢᠯ ᠣᠯᠭᠤᠬᠤ ᠪᠠᠷ ᠪᠠᠶᠢᠨ᠎ᠠ᠃     ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠦᠬᠦ ᠰᠢᠶᠠᠨ ᠤ ᠠᠵᠤ ᠦᠢᠯᠡᠳᠪᠤᠷᠢ ᠶᠢᠨ ᠲᠥᠷᠥᠯ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠤᠰᠠᠳᠠ᠂ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢ ᠶᠢᠨ ᠲᠣᠪᠴᠢᠶ᠎ᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠪᠦᠬᠦ ᠰᠢᠶᠠᠨ ᠤ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠪᠤᠷᠢᠯᠡᠯ ᠵᠣᠭᠰᠣᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠭᠠᠨ ᠵᠢᠭᠰᠠᠭᠠᠵᠤ᠂ ᠦᠢᠯᠡᠳᠪᠤᠷᠢᠯᠡᠯ ᠤᠨ ᠠᠵᠤ ᠠᠬᠤᠶᠢᠯᠠᠯ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠭᠲᠠᠴᠠ᠂ ᠠᠵᠢᠯᠲᠠᠨ ᠤ ᠪᠠᠶᠢᠳᠠᠯ ᠤᠨ ᠡᠬᠡ ᠳᠠᠩᠰᠠ ᠶᠢ ᠪᠠᠶᠢᠭᠤᠯᠪᠠ᠃ ᠠᠵᠢᠯᠯᠠᠭᠠᠨ ᠤ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠪᠤᠷᠢᠯᠡᠯ ᠤᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠦᠢᠯᠡᠳᠪᠤᠷᠢᠯᠡᠯ ᠢᠶᠠᠨ ᠰᠡᠷᠭᠦᠭᠡᠬᠦ ᠪᠠᠷ ᠲᠥᠯᠥᠪᠯᠡᠵᠦ ᠪᠠᠶᠢᠭ᠎ᠠ ᠠᠵᠤ ᠠᠬᠤᠶᠢᠯᠠᠯ ᠳᠤ ᠪᠣᠯ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ᠂ ᠲᠥᠷᠥᠯ ᠬᠤᠪᠢᠶᠠᠨ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠯᠡᠬᠦ ᠶᠢ ᠪᠠᠷᠢᠮᠲᠠᠯᠠᠨ᠂ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠢ ᠵᠢᠯᠣᠭᠤᠳᠤᠨ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ᠂ ᠬᠠᠮᠢᠶ᠎ᠠ ᠪᠦᠬᠦᠢ ᠳᠦᠷᠢᠮ ᠢ ᠪᠠᠶᠢᠭᠤᠯᠬᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠶᠢ ᠰᠠᠶᠢᠲᠤᠷ ᠬᠢᠵᠦ᠂ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ ᠪᠣᠯᠤᠨ ᠦᠢᠯᠡᠳᠬᠦᠨ ᠤ ᠲᠡᠭᠡᠭᠡᠪᠦᠷᠢ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠲᠠᠭᠠᠨ ᠪᠤᠴᠠᠬᠤ᠂ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠵᠡᠷᠭᠡ ᠲᠠᠯ᠎ᠠ ᠶᠢᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠦ᠂ ᠠᠵᠤ ᠠᠬᠤᠶᠢᠯᠠᠯ ᠤᠨ ᠠᠮᠤᠷ ᠲᠦᠪᠰᠢᠨ ᠢᠶᠠᠷ ᠠᠵᠢᠯ ᠢᠶᠠᠨ ᠰᠡᠷᠭᠦᠭᠡᠬᠦ᠂ ᠥᠨᠳᠥᠷ ᠦᠷ᠎ᠡ ᠪᠦᠲᠦᠮᠵᠢᠲᠡᠶ ᠪᠠᠷ ᠦᠢᠯᠡᠳᠪᠤᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃                                             ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2