ᠬᠤᠸᠠᠳᠧ ᠵᠠᠰᠠᠭ ᠠᠯᠪᠠᠨ ᠲᠠᠷᠬᠠᠭᠠᠭᠰᠠᠨ ︹ 2020 ︺20 ᠳ᠋ᠤᠭᠠᠷ ᠲᠣᠭᠠᠲᠤ | | ︽ ᠬᠤᠸᠠᠳᠧ ᠰᠢᠶᠠᠨ ᠤ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ | ᠭᠤᠤᠯᠳᠠᠯᠭ᠎ᠠ ᠲᠠᠢ ᠬᠦᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ᠄ | ᠰᠤᠳᠤᠯᠭᠠᠨ ᠢᠶᠠᠷ ᠳᠠᠮᠵᠢᠨ᠂ ᠡᠳᠦᠭᠡ ︽ᠬᠤᠸᠠᠳᠧ ᠰᠢᠶᠠᠨ ᠤ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ | ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ | ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠢᠷᠤᠮᠯᠠᠨ | ᠬᠡᠷᠡᠭᠵᠢᠭᠦᠯᠦᠭᠡᠷᠡᠢ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 4 ᠰᠠᠷ᠎ᠠ ᠶᠢᠨ 26 ᠤ ᠡᠳᠦᠷ | ᠬᠤᠸᠠᠳᠧ ᠰᠢᠶᠠᠨ ᠤ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ | ᠬᠦᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ | ᠪᠦᠬᠦ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ | ᠲᠦᠯᠦᠭᠡ᠂ ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ | ᠬᠦᠴᠢᠷᠳᠡᠯ ᠠᠴᠠ ᠠᠩᠭᠢᠵᠢᠷᠠᠭᠤᠯᠬᠤ ᠶᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠤᠬᠠᠶ ᠲᠥᠪ ᠤᠨ | ᠰᠢᠢᠳᠪᠤᠷᠢᠲᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠤᠲᠠ | ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 47 | ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ︽ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ | ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠬᠡᠷᠡᠭᠵᠢᠭᠦᠯᠬᠦ ᠲᠥᠰᠦᠯ︾ ︵ᠥᠪᠥᠷ ᠪᠠᠶᠢᠭᠤᠯᠤᠯᠲᠠ ᠪᠠᠲᠤᠯᠠᠭ᠎ᠠ ﹇2019﹈ 160 ᠳ᠋ᠤᠭᠠᠷ ᠲᠣᠭᠠᠲᠤ︶ ᠪᠣᠯᠤᠨ | ᠤᠯᠠᠭᠠᠨᠴᠠᠪ ᠬᠤᠲᠠ ᠶᠢᠨ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠬᠤᠲᠠ | ᠪᠠᠯᠭᠠᠰᠤ ᠶᠢᠨ ᠣᠷᠣᠨ ᠰᠠᠭᠤᠴᠠ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ | ᠪᠠᠲᠤᠯᠠᠭ᠎ᠠ ᠶᠢᠨ ᠠᠵᠢᠯ ᠤᠨ ᠲᠥᠰᠦᠯ︾ ︵ᠤᠯᠠᠭᠠᠨᠴᠠᠪ ᠪᠠᠶᠢᠭᠤᠯᠤᠯᠲᠠ ᠰᠠᠭᠤᠴᠠ ᠦᠰᠦᠭ ﹇2019﹈ 16 | ᠳ᠋ᠤᠭᠠᠷ ᠲᠣᠭᠠᠲᠤ︶ ᠮᠠᠲ᠋ᠧᠷᠢᠶᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠤᠲᠠ ᠪᠠᠯᠭᠠᠰᠤᠨ ᠤ ᠬᠦᠴᠢᠷᠳᠡᠯ ᠲᠠᠢ | ᠠᠵᠢᠯᠲᠠᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨ ᠦᠨᠳᠦᠰᠦᠨ ᠣᠷᠤᠨ ᠰᠠᠭᠤᠴᠠ ᠶᠢᠨ ᠠᠰᠠᠭᠤᠳᠠᠯ ᠢ | ᠦᠨᠡᠨᠬᠦ ᠰᠢᠢᠳᠪᠤᠷᠢᠯᠡᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠤᠰ | ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ | ᠬᠤᠷᠠᠯ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ | ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ ᠣᠨᠤᠪᠴᠢᠲᠠᠢ ᠪᠠᠲᠤᠯᠠᠵᠤ᠂ ᠬᠤᠲᠠ ᠪᠠᠯᠭᠠᠰᠤ ᠶᠢᠨ | ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠪᠠᠲᠤᠯᠠᠬᠤ ᠡᠲᠡᠭᠡᠳ | ᠬᠤᠲᠠ ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ | ᠪᠣᠳᠠᠲᠠᠶ ᠡᠲᠡᠭᠡᠳ ᠲᠤ ᠮᠠᠨ ᠤ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠵᠥᠪᠰᠢᠶᠡᠷᠡᠨ ᠣᠷᠣᠭᠤᠯᠬᠤ | ᠨᠥᠬᠦᠴᠡᠯ ᠳᠤ ᠨᠡᠶᠢᠴᠡᠭᠰᠡᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠬᠤᠲᠠ ᠪᠠᠯᠭᠠᠰᠤᠨ ᠤ | ᠬᠦᠴᠢᠷᠳᠡᠯᠲᠡᠶ ᠠᠵᠢᠯᠲᠠᠨ ᠠᠵᠢᠯᠴᠢᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ᠂ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠭᠰᠡᠨ ᠠᠰᠠᠷᠠᠨ ᠬᠠᠷᠠᠭᠠᠯᠵᠠᠬᠤ | ᠡᠲᠡᠭᠡᠳ᠂ ᠥᠨᠥᠴᠢᠨ ᠨᠠᠰᠤᠲᠠᠶ ᠡᠪᠡᠳᠴᠢᠨ ᠲᠠᠢ ᠵᠡᠮᠳᠡᠭ ᠬᠥᠮᠦᠰ᠂ ᠰᠢᠷᠬᠠᠲᠤᠵᠤ ᠡᠪᠡᠳᠴᠢᠯᠡᠵᠦ ᠵᠡᠮᠳᠡᠭ | ᠪᠣᠯᠤᠭᠰᠠᠨ ᠴᠡᠷᠢᠭ ᠠᠴᠠ ᠬᠠᠯᠠᠭᠳᠠᠭᠰᠠᠳ᠂ ᠣᠷᠣᠨ ᠰᠠᠭᠤᠴᠠ ᠶᠢᠨ ᠠᠪᠤᠷᠠᠨ ᠲᠤᠰᠠᠯᠠᠬᠤ ᠡᠲᠡᠭᠡᠳ᠂ | ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ᠂ ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ | ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ᠂ ᠵᠠᠯᠠᠭᠤ ᠡᠮᠴᠢ ︵ᠪᠦᠬᠦᠯᠢ 44 ᠨᠠᠰᠤᠨ ᠠᠴᠠ | ᠳᠣᠷᠣᠭᠰᠢ︶᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ᠂ ᠨᠡᠶᠢᠲᠡ ᠶᠢᠨ ᠵᠠᠮ ᠬᠠᠷᠢᠯᠴᠠᠭᠠᠨ ᠤ | ᠵᠢᠯᠤᠤᠭᠤᠴᠢ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠡᠷ ᠪᠦᠯᠢ᠂ ᠭᠠᠪᠢᠶ᠎ᠠ ᠵᠢᠳᠬᠦᠯ ᠲᠠᠢ ᠢᠷᠠᠭᠤ | ᠠᠯᠳᠠᠷ ᠤᠨ ᠬᠥᠬᠢᠭᠦᠯᠦᠯ ᠱᠠᠩᠨᠠᠯ ᠬᠦᠷᠲᠡᠭᠰᠡᠳ᠂ ᠬᠤᠲᠠ ᠣᠷᠤᠵᠤ ᠬᠦᠳᠡᠯᠮᠤᠷᠢ ᠬᠦᠴᠦ ᠶᠠᠪᠤᠵᠤ ᠪᠠᠶᠢᠭ᠎ᠠ | ᠺᠠᠷᠲᠯᠠᠨ ᠳᠠᠩᠰᠠᠯᠠᠭᠰᠠᠨ ᠬᠦᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠵᠢᠴᠢ ᠪᠤᠰᠤᠳ ᠨᠦᠭᠦᠴᠡᠯ ᠳᠤ | ᠲᠣᠬᠢᠷᠠᠬᠤ ᠣᠷᠤᠨ ᠰᠠᠭᠤᠴᠠ ᠶᠢᠨ ᠬᠦᠴᠢᠷᠳᠡᠯ ᠲᠠᠢ ᠬᠦᠮᠦᠰ᠃ ᠡᠭᠦᠨ ᠳᠤ᠂ ᠪᠠᠲᠤᠯᠠᠭ᠎ᠠ ᠶᠢᠨ ᠵᠦᠪᠰᠢᠶᠡᠷᠡᠯ ᠤᠨ | ᠨᠦᠭᠦᠴᠡᠯ ᠳᠤ ᠲᠣᠬᠢᠷᠠᠭᠰᠠᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ᠂ ᠤᠯᠤᠰ ᠤᠨ | ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠭᠰᠡᠨ ᠠᠰᠠᠷᠠᠨ ᠬᠠᠷᠠᠭᠠᠯᠵᠠᠬᠤ ᠡᠲᠡᠭᠡᠳ᠂ | ᠥᠨᠥᠴᠢᠨ ᠨᠠᠰᠤᠲᠠᠶ ᠡᠪᠡᠳᠴᠢᠨ ᠲᠠᠢ ᠵᠡᠮᠳᠡᠭ ᠬᠥᠮᠦᠰ᠂ ᠰᠢᠷᠬᠠᠲᠤᠵᠤ ᠡᠪᠡᠳᠴᠢᠯᠡᠵᠦ ᠵᠡᠮᠳᠡᠭ ᠪᠣᠯᠤᠭᠰᠠᠨ | ᠴᠡᠷᠢᠭ ᠠᠴᠠ ᠬᠠᠯᠠᠭᠳᠠᠭᠰᠠᠳ᠂ ᠣᠷᠣᠨ ᠰᠠᠭᠤᠴᠠ ᠶᠢᠨ ᠠᠪᠤᠷᠠᠨ ᠲᠤᠰᠠᠯᠠᠬᠤ ᠡᠲᠡᠭᠡᠳ᠂ ᠲᠥᠯᠥᠪᠯᠡᠭᠡᠲᠦ | ᠦᠷᠡᠵᠢᠯ ᠤᠨ ᠣᠨᠴᠠᠭᠠᠶ ᠬᠡᠷ ᠪᠦᠯᠢ᠂ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠭᠥᠷᠳᠡᠭᠰᠡᠳ ᠢ | ᠬᠥᠬᠢᠭᠦᠯᠦᠨ ᠱᠠᠩᠨᠠᠬᠤ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠲᠠᠩᠰᠠ ᠡᠪᠬᠡᠮᠡᠯ ᠪᠠᠶᠢᠭᠤᠯᠤᠨ ᠺᠠᠷᠲ | ᠵᠣᠬᠢᠶᠠᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠳᠠᠯᠢ ᠨᠥᠬᠦᠴᠡᠯ ᠤᠨ ᠳᠣᠤᠷ᠎ᠠ | ᠤᠷᠢᠳᠠᠪᠠᠷ ᠪᠠᠲᠤᠯᠠᠭ᠎ᠠ ᠬᠠᠩᠭᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠠᠵᠢᠯᠴᠢᠨ ᠤ ᠡᠪᠯᠡᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠂ ᠴᠡᠷᠢᠭ ᠠᠴᠠ ᠬᠠᠯᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠦᠪᠯᠡᠯ᠂ ᠶᠠᠳᠠᠭᠤ ᠶᠢ | ᠲᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠡ᠂ | ᠳᠣᠲᠣᠭᠠᠳᠤ ᠶᠢ ᠬᠠᠮᠠᠭᠠᠯᠠᠬᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠢᠳᠡᠪᠬᠢᠲᠡᠶ ᠪᠠᠷ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠭᠤᠤᠯᠳᠠᠯᠭ᠎ᠠ ᠲᠠᠢ ᠬᠦᠮᠦᠰ ᠤᠨ ᠲᠤᠭ᠎ᠠ ᠬᠡᠮᠵᠢᠶ᠎ᠡ ᠪᠣᠯᠤᠨ | ᠪᠠᠲᠤᠯᠠᠭ᠎ᠠ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠢᠯ ᠤᠨ ᠡᠬᠡ ᠳᠠᠩᠰᠠ ᠪᠠᠶᠢᠭᠤᠯᠤᠨ᠎ᠠ᠃ ᠬᠤᠲᠠ | ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠵᠡᠷᠭᠡ ᠭᠤᠣᠯᠳᠠᠯᠭ᠎ᠠ ᠲᠠᠢ ᠬᠦᠮᠦᠰ ᠳᠦᠷᠢᠶᠡᠰᠦᠯᠡᠬᠦ | ᠨᠥᠬᠦᠪᠥᠷᠢ ᠭᠤᠶᠤᠴᠢᠯᠠᠬᠤ ᠦᠶᠡᠰ᠂ ᠬᠤᠪᠢ ᠬᠥᠮᠦᠨ ᠭᠤᠶᠤᠴᠢᠯᠠᠯ ᠭᠠᠷᠭᠠᠵᠤ ᠪᠣᠯᠤᠨ᠎ᠠ᠂ ᠪᠠᠰᠠ ᠠᠵᠢᠯᠴᠢᠨ | ᠬᠡᠷᠡᠭᠯᠡᠬᠦ ᠨᠢᠭᠡᠴᠡ ᠪᠠᠷ ᠳᠠᠮᠵᠢᠨ ᠨᠢᠭᠡᠳᠦᠯᠲᠡᠢ ᠭᠤᠶᠤᠴᠢᠯᠠᠯ ᠭᠠᠷᠭᠠᠵᠤ ᠪᠣᠯᠤᠨ᠎ᠠ᠂ ᠨᠥᠬᠦᠴᠡᠯ ᠳᠤ ᠨᠡᠶᠢᠴᠡᠬᠦ ᠬᠤᠲᠠ | ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠢ ᠪᠦᠬᠦᠨ ᠢ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ | ᠪᠡᠶᠡᠯᠡᠭᠦᠯᠦᠨ᠎ᠡ᠃ | ᠭᠤᠷᠪᠠ᠂ ᠪᠠᠲᠤᠯᠠᠬᠤ ᠨᠥᠬᠦᠴᠡᠯ | 1᠂ ᠭᠤᠶᠤᠴᠢᠯᠠᠭᠴᠢ ᠨᠢ ᠡᠷᠬᠡᠪᠰᠢ ᠪᠦᠬᠦᠯᠢ 18 ᠨᠠᠰᠤ ᠬᠦᠷᠦᠭᠰᠡᠨ ᠪᠠᠶᠢᠬᠤ ᠬᠡᠷᠡᠭᠲᠡᠶ ᠪᠥᠭᠡᠳ ᠮᠠᠨ ᠤ | ᠰᠢᠶᠠᠨ ᠤ ᠬᠤᠲᠠ ᠪᠠᠯᠭᠠᠰᠤᠨ ᠳᠤ ᠤᠷᠳᠤ ᠬᠤᠭᠤᠴᠠᠭ᠎ᠠ ᠪᠠᠷ ᠰᠠᠭᠤᠷᠢᠰᠢᠨ ᠠᠮᠢᠳᠤᠷᠠᠭᠰᠠᠨ ᠪᠠᠶᠢᠬᠤ ᠬᠡᠷᠡᠭᠲᠡᠶ︔ | 2᠂ ᠮᠠᠨ ᠤ ᠰᠢᠶᠠᠨ ᠤ ᠳᠤᠮᠳᠠ ᠵᠡᠷᠭᠡ ᠠᠴᠠ ᠳᠣᠣᠷ᠎ᠠ ᠪᠤᠶᠤ ᠳᠣᠣᠷ᠎ᠠ ᠣᠷᠣᠯᠭ᠎ᠠ ᠲᠠᠢ ᠭᠡᠷ ᠪᠦᠯᠢ︔ | 3᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠭᠡᠷ ᠪᠠᠶᠢᠰᠢᠩ ᠤᠨ ᠥᠮᠴᠢᠯᠡᠬᠦ ᠡᠷᠬᠡ ᠪᠤᠶᠤ | ᠨᠤᠷᠠᠬᠤ ᠠᠶᠤᠯᠲᠠᠢ ᠭᠡᠷ ᠪᠠᠶᠢᠰᠢᠩ ᠤᠨ ᠰᠢᠨᠵᠢ ᠴᠢᠨᠠᠷ ᠲᠠᠢ ᠭᠡᠷ ᠪᠠᠶᠢᠰᠢᠩ ᠳᠤ ᠰᠠᠭᠤᠵᠤ ᠪᠠᠶᠢᠬᠤ︔ | 4᠂ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠨᠢ ᠮᠠᠰᠢᠨ ᠲᠡᠷᠭᠡ ᠦᠭᠡᠢ ᠪᠠᠶᠢᠬᠤ︔ | 5᠂ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠨᠢ ᠬᠤᠲᠠ ᠪᠠᠯᠭᠠᠰᠤᠨ ᠤ ᠬᠦᠴᠢᠷᠳᠡᠯᠲᠡᠶ | ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ︔ | 6᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠨᠡᠶᠢᠲᠡ ᠶᠢᠨ ᠲᠦᠷᠢᠶᠡᠰᠦᠨ ᠣᠷᠤᠨ | ᠰᠠᠭᠤᠴᠠ ᠶᠢᠨ ᠪᠤᠳᠠᠰ ᠤᠨ ᠬᠤᠪᠢᠶᠠᠷᠢᠯᠠᠯᠲᠠ ᠶᠢ ᠬᠦᠷᠲᠡᠵᠦ ᠥᠩᠭᠡᠷᠡᠭᠰᠡᠨ ᠦᠭᠡᠢ | ᠵᠢᠴᠢᠨᠡᠶᠢᠲᠡ ᠵᠢᠨᠲ᠋ᠦ᠋ᠷᠢᠶᠡᠰᠦᠨᠣᠷᠣᠨ ᠰᠠᠭᠤᠴᠠ ᠶᠢᠨ ᠬᠤᠪᠢᠶᠠᠷᠢᠯᠡᠯ ᠵᠢᠴᠢ ᠳᠦᠭᠦᠮ ᠪᠦᠲᠦᠴᠡᠲᠤ ᠭᠡᠷ | ᠪᠠᠶᠢᠰᠢᠩ ᠤᠨ ᠥᠭᠡᠷᠡᠴᠢᠯᠡᠯᠲᠡ ᠶᠢᠨ ᠨᠥᠬᠦᠪᠥᠷᠢ ᠶᠢᠨ ᠲᠤᠬᠢᠨᠠᠭᠤᠯᠭᠠ ᠡᠳ᠋ᠯᠡᠭᠰᠡᠨ ᠦᠭᠡᠢ ᠂ ᠬᠤᠲᠠ ᠣᠷᠣᠵᠤ | ᠠᠵᠢᠯ ᠬᠥᠳᠡᠯᠮᠦᠷᠢ ᠬᠢᠵᠦ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠬᠥᠳᠡᠭᠡ ᠲᠣᠰᠬᠤᠨ ᠤ ᠶᠠᠳᠠᠭᠤ | ᠬᠦᠴᠢᠷᠳᠡᠯᠲᠡᠶ ᠬᠥᠮᠦᠨ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠭᠰᠡᠨ | ᠥᠬᠡᠶ︔ | 7. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠨᠡᠶᠢᠲᠡ ᠶᠢᠨ ᠲᠦᠷᠢᠶᠡᠰᠦᠨ ᠣᠷᠤᠨ ᠰᠠᠭᠤᠴᠠ | ᠳᠦᠷᠢᠶᠡᠰᠦᠯᠡᠬᠦ ᠨᠦᠬᠦᠪᠤᠷᠢ ᠭᠤᠶᠤᠴᠢᠯᠠᠬᠤ ᠳᠤ ᠳᠡᠭᠡᠷ᠎ᠡ ᠳᠤᠷᠠᠳᠤᠭᠰᠠᠨ 6 ᠵᠦᠢᠯ ᠤᠨ ᠪᠠᠲᠤᠯᠠᠭ᠎ᠠ ᠶᠢᠨ | ᠨᠥᠬᠦᠴᠡᠯ ᠢ ᠬᠠᠮᠲᠤ ᠳᠤᠨᠢ ᠬᠠᠩᠭᠠᠬᠤ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠠᠷᠭ᠎ᠠ ᠮᠠᠶ᠋ᠢᠭ | 1᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠤ ᠨᠥᠬᠦᠪᠥᠷᠢ ᠭᠡᠳᠡᠭ ᠨᠢ | ᠵᠠᠰᠠᠭ ᠤᠨ ᠣᠷᠳᠤᠨ ᠤ ᠣᠷᠣᠨ ᠰᠠᠭᠤᠴᠠ ᠶᠢᠨ ᠬᠦᠷᠢᠶ᠎ᠡ ᠬᠡᠪᠴᠢᠶᠡᠨ ᠳᠤ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ | ᠬᠡᠷᠡᠭᠵᠢᠭᠦᠯᠬᠦ ᠶᠢ ᠵᠢᠭᠠᠵᠤ ᠪᠤᠶ᠃ ᠭᠡᠷ ᠪᠠᠶᠢᠰᠢᠩ ᠦᠭᠡᠶ ︵ᠨᠤᠷᠠᠬᠤ ᠠᠶᠤᠯᠲᠠᠶ ᠭᠡᠷ ᠪᠠᠶᠢᠰᠢᠩ︶ ᠳᠤ ᠰᠠᠭᠤᠵᠤ | ᠪᠠᠶᠢᠭ᠎ᠠ ᠬᠦᠴᠢᠷᠳᠡᠯᠲᠡᠶ ᠬᠤᠲᠠ ᠪᠠᠯᠭᠠᠰᠤᠨ ᠤ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠲᠤ ᠭᠡᠷ | ᠲᠦᠷᠢᠶᠡᠰᠦᠯᠡᠬᠦ ᠲᠦᠷᠢᠶᠡᠰᠦᠨ ᠮᠥᠩᠭᠦ ᠶᠢᠨ ᠨᠥᠬᠦᠪᠥᠷᠢ ᠬᠠᠩᠬᠠᠬᠤ ᠳᠤ ᠮᠠᠨ ᠤ ᠰᠢᠶᠠᠨ ᠤ ᠨᠥᠬᠦᠪᠥᠷᠢ ᠶᠢ ᠵᠠᠬ᠎ᠠ | ᠳᠡᠯᠭᠡᠭᠦᠷ ᠤᠨ ᠳᠤᠮᠳᠠᠴᠢ ᠦᠨ᠎ᠡ ᠪᠣᠯᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢᠨ ᠪᠠᠷᠢᠮᠵᠢᠶ ᠠ ᠶᠢᠨ ᠵᠥᠷᠢᠶ᠎ᠡ ᠲᠤᠭ᠎ᠠ ᠪᠠᠷ ᠪᠣᠳᠣᠨ᠎ᠠ᠃ ᠡᠷᠦᠬᠡ ᠪᠦᠷᠢ 2.5 ᠬᠥᠮᠦᠨ᠂ ᠬᠥᠮᠦᠨ ᠪᠦᠷᠢ | 15 ᠺᠤᠸᠠᠳ᠋ᠮᠧᠲᠷ᠂ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ ᠲᠤ 3.6 ᠲᠥᠭᠦᠷᠢᠭ ᠢᠶᠠᠷ ᠨᠥᠬᠦᠪᠥᠷᠢ | ᠥᠭᠭᠦᠨ᠎ᠡ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢᠨ | ᠪᠠᠷᠢᠮᠵᠢᠶ᠎ᠠ ᠶᠢ ᠵᠠᠬ᠎ᠠ ᠳᠡᠯᠭᠡᠭᠦᠷ ᠤᠨ ᠲᠦᠷᠢᠶᠡᠰᠦᠨ ᠮᠥᠩᠭᠦ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠣᠳᠠᠲᠤ ᠪᠣᠳᠠᠰ ᠤᠨ ᠪᠠᠲᠤᠯᠠᠭ᠎ᠠ ᠶᠢᠨ ᠲᠦᠷᠢᠶᠡᠰᠦᠨ ᠮᠥᠩᠭᠦ ᠶᠢᠨ ᠲᠣᠬᠢᠷᠠᠭᠤᠯᠤᠯᠲᠠ ᠶᠢ ᠳᠠᠭᠠᠯᠳᠤᠨ | ᠵᠣᠬᠢᠴᠠᠩᠭᠤᠶ ᠲᠣᠬᠢᠷᠠᠭᠤᠯᠤᠯᠲᠠ ᠬᠢᠨ᠎ᠠ᠃ | 2᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ | ᠲᠡᠭᠦᠯᠳᠡᠷᠵᠢᠭᠦᠯᠵᠦ᠂ ᠬᠢᠨᠠᠨ ᠬᠠᠷᠭᠤᠭᠤᠯᠬᠤ ᠶᠠᠪᠤᠴᠠ ᠳᠤ᠂ ︽ᠭᠤᠷᠪᠠ ᠶᠢ ᠬᠢᠨᠠᠨ ᠪᠠᠶᠢᠴᠠᠭᠠᠵᠤ ᠭᠤᠷᠪᠠ ᠶᠢ ᠢᠯᠡ | ᠨᠡᠶᠢᠲᠡᠯᠡᠬᠦ︾ ᠢᠯᠡ ᠪᠠᠷ ᠠᠵᠢᠯᠯᠠᠬᠤ ᠶᠢ ᠢᠮᠠᠭᠲᠠ ᠪᠠᠷᠢᠮᠲᠠᠯᠠᠵᠤ᠂ ᠳᠡᠰ ᠳᠠᠷᠠᠭᠠᠯᠠᠯ ᠢ ᠢᠯᠡ ᠪᠣᠯᠭᠠᠬᠤ᠂ | ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠦᠨᠡᠨᠬᠦ ᠪᠠᠲᠤᠯᠠᠵᠤ᠂ ᠭᠤᠤᠯᠳᠠᠯᠭ᠎ᠠ ᠲᠠᠢ | ᠬᠦᠮᠦᠰ ᠤᠨ ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠬᠤ᠂ ᠬᠢᠨᠠᠬᠤ᠂ ᠣᠯᠭᠤᠬᠤ ᠵᠢᠴᠢ ᠡᠯ᠎ᠡ | ᠭᠤᠭᠴᠤᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠡᠭᠦᠯᠳᠡᠷᠵᠢᠭᠦᠯᠦᠨ᠎ᠡ᠃ | 3᠂ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ | ᠣᠷᠤᠨ ᠰᠠᠭᠤᠴᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ | ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠵᠦ᠂ | ᠭᠡᠷ ᠪᠦᠯᠢ ᠶᠢᠨ ᠡᠷᠦᠬᠡ ᠠᠮᠠ ᠶᠢᠨ ᠳᠠᠩᠰᠠ᠂ ᠣᠷᠣᠨ ᠰᠠᠭᠤᠴᠠ᠂ ᠡᠳ᠋ ᠬᠥᠷᠥᠩᠭᠡ ᠶᠢᠨ ᠪᠠᠶᠢᠳᠠᠯ᠂ ᠮᠡᠳᠡᠭᠦᠯᠬᠦ᠂ | ᠬᠢᠨᠠᠨ ᠬᠠᠷᠭᠤᠭᠤᠯᠬᠤ᠂ ᠭᠡᠷ᠎ᠡ ᠲᠣᠭᠲᠠᠬᠤ᠂ ᠨᠥᠬᠦᠪᠥᠷᠢ ᠣᠯᠭᠤᠬᠤ ᠵᠡᠷᠭᠡ ᠪᠦᠷᠢᠨ ᠪᠦᠲᠦᠨ ᠳᠠᠩᠰᠠ ᠡᠪᠬᠡᠮᠡᠯ ᠤᠨ | ᠮᠠᠲ᠋ᠧᠷᠢᠶᠡᠯ ᠢ ᠪᠠᠶᠢᠭᠤᠯᠵᠤ᠂ ︽ᠨᠢᠭᠡ ᠡᠷᠦᠬᠡ ᠳᠤ ᠨᠢᠭᠡ ᠳᠠᠩᠰᠠ ᠡᠪᠬᠡᠮᠡᠯ︾ ᠢ ᠪᠡᠶᠡᠯᠡᠭᠦᠯᠵᠦ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠪᠦᠷᠢᠨ ᠪᠦᠲᠦᠨ᠂ ᠲᠡᠭᠦᠯᠳᠡᠷᠵᠢᠭᠦᠯᠬᠦ ᠪᠠ ᠪᠦᠲᠦᠮᠵᠢᠲᠡᠶ | ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠠᠪᠤ᠂ ᠲᠤᠰᠢᠶᠠᠬᠤ ᠴᠢᠬᠤᠯᠠᠲᠠᠢ ᠭᠡᠷᠡᠴᠢ ᠮᠠᠲ᠋ᠧᠷᠢᠶᠠᠯ | 1. ᠭᠤᠶᠤᠴᠢᠯᠠᠯ ᠤᠨ ᠪᠢᠴᠢᠭ᠃ | 2᠂ ᠭᠤᠶᠤᠴᠢᠯᠠᠭᠴᠢ ︵ᠭᠡᠷ ᠪᠦᠯᠢ ᠶᠢᠨ ᠪᠦᠷᠢᠯᠳᠦᠬᠦᠨ ᠪᠤᠶᠤ ᠬᠠᠮᠲᠤ ᠭᠤᠶᠤᠴᠢᠯᠠᠭᠴᠢ ᠪᠠᠭᠲᠠᠨ᠎ᠠ︶ ᠶᠢᠨ | ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠃ | 3᠂ ᠡᠷᠦᠬᠡ ᠠᠮᠠ ᠶᠢᠨ ᠬᠠᠭᠤᠳᠠᠰᠤ ᠶᠢᠨ ᠪᠠᠭᠤᠯᠭᠠᠪᠤᠷᠢ ︵ᠭᠡᠷ ᠪᠦᠯᠢ ᠶᠢᠨ ᠪᠦᠷᠢᠯᠳᠦᠬᠦᠨ ᠪᠤᠶᠤ ᠬᠠᠮᠲᠤ | ᠭᠤᠶᠤᠴᠢᠯᠠᠭᠴᠢ ᠪᠠᠭᠲᠠᠨ᠎ᠠ︶᠃ | 4. ᠭᠤᠣᠯᠳᠠᠯᠭ᠎ᠠ ᠲᠠᠢ ᠬᠥᠮᠦᠰ ᠲᠤ ᠬᠠᠷᠢᠶᠠᠯᠠᠭᠳᠠᠬᠤ ᠭᠡᠷ ᠪᠦᠯᠢ ᠳᠤ ᠬᠠᠮᠢᠶ᠎ᠠ ᠪᠦᠬᠦᠢ ᠭᠡᠷᠡᠴᠢ | ᠮᠠᠲ᠋ᠧᠷᠢᠶᠠᠯ ᠤᠨ ᠬᠠᠭᠤᠯᠪᠤᠷᠢ ︵ᠵᠢᠱᠢᠶᠡᠯᠡᠪᠡᠯ᠄ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠦᠨᠡᠮᠯᠡᠯ᠂ | ᠤᠯᠤᠰ ᠤᠨ ᠬᠠᠷᠠᠭᠠᠯᠵᠠᠯ ᠬᠦᠷᠲᠡᠬᠦ ᠡᠲᠡᠭᠡᠳ ᠤᠨ ᠦᠨᠡᠮᠯᠡᠯ᠂ ᠵᠡᠮᠳᠡᠭ ᠬᠥᠮᠦᠨ ᠤ ᠦᠨᠡᠮᠯᠡᠯ ᠵᠡᠷᠭᠡ ᠬᠠᠮᠢᠶ᠎ᠠ ᠪᠦᠬᠦᠢ | ᠭᠡᠷᠡᠴᠢ ᠶᠢ ᠬᠠᠩᠭᠠᠬᠤ ᠬᠡᠷᠡᠭᠲᠡᠢ᠃ ᠡᠰᠡᠬᠦᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠠᠷᠭᠠᠭᠰᠠᠨ ᠬᠤᠲᠠ | ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠭᠡᠷᠡᠴᠢ︶᠃ | 5᠂ ᠣᠷᠤᠭ ᠤᠨ ᠦᠨᠡᠮᠯᠡᠯ ᠤᠨ ᠬᠠᠭᠤᠯᠪᠤᠷᠢ ︵ᠭᠤᠶᠤᠴᠢᠯᠠᠭᠴᠢ ᠨᠢᠭᠡᠨᠲᠡ ᠤᠷᠤᠭᠯᠠᠭᠰᠠᠨ ᠪᠠᠶᠢᠪᠠᠯ | ᠣᠷᠤᠭ ᠤᠨ ᠭᠡᠷᠡᠴᠢ ᠬᠠᠩᠭᠠᠨ᠎ᠠ︔ ᠭᠤᠶᠤᠴᠢᠯᠠᠭᠴᠢ ᠨᠢ ᠤᠷᠤᠭ ᠰᠠᠯᠬᠤ ᠳᠤ ᠬᠦᠷᠪᠡᠯ ᠡᠷᠬᠡᠪᠰᠢ ᠤᠷᠤᠭ | ᠰᠠᠯᠤᠭᠰᠠᠨ ᠭᠡᠷᠡᠴᠢ ᠪᠠ ᠤᠷᠤᠭ ᠰᠠᠯᠬᠤ ᠬᠡᠯᠡᠯᠴᠡᠭᠡᠷ ᠢ ᠬᠠᠩᠭᠠᠬᠤ ᠬᠡᠷᠡᠭᠲᠡᠶ︔ ᠭᠤᠶᠤᠴᠢᠯᠠᠭᠴᠢ ᠶᠢᠨ ᠬᠠᠨᠢ | ᠨᠥᠬᠦᠷ ᠨᠢ ᠨᠠᠰᠤ ᠪᠠᠷᠠᠭᠰᠠᠨ ᠪᠣᠯ ᠡᠷᠬᠡᠪᠰᠢ ᠦᠬᠦᠭᠰᠡᠨ ᠭᠡᠷᠡᠴᠢ ᠪᠤᠶᠤ ᠬᠤᠯᠪᠣᠭᠳᠠᠯ ᠪᠦᠬᠦᠢ ᠭᠡᠷᠡᠴᠢ ᠪᠢᠴᠢᠭ ᠢ | ᠬᠠᠩᠭᠠᠬᠤ ᠬᠡᠷᠡᠭᠲᠡᠢ᠃ | 6᠂ ᠣᠷᠤᠨ ᠰᠠᠭᠤᠴᠠ ᠶᠢᠨ ᠪᠠᠶᠢᠳᠠᠯ ᠢ ᠭᠡᠷᠡᠴᠢᠯᠡᠬᠦ ᠮᠠᠲ᠋ᠧᠷᠢᠶᠠᠯ ︵ᠰᠢᠶᠠᠨ ᠤ ᠥᠯᠥ ᠬᠥᠳᠡᠯᠬᠦ ᠬᠥᠷᠥᠩᠭᠡ ᠶᠢᠨ | ᠲᠥᠪ ᠠᠴᠠ ᠬᠡᠷ ᠪᠠᠶᠢᠰᠢᠩ ᠦᠭᠡᠢ ᠭᠡᠷᠡᠴᠢ ᠭᠠᠷᠭᠠᠵᠤ ᠥᠭᠬᠦ ᠪᠤᠶᠤ ᠭᠤᠶᠤᠴᠢᠯᠠᠭᠴᠢ ᠵᠢᠴᠢ ᠬᠡᠷ ᠪᠦᠯᠢ ᠶᠢᠨ | ᠪᠦᠷᠢᠯᠳᠦᠬᠦᠨ ᠠᠴᠠ ᠬᠦᠴᠦᠨ ᠪᠥᠬᠦᠶ ᠭᠡᠷᠡᠴᠢ ᠦᠨᠡᠮᠯᠡᠯ ᠪᠠ ᠰᠢᠶᠠᠨ ᠤ ᠬᠡᠷ ᠪᠠᠶᠢᠰᠢᠩ ᠤᠨ ᠰᠢᠯᠭᠠᠨ ᠲᠣᠭᠲᠠᠭᠠᠬᠤ | ᠰᠠᠯᠠᠭ᠎ᠠ ᠮᠥᠴᠢᠷ ᠠᠴᠠ ᠨᠤᠷᠠᠬᠤ ᠠᠶᠤᠯᠲᠠᠶ ᠬᠡᠷ ᠪᠠᠶᠢᠰᠢᠩ ᠤᠨ ᠰᠢᠯᠭᠠᠨ ᠲᠣᠭᠲᠠᠭᠠᠯᠲᠠ ᠶᠢᠨ ᠪᠢᠴᠢᠭ ᠭᠠᠷᠭᠠᠵᠤ | ᠥᠭᠭᠦᠨ᠎ᠡ︶ | 7. ᠭᠡᠷ ᠳᠦᠷᠢᠶᠡᠰᠦᠯᠡᠵᠦ ᠪᠠᠶᠢᠭ᠎ᠠ ᠭᠡᠷ ᠪᠦᠯᠢ ᠨᠢ ᠭᠡᠷ ᠲᠦᠷᠢᠶᠡᠰᠦᠯᠡᠬᠦ ᠬᠡᠯᠡᠯᠴᠡᠭᠡᠷ ᠵᠢᠴᠢ ᠭᠡᠷ ᠤᠨ ᠡᠵᠡᠨ ᠤ | ᠪᠡᠶ᠎ᠡ ᠶᠢᠨ ᠦᠨᠡᠮᠯᠡᠯ ᠤᠨ ᠮᠠᠲ᠋ᠧᠷᠢᠶᠠᠯ ᠤᠨ ᠬᠠᠭᠤᠯᠪᠤᠷᠢ ᠶᠢ ᠬᠢᠵᠦ ᠥᠭᠬᠦ ᠬᠡᠷᠡᠭᠲᠡᠶ᠃ | 8᠂ ᠣᠷᠣᠯᠭ᠎ᠠ ᠶᠢᠨ ᠭᠡᠷᠡᠴᠢ᠃ ᠨᠡᠶᠢᠭᠡᠮ ᠲᠣᠭᠤᠷᠢᠭ᠂ ᠰᠢᠶᠠᠩ ᠪᠠᠯᠭᠠᠰᠤ ᠪᠤᠶᠤ ᠠᠵᠢᠯᠴᠢᠨ ᠬᠡᠷᠡᠭᠯᠡᠬᠦ | ᠨᠢᠭᠡᠴᠡ ᠪᠠᠷ ᠬᠢᠨᠠᠨ ᠮᠠᠭᠠᠳᠯᠠᠭᠤᠯᠤᠭᠰᠠᠨ᠂ ᠮᠠᠭᠠᠳᠯᠠᠨ ᠲᠣᠭᠲᠠᠭᠠᠭᠰᠠᠨ ᠭᠡᠷᠡᠴᠢ︔ ᠭᠤᠶᠤᠴᠢᠯᠠᠭᠴᠢ ᠵᠢᠴᠢ ᠬᠠᠮᠲᠤ | ᠭᠤᠶᠤᠴᠢᠯᠠᠭᠴᠢ ᠨᠢ ᠨᠡᠶᠢᠭᠡᠮ ᠤᠨ ᠪᠠᠲᠤᠯᠠᠭ᠎ᠠ ᠬᠦᠷᠲᠡᠬᠦ ᠨᠠᠰᠤᠨ ᠳᠤ ᠬᠦᠷᠦᠭᠰᠡᠨ ︵ᠡᠮᠡᠭᠲᠡᠶ᠄ 50 ᠪᠦᠬᠦᠯᠢ ᠨᠠᠰᠤ᠂ | ᠡᠷᠡᠭᠲᠡᠶ᠄ 60 ᠪᠦᠬᠦᠯᠢ ᠨᠠᠰᠤ︶ ᠡᠭᠦᠨ ᠤ ᠬᠠᠮᠲᠤ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠭᠠᠷᠭᠠᠭᠰᠠᠨ ᠭᠡᠷᠡᠴᠢ ᠶᠢ ᠬᠠᠩᠭᠠᠬᠤ ᠬᠡᠷᠡᠭᠲᠡᠶ᠃ | 9. ᠲᠠᠷᠢᠶᠠᠯᠠᠬᠤ ᠡᠷᠦᠬᠡ ᠶᠢᠨ ᠭᠡᠷ ᠪᠦᠯᠢ ᠲᠣᠰᠬᠤᠨ ᠤ ᠠᠷᠠᠳ ᠤᠨ ᠵᠥᠪᠯᠡᠯ ᠠᠴᠠ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠦᠯᠦ ᠬᠦᠷᠲᠡᠭᠰᠡᠨ ᠵᠢᠴᠢ ᠬᠥᠳᠡᠭᠡ ᠲᠣᠰᠬᠤᠨ ᠤ ᠬᠤᠲᠠ | ᠣᠷᠣᠵᠤ ᠠᠵᠢᠯ ᠣᠯᠤᠭᠰᠠᠨ ᠬᠥᠮᠦᠰ ᠠᠴᠠ ᠠᠵᠢᠯᠴᠢᠨ ᠬᠡᠷᠡᠭᠯᠡᠬᠦ ᠨᠢᠭᠡᠴᠡ ᠯᠦᠭᠡ ᠲᠣᠭᠲᠠᠭᠰᠠᠨ ᠬᠥᠳᠡᠯᠮᠦᠷᠢ ᠶᠢᠨ | ᠭᠡᠷ᠎ᠡ ᠶᠢ ᠬᠠᠩᠭᠠᠬᠤ ᠬᠡᠷᠡᠭᠲᠡᠶ᠃ ᠬᠤᠲᠠ ᠣᠷᠣᠵᠤ ᠠᠳᠠᠯ ᠦᠢᠯᠡᠰ ᠴᠣᠭᠴᠠᠯᠠᠭᠰᠠᠳ ᠲᠣᠰ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠡᠵᠡᠩᠨᠡᠯᠲᠡ ᠶᠢᠨ | ᠦᠨᠡᠮᠯᠡᠯ ᠢ ᠬᠠᠩᠭᠠᠬᠤ ᠬᠡᠷᠡᠭᠲᠡᠶ᠃ | 10. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠤᠶᠤᠴᠢᠯᠠᠭᠴᠢ ᠵᠢᠴᠢ ᠭᠡᠷ | ᠪᠦᠯᠢ ᠶᠢᠨ ᠪᠦᠷᠢᠯᠳᠦᠬᠦᠨ ᠨᠢ ᠲᠡᠷᠭᠡ ᠬᠥᠰᠬᠡ ᠦᠭᠡᠢ ᠶᠢᠨ ᠭᠡᠷᠡᠴᠢ ᠬᠢᠵᠦ ᠥᠭᠬᠦ ᠬᠡᠷᠡᠭᠲᠡᠢ᠃ | ᠵᠢᠷᠭᠤᠭ᠎ᠠ᠂ ᠬᠢᠨᠠᠨ ᠵᠥᠪᠰᠢᠶᠡᠷᠡᠬᠦ ᠶᠠᠪᠤᠴᠠ | 1᠂ ᠭᠤᠶᠤᠴᠢᠯᠠᠭᠴᠢ ᠭᠤᠶᠤᠴᠢᠯᠠᠯ ᠤᠨ ᠪᠢᠴᠢᠭ᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠭᠡᠷ | ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠤᠷᠤᠭ ᠤᠨ ︵ | ᠤᠷᠤᠭ ᠰᠠᠯᠬᠤ︶ ᠦᠨᠡᠮᠯᠡᠯ ᠤᠨ ᠬᠠᠭᠤᠯᠪᠤᠷᠢ ᠵᠢᠴᠢ ᠭᠤᠶᠤᠴᠢᠯᠠᠭᠴᠢ ︵ᠭᠡᠷ ᠪᠦᠯᠢ︶ ᠶᠢᠨ 1 ᠢᠮᠠᠬᠤ ᠶᠢᠨ ᠭᠡᠷᠡᠯ | ᠵᠢᠷᠤᠭ ︵ᠬᠥᠬᠡ ᠳᠡᠪᠢᠰᠬᠡᠷ ᠲᠠᠢ︶ ᠢᠶᠠᠨ ᠠᠪᠴᠤ ᠣᠳᠣ ᠰᠠᠭᠤᠭ᠎ᠠ ᠨᠡᠶᠢᠭᠡᠮ ᠲᠣᠭᠤᠷᠢᠭ ᠤᠨ ᠠᠩᠬᠠᠨ ᠤ ᠬᠢᠨᠠᠯᠲᠠ | ᠬᠢᠵᠦ ᠳᠠᠩᠰᠠ ᠡᠪᠬᠡᠮᠡᠯ ᠪᠠᠶᠢᠭᠤᠯᠤᠨ᠎ᠠ᠃ ᠨᠡᠶᠢᠭᠡᠮ ᠲᠣᠭᠤᠷᠢᠭ ᠠᠴᠠ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠶᠢ | ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠬᠠᠷᠢᠶ᠎ᠠ ᠨᠡᠶᠢᠭᠡᠮ ᠲᠣᠭᠤᠷᠢᠭ ᠢᠯᠡ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠦᠭᠡᠢ ᠪᠤᠶᠤ ᠪᠠᠶᠢᠴᠠᠭᠠᠵᠤ | ᠬᠢᠨᠠᠨ ᠬᠠᠷᠭᠤᠭᠤᠯᠤᠭᠠᠳ ᠪᠠᠶᠢᠳᠠᠯ ᠨᠢ ᠦᠨᠡᠨ ᠪᠢᠰᠢ ᠪᠣᠯ ᠴᠠᠩ ᠱᠦᠨ ᠪᠠᠯᠭᠠᠰᠤᠨ ᠳᠤ ᠮᠡᠳᠡᠭᠦᠯᠵᠦ ᠳᠠᠬᠢᠨ | ᠬᠢᠨᠠᠭᠤᠯᠤᠨ᠎ᠠ᠃ ᠣᠨᠳᠣᠤ ᠰᠠᠨᠠᠯ ᠥᠬᠡᠶ ᠬᠡᠷ ᠪᠦᠯᠢ ᠶᠢ ᠰᠢᠶᠠᠨ ᠤ ᠴᠠᠩ ᠱᠦᠨ ᠪᠠᠯᠭᠠᠰᠤᠨ ᠳᠤ ᠬᠤᠶᠠᠳᠤᠭᠠᠷ | ᠳᠡᠰ ᠤᠨ ᠳᠠᠬᠢᠨ ᠬᠠᠷᠭᠤᠭᠤᠯᠬᠤ ᠶᠢᠨ ᠬᠠᠮᠲᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ 7 | ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | 2᠂ ᠬᠠᠷᠢᠶ᠎ᠠ ᠨᠡᠶᠢᠭᠡᠮ ᠲᠣᠭᠤᠷᠢᠭ ᠤᠨ ᠨᠢᠭᠡᠳᠦᠭᠡᠷ ᠳᠡᠰ ᠤᠨ ᠠᠩᠬᠠᠨ ᠤ ᠬᠢᠨᠠᠯᠲᠠ᠂ ᠴᠠᠩ ᠱᠦᠨ ᠪᠠᠯᠭᠠᠰᠤ | ᠴᠠᠭ ᠲᠤᠬᠠᠢ ᠳᠤᠨᠢ ᠳᠠᠬᠢᠨ ᠬᠢᠨᠠᠯᠲᠠ ᠬᠢᠬᠦ ᠪᠠᠷ ᠳᠠᠮᠵᠢᠨ ᠳᠠᠬᠢᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠡᠴᠦᠰ ᠤᠨ ᠬᠢᠨᠠᠨ ᠵᠦᠪᠰᠢᠶᠡᠷᠡᠯ ᠬᠢᠵᠦ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠢᠯᠡ ᠨᠡᠶᠢᠲᠡᠯᠡᠨ᠎ᠡ᠃ | 3᠂ ᠭᠤᠶᠤᠴᠢᠯᠠᠭᠴᠢ ᠣᠷᠣᠨ ᠰᠠᠭᠤᠴᠠ ᠶᠢᠨ ᠬᠦᠴᠢᠷᠳᠡᠯ᠂ ᠠᠵᠤ ᠠᠬᠤᠢ ᠶᠢᠨ ᠬᠦᠴᠢᠷᠳᠡᠯ ᠤᠨ ᠬᠡᠮᠵᠢᠶ᠎ᠡ ᠪᠠ | ᠳᠠᠩᠰᠠᠯᠠᠭᠤᠯᠬᠤ ᠳᠡᠰ ᠳᠠᠷᠠᠭᠠᠯᠠᠯ ᠢᠶᠠᠷ ᠪᠦᠬᠦ ᠲᠠᠯ᠎ᠠ ᠪᠠᠷ ᠲᠡᠩᠴᠡᠭᠰᠡᠨ ᠤ ᠳᠠᠷᠠᠭ᠎ᠠ᠂ ᠡᠭᠡᠯᠵᠢᠯᠡᠨ ᠨᠥᠬᠦᠪᠥᠷᠢ | ᠥᠭᠬᠦ ᠶᠢ ᠬᠡᠷᠡᠭᠵᠢᠭᠦᠯᠦᠨ᠎ᠡ᠃ | ᠳᠣᠯᠤᠭ᠎ᠠ᠂ ᠭᠤᠶᠤᠴᠢᠯᠠᠬᠤ ᠬᠢᠷᠢ ᠬᠡᠮ ᠢ ᠬᠦᠴᠦᠨ ᠥᠬᠡᠶ ᠪᠣᠯᠭᠠᠨ᠎ᠠ | ᠣᠯᠠᠨ ᠨᠡᠶᠢᠲᠡ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠭᠰᠠᠨ ᠭᠡᠷ | ᠪᠦᠯᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠤᠶᠤᠴᠢᠯᠠᠭᠴᠢ ᠶᠢᠨ ᠨᠥᠬᠦᠪᠥᠷᠢ ᠠᠪᠬᠤ | ᠬᠢᠷᠢ ᠬᠡᠮ ᠢ ᠬᠦᠴᠦᠨ ᠦᠭᠡᠢ ᠪᠣᠯᠭᠠᠵᠤ᠂ ᠲᠦᠷᠢᠶᠡᠰᠦᠨ ᠨᠥᠬᠦᠪᠥᠷᠢ ᠣᠯᠭᠤᠬᠤ ᠶᠢ ᠵᠣᠭᠰᠣᠭᠠᠭᠰᠠᠨ ᠰᠠᠭᠤᠷᠢᠨ | ᠳᠡᠭᠡᠷ᠎ᠡ᠂ ᠨᠢᠭᠡᠨᠲᠡ ᠠᠪᠤᠭᠰᠠᠨ ᠲᠦᠷᠢᠶᠡᠰᠦᠨ ᠤ ᠨᠥᠬᠦᠪᠥᠷᠢ ᠶᠢ ᠬᠤᠭᠤᠴᠠᠭ᠎ᠠ ᠬᠢᠵᠠᠭᠠᠷᠯᠠᠨ ᠪᠤᠴᠠᠭᠠᠯᠭᠠᠬᠤ ᠪᠠᠷ | ᠵᠠᠷᠯᠢᠭᠳᠠᠨ᠎ᠠ᠃ | 1 ᠂ ᠭᠤᠶᠤᠴᠢᠯᠠᠭᠴᠢ ᠣᠷᠣᠨ ᠰᠠᠭᠤᠴᠠ ᠶᠢᠨ ᠪᠠᠶᠢᠳᠠᠯ ᠢᠶᠠᠨ ᠦᠨᠡᠨ ᠮᠥᠨ ᠢᠶᠠᠷ ᠮᠡᠳᠡᠭᠦᠯᠦᠭᠰᠡᠨ ᠦᠭᠡᠢ︔ | 2᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠣᠷᠣᠯᠭ᠎ᠠ ᠶᠢᠨ ᠪᠠᠶᠢᠳᠠᠯ ᠨᠢ ᠮᠠᠨ ᠤ ᠰᠢᠶᠠᠨ ᠤ | ᠳᠤᠮᠳᠠ ᠳᠣᠤᠷ᠎ᠠ ᠣᠷᠣᠯᠭ᠎ᠠ ᠲᠠᠢ ᠪᠠᠷᠢᠮᠵᠢᠶ᠎ᠠ ᠠᠴᠠ ᠥᠨᠳᠥᠷ ᠪᠠᠶᠢᠬᠤ︔ | 3᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠬᠤᠪᠢ ᠶᠢᠨ ᠮᠠᠰᠢᠨ ᠲᠡᠷᠭᠡ ᠬᠤᠳᠠᠯᠳᠤᠨ ᠠᠪᠴᠤ | ᠲᠡᠷᠭᠡ ᠬᠥᠰᠬᠡ ᠶᠢᠨ ᠬᠡᠷᠡᠭᠴᠡᠭᠡ ᠨᠢ ᠡᠵᠡᠩᠨᠡᠯᠲᠡ ᠳᠤ ᠬᠠᠷᠢᠶᠠᠯᠠᠭᠳᠠᠬᠤ ᠦᠭᠡᠢ︔ | 4᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠬᠤᠲᠠ ᠪᠠᠯᠭᠠᠰᠤᠨ ᠤ ᠬᠦᠴᠢᠷᠳᠡᠯ ᠲᠠᠢ | ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠬᠠᠷᠠᠭᠠᠯᠵᠠᠯ ᠠᠴᠠ ᠭᠠᠷᠤᠭᠰᠠᠨ︔ | 5᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠥᠭᠡᠷᠡᠴᠢᠯᠡᠨ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠶᠢ ᠬᠦᠷᠲᠡᠵᠦ ᠪᠠᠶᠢᠭ᠎ᠠ ᠵᠢᠴᠢ ᠣᠨᠳᠣᠤ | ᠭᠠᠵᠠᠷ ᠨᠡᠭᠦᠯᠭᠡᠭᠰᠡᠨᠲ᠋ᠠᠷᠢᠶᠠᠴᠢᠨ ᠮᠠᠯᠴᠢᠳ ᠤᠨ ᠭᠡᠷ ᠪᠦᠯᠢ᠃ | ᠨᠠᠢᠮᠠ᠂ ᠨᠥᠬᠦᠪᠥᠷᠢ ᠥᠭᠬᠦ ᠬᠢᠷᠢ ᠬᠡᠮ ᠢ ᠬᠦᠴᠦᠨ ᠦᠭᠡᠢ ᠪᠣᠯᠭᠠᠬᠤ | ᠭᠡᠷ ᠪᠦᠯᠢ ᠶᠢᠨ ᠣᠷᠣᠨ ᠰᠠᠭᠤᠴᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠨᠢ᠂ | ᠪᠠᠲᠤᠯᠠᠭ᠎ᠠ ᠶᠢᠨ ᠨᠥᠬᠦᠴᠡᠯ ᠲᠠᠢ ᠬᠠᠷᠰᠢᠯᠳᠤᠬᠤ ᠪᠠᠶᠢᠳᠠᠯ ᠤᠨ ᠨᠢᠭᠡ ᠨᠢ ᠢᠯᠡᠷᠡᠭᠰᠡᠨ ᠪᠣᠯ ᠬᠢᠨᠠᠨ ᠬᠠᠷᠭᠤᠭᠤᠯᠤᠭᠰᠠᠨ | ᠤ ᠳᠠᠷᠠᠭ᠎ᠠ᠂ ᠣᠯᠠᠨ ᠨᠡᠶᠢᠲᠡ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢ ᠬᠦᠴᠦᠨ ᠦᠭᠡᠢ | ᠪᠣᠯᠭᠠᠨ᠎ᠠ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ᠂ ᠳᠡᠭᠡᠳᠤ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤ᠂ ᠡᠯ᠎ᠡ | ᠬᠤᠯᠪᠣᠭᠳᠠᠯ ᠪᠦᠬᠦᠢ ᠨᠢᠭᠡᠴᠡ ᠬᠤᠲᠠ ᠪᠠᠯᠭᠠᠰᠤᠨ ᠤ ᠬᠦᠴᠢᠷᠳᠡᠯᠲᠡᠢ ᠠᠵᠢᠯᠲᠠᠨ ᠠᠵᠢᠯᠴᠢᠨ ᠵᠡᠷᠭᠡ | ᠭᠤᠤᠯᠳᠠᠯᠭ᠎ᠠ ᠲᠠᠢ ᠬᠦᠮᠦᠰ ᠤᠨ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠤᠷᠢᠯᠡᠬᠦ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠬᠠᠤᠯᠢ ᠲᠣᠭᠲᠠᠭᠠᠯ ᠶᠣᠰᠣᠭᠠᠷ ᠬᠤᠲᠠ ᠪᠠᠯᠭᠠᠰᠤ ᠶᠢᠨ | ᠭᠤᠤᠯᠳᠠᠯᠭ᠎ᠠ ᠲᠠᠢ ᠬᠦᠴᠢᠷᠳᠡᠯᠲᠡᠶ ᠬᠥᠮᠦᠰ ᠲᠤ ᠬᠠᠮᠢᠶ᠎ᠠ ᠪᠦᠬᠦᠢ ᠭᠡᠷᠡᠴᠢ ᠬᠢᠵᠦ᠂ ᠦᠨᠳᠦᠰᠦᠨ ᠣᠷᠣᠨ | ᠰᠠᠭᠤᠴᠠ ᠶᠢᠨ ᠠᠰᠠᠭᠤᠳᠠᠯ ᠢ ᠨᠢ ᠰᠢᠢᠳᠪᠤᠷᠢᠯᠡᠵᠦ ᠥᠭᠭᠦᠨ᠎ᠡ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠲᠠ | ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠰᠢᠶᠠᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠰᠢᠶᠠᠨ ᠤ ᠠᠵᠢᠯᠴᠢᠨ ᠤ ᠡᠪᠯᠡᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠦᠪᠯᠡᠯ᠂ ᠶᠠᠳᠠᠭᠤ ᠶᠢ ᠲᠡᠳᠬᠦᠬᠦ᠂ ᠵᠡᠮᠳᠡᠭᠴᠦᠳ ᠤᠨ | ᠬᠤᠯᠪᠤᠭ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠡ᠂ ᠳᠣᠲᠣᠭᠠᠳᠤ ᠶᠢ ᠬᠠᠮᠠᠭᠠᠯᠠᠬᠤ᠂ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠲᠥᠪ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠯ᠎ᠡ | ᠰᠢᠶᠠᠩ ᠪᠠᠯᠭᠠᠰᠤ ᠪᠠᠷ ᠪᠦᠷᠢᠯᠳᠦᠬᠦᠨ ᠨᠢᠭᠡᠴᠡ ᠪᠣᠯᠭᠠᠨ᠎ᠠ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠶᠣᠰᠣᠭᠠᠷ᠂ ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ | ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠬᠠᠮᠲᠤᠪᠠᠷ ᠠᠬᠢᠭᠤᠯᠤᠨ᠎ᠠ᠃ | ᠭᠤᠷᠪᠠ ᠳᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠲᠧᠯᠸᠢᠰ ᠬᠤᠷᠢᠶ᠎ᠠ᠂ ᠸᠢᠴᠠᠲ ᠤᠨ | ᠣᠯᠠᠨ ᠨᠡᠶᠢᠲᠡ ᠶᠢᠨ ᠲᠠᠪᠴᠠᠩ ᠵᠡᠷᠭᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠬᠤᠲᠠ ᠪᠠᠯᠭᠠᠰᠤᠨ ᠤ | ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠤᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠣᠷᠣᠨ | ᠰᠠᠭᠤᠴᠠ ᠶᠢᠨ ᠬᠦᠴᠢᠷᠳᠡᠯᠲᠡᠶ ᠣᠯᠠᠨ ᠲᠦᠮᠡᠨ ᠳᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠬᠦᠷᠲᠡᠭᠡᠨ᠎ᠡ᠃ | 2020 — 04 — 26 ᠳᠠᠷᠤᠮᠠᠯᠯᠠᠨ ᠲᠠᠷᠬᠠᠭᠠᠪᠠ | | ᠣᠷᠴᠢᠭᠤᠯᠤᠭᠴᠢ᠄ ᠭᠡᠷᠡᠯ | |