︽ᠬᠠᠯᠠᠮᠵᠢᠯᠠᠯ᠂ ᠵᠣᠷᠢᠭᠵᠢᠭᠤᠯᠤᠯ ᠤᠨ ᠴᠢᠯᠦᠭᠡᠲᠤ ᠳᠡᠯᠭᠡᠭᠦᠷ︾ ᠪᠠ ᠱᠢ ᠴᠢᠩ ᠲᠣᠰᠬᠤᠨ ᠤ ᠠᠷᠠᠳ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠵᠠᠮ ᠳᠤ ᠡᠩᠨᠡᠭᠡᠨ ᠠᠴᠠ ᠬᠤᠴᠣᠷᠤᠭᠤᠯᠬᠤ ᠦᠭᠡᠶ
ᠨᠡᠶᠢᠲᠡᠯᠡᠭᠰᠡᠨ ᠴᠠᠭ᠄
2020-05-11
   ᠬᠤᠸᠠᠳᠧ ᠰᠢᠶᠠᠨ ᠤ ᠳᠡᠪᠡᠭᠡᠲᠤ ᠰᠢᠶᠠᠩ ᠤᠨ ᠪᠠ ᠴᠢᠩ ᠲᠣᠰᠬᠤᠨ ᠤ ︽ᠬᠠᠯᠠᠮᠵᠢᠯᠠᠯ᠂ ᠵᠣᠷᠢᠭᠵᠢᠭᠤᠯᠤᠯ ᠤᠨ ᠴᠢᠯᠦᠭᠡᠲᠤ ᠳᠡᠯᠭᠡᠭᠦᠷ︾ ᠲᠤ ᠣᠷᠣᠵᠤ ᠣᠴᠢᠬᠤ ᠳᠤ᠂ ᠬᠤᠪᠴᠠᠰᠤ ᠤᠬᠢᠶᠠᠬᠤ ᠨᠤᠨᠲᠠᠭ᠂ ᠰᠢᠳᠤᠨ ᠤᠸ᠎ᠠ᠂ ᠰᠢᠳᠦᠨ ᠱᠤᠸᠠᠰᠠ᠂ ᠫᠧᠩᠰᠡ ᠰᠠᠪᠠ᠂ ᠤᠰᠤ ᠪᠤᠴᠠᠯᠭᠠᠬᠤ ᠳᠡᠪᠦᠷ᠎ᠡ ᠵᠡᠷᠭᠡ ᠭᠠᠷ ᠦᠵᠦᠭᠦᠷ ᠬᠡᠷᠡᠭᠯᠡᠬᠦ ᠠᠮᠢᠳᠤᠷᠠᠯ ᠤᠨ ᠬᠡᠷᠡᠭᠰᠡᠯ ᠤᠳ ᠬᠠᠷᠠᠭ᠎ᠠ ᠳᠦᠭᠦᠷᠭᠡᠵᠦ ᠪᠠᠶᠢᠯ᠎ᠠ᠃    ᠪᠠ ᠱᠢ ᠴᠢᠩ ᠲᠣᠰᠬᠤᠨ ᠤ ᠨᠠᠮ ᠤᠨ ᠡᠭᠦᠷ ᠤᠨ ᠱᠦᠵᠢ ᠭᠤᠤ ᠳ᠋ᠧᠩ ᠤᠨ ᠲᠠᠨᠢᠯᠴᠠᠭᠤᠯᠤᠭᠰᠠᠨ ᠢᠶᠠᠷ᠂ ︽ᠬᠠᠯᠠᠮᠵᠢᠯᠠᠯ᠂ ᠵᠣᠷᠢᠭᠵᠢᠭᠤᠯᠤᠯ ᠤᠨ ᠴᠢᠯᠦᠭᠡᠲᠤ ᠳᠡᠯᠭᠡᠭᠦᠷ︾ ᠳᠣᠲᠣᠷᠠᠬᠢ ᠡᠳ᠋ ᠪᠣᠳᠠᠰ ᠨᠢ ᠭᠤᠣᠯᠳᠠᠭᠤ ᠲᠣᠰᠬᠤᠨ ᠤ ᠬᠠᠮᠲᠤ ᠶᠢᠨ ᠠᠵᠤ ᠠᠬᠤᠢ ᠪᠠᠷ ᠬᠤᠳᠠᠯᠳᠤᠨ ᠠᠪᠬᠤ᠂ ᠨᠡᠶᠢᠭᠡᠮ ᠠᠴᠠ ᠬᠠᠨᠳᠢᠪᠯᠠᠨ ᠬᠦᠷᠭᠡᠬᠦ ᠪᠠᠷ ᠭᠤᠣᠯ ᠪᠣᠯᠭᠠᠨ᠎ᠠ᠃ ᠣᠳᠣᠬᠠᠨ ᠳᠤ ᠰᠤ᠋ ᠨᠢᠩ ᠲᠥᠳᠡ ᠬᠤᠳᠠᠯᠳᠤᠭᠠᠨ ᠤ ᠬᠠᠨᠳᠢᠪᠯᠠᠭᠰᠠᠨ ᠦᠨ᠎ᠡ ᠥᠷᠲᠡᠭ ᠨᠢ 5000 ᠲᠥᠭᠦᠷᠢᠭ ᠣᠷᠴᠢᠮ ᠤᠨ ᠤᠰᠤ ᠪᠤᠴᠠᠯᠭᠠᠬᠤ ᠳᠡᠪᠦᠷ᠎ᠡ ᠵᠢᠴᠢ ᠰᠦᠯᠢᠶᠣᠣ ᠲᠦᠩᠰᠠ ᠵᠡᠷᠭᠡ ᠡᠯ᠎ᠡ ᠲᠥᠷᠥᠯ ᠤᠨ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠴᠤ᠂ ᠲᠠᠢ ᠫᠢᠩ ᠶᠠᠩ ᠳᠠᠭᠠᠳᠬᠠᠯ ᠤᠨ ᠺᠣᠮᠫᠠᠨᠢ ᠶᠢᠨ ᠬᠠᠨᠳᠢᠪᠯᠠᠭᠰᠠᠨ ᠦᠨ᠎ᠡ ᠥᠷᠲᠡᠭ ᠨᠢ 600 ᠲᠥᠭᠦᠷᠢᠭ ᠣᠷᠴᠢᠮ ᠤᠨ ᠠᠯᠴᠢᠭᠤᠷ ᠤᠰᠤᠨ ᠴᠣᠮᠣ᠂ ᠪᠡᠭᠡᠵᠢᠩ ᠤᠨ ᠬᠠᠯᠠᠭᠤᠨ  ᠰᠡᠳᠬᠢᠯᠲᠡᠨ ᠤ ᠬᠠᠨᠳᠢᠪᠯᠠᠭᠰᠠᠨ ᠬᠤᠪᠴᠠᠰᠤ ᠬᠤᠨᠠᠷ ᠪᠠᠶᠢᠨ᠎ᠠ᠃    ᠲᠣᠰᠬᠤᠨ ᠤ ᠠᠷᠠᠳ ᠲᠣᠰᠬᠤᠨ᠂ ᠡᠷᠦᠬᠡ ᠶᠢᠨ ᠲᠥᠷᠢ ᠳᠥᠷᠬᠦ ᠶᠢ ᠴᠡᠭᠴᠡᠯᠡᠨ ᠵᠠᠰᠠᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠬᠤ᠂  ᠬᠠᠨᠳᠢᠪ ᠤᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠪᠣᠯᠤᠨ ᠠᠷᠭ᠎ᠠ ᠵᠠᠮ ᠢᠶᠠᠷ ᠳᠠᠮᠵᠢᠭᠤᠯᠤᠨ ᠬᠠᠷᠠᠭᠠᠯᠵᠠᠭᠰᠠᠨ ᠬᠤᠪᠢ ᠶᠢᠨ ᠱᠠᠩᠨᠠᠯ ᠣᠯᠵᠤ᠂ ᠬᠤᠷᠠᠮᠳᠤᠯ ᠬᠤᠪᠢ ᠪᠠᠷ ︽ᠬᠠᠯᠠᠮᠵᠢᠯᠠᠯ᠂ ᠵᠣᠷᠢᠭᠵᠢᠭᠤᠯᠤᠯ ᠤᠨ ᠴᠢᠯᠦᠭᠡᠲᠤ ᠳᠡᠯᠭᠡᠭᠦᠷ︾ ᠠᠴᠠ ᠰᠢᠳᠤᠨ ᠤᠸ᠎ᠠ᠂ ᠰᠢᠳᠦᠨ ᠱᠤᠸᠠᠰᠠ᠂ ᠫᠧᠩᠰᠡ᠂ ᠤᠰᠤ ᠪᠤᠴᠠᠯᠭᠠᠬᠤ ᠳᠡᠪᠦᠷ᠎ᠡ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡ ᠲᠠᠢ ᠬᠡᠷᠡᠭᠰᠡᠯ ᠰᠣᠯᠢᠵᠤ ᠪᠣᠯᠤᠨ᠎ᠠ᠃     ︽︿ᠬᠠᠯᠠᠮᠵᠢᠯᠠᠯ᠂ ᠵᠣᠷᠢᠭᠵᠢᠭᠤᠯᠤᠯ ᠤᠨ ᠴᠢᠯᠦᠭᠡᠲᠤ ᠳᠡᠯᠭᠡᠭᠦᠷ﹀ ᠨᠢ ︿ᠬᠥᠳᠡᠯᠮᠦᠷᠢᠯᠡᠪᠡᠯ ᠣᠯᠬᠤ᠂ ᠬᠤᠷᠠᠮᠳᠤᠭᠤᠯᠤᠨ ᠰᠣᠯᠢᠬᠤ﹀ ᠠᠵᠢᠯᠯᠠᠭᠠᠨ ᠤ ᠵᠠᠭᠪᠤᠷ ᠢᠶᠠᠷ ᠲᠣᠰᠬᠤᠨ ᠤ ᠠᠷᠠᠳ ᠤᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ᠂ ᠭᠡᠷ ᠪᠦᠯᠢ ᠶᠢᠨ ᠰᠠᠶᠢᠬᠠᠨ ᠰᠤᠷᠲᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠩ ᠳᠠᠳᠬᠠᠯ ᠢ ᠥᠭᠡᠷᠡᠴᠢᠯᠡᠬᠦ᠂ ᠬᠠᠮᠵᠢᠯᠴᠠᠨ ᠠᠵᠢᠯᠯᠠᠬᠤ ᠵᠡᠷᠭᠡ ᠶᠢ ᠡᠳᠦᠷ ᠲᠤᠲᠤᠮ ᠤᠨ ᠦᠨᠡᠯᠡᠨ ᠲᠣᠭᠲᠠᠭᠠᠬᠤ ᠲᠥᠷᠥᠯ ᠵᠦᠢᠯ ᠪᠣᠯᠭᠠᠵᠤ᠂ ᠬᠡᠶᠢᠰᠪᠦᠷᠢ ᠬᠤᠪᠢ ᠬᠤᠷᠠᠮᠳᠤᠭᠤᠯᠵᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠰᠣᠯᠢᠬᠤ ᠬᠡᠯᠪᠡᠷᠢ ᠪᠠᠷ ᠲᠣᠰᠬᠤᠨ ᠤ ᠠᠷᠠᠳ ᠢ ︿ ᠮᠢᠨᠤ ᠭᠡᠷ ᠣᠷᠤᠨ᠂ ᠪᠢ ᠴᠡᠭᠴᠡᠯᠡᠨ ᠵᠠᠰᠠᠬᠤ᠂ ᠪᠢ ᠬᠠᠮᠠᠭᠠᠯᠠᠬᠤ᠂ ᠪᠢ ᠲᠠᠭᠠᠯᠠᠮᠵᠢᠲᠠᠢ﹀ ᠭᠡᠬᠦ ᠲᠣᠰᠬᠤᠨ ᠢᠶᠠᠨ ᠬᠠᠶᠢᠷᠠᠯᠠᠵᠤ ᠲᠣᠰᠬᠤᠨ ᠢᠶᠠᠨ ᠵᠠᠰᠠᠬᠤ ᠭᠤᠣᠯ ᠴᠣᠭᠴᠠ ᠶᠢᠨ ᠤᠬᠠᠮᠰᠠᠷ ᠢ ᠠᠯᠬᠤᠮ ᠠᠯᠬᠤᠮ ᠢᠶᠠᠷ ᠪᠦᠷᠢᠯᠳᠦᠭᠦᠯᠬᠦ ᠶᠢ ᠵᠣᠷᠢᠭᠵᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠢᠲᠡᠭᠡᠯ ᠵᠣᠷᠢᠭ ᠢ ᠪᠤᠢ ᠪᠣᠯᠭᠠᠵᠤ᠂ ᠥᠪᠡᠰᠦᠪᠡᠨ ᠴᠢᠰᠤ ᠪᠦᠲᠦᠭᠡᠬᠦ ᠴᠢᠳᠠᠮᠵᠢ ᠶᠢ ᠪᠡᠶᠡᠯᠡᠭᠦᠯᠵᠦ᠂ ᠲᠡᠳᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠳᠤ ᠡᠩᠨᠡᠭᠡᠨ ᠠᠴᠠ ᠪᠠᠨ ᠬᠤᠴᠣᠷᠬᠤ ᠦᠭᠡᠢ ᠪᠠᠶᠢᠬᠤ ᠶᠢ ᠦᠨᠡᠨ ᠬᠦ  ᠪᠠᠲᠤᠯᠠᠪᠡ᠃︾ ᠭᠡᠵᠦ ᠳᠡᠪᠡᠭᠡᠲᠤ ᠰᠢᠶᠠᠩ ᠤᠨ ᠳᠠᠷᠤᠭ᠎ᠠ ᠸᠠᠩ ᠶᠠᠨ ᠹᠧᠩ ᠬᠡᠯᠡᠪᠡ᠃                                                      ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2