5 ᠰᠠᠷ᠎ᠠ ᠶᠢᠨ 11 ᠤ ᠡᠳᠦᠷ᠂ ᠮᠠᠨ ᠤ ᠰᠢᠶᠠᠨ ᠭᠤᠤᠯᠳᠠᠯᠭ᠎ᠠ ᠲᠠᠢ ᠲᠥᠷᠥᠯ ᠵᠦᠢᠯ ᠢ ᠵᠣᠯᠭᠠᠭᠤᠯᠬᠤ | ᠵᠥᠪᠳᠡᠯᠴᠡᠬᠡᠷ ᠤᠨ ᠬᠤᠷᠠᠯ ᠵᠢᠴᠢ ᠬᠥᠳᠡᠭᠡ ᠲᠣᠰᠬᠤᠨ ᠤ ᠠᠮᠢ ᠠᠬᠤᠶ ᠶᠢᠨ ᠡᠨᠧᠷᠭᠢ ᠶᠢ ᠶᠡᠷᠦᠩᠬᠡᠶᠢᠯᠡᠨ ᠠᠰᠢᠭᠯᠠᠬᠤ | ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠪᠢᠩ᠂ ᠵᠤᠤ | ᠯᠦᠩ ᠹᠸᠢ᠂ ᠬᠤᠤ ᠰᠢᠶᠤᠤ ᠭᠤᠸᠠᠩ᠂ ᠦ᠋ ᠴᠢᠯᠠᠭᠤ ᠬᠤᠷᠠᠯ ᠳᠤ ᠣᠷᠤᠯᠴᠠᠪᠠ᠃ | | ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠲᠦᠩ ᠵᠢᠶ ᠶᠡᠭᠡ ᠰᠤᠷᠭᠠᠭᠤᠯᠢ ᠶᠢᠨ ᠠᠰᠫᠢᠷᠠᠨᠲ ᠤᠨ | ᠵᠢᠯᠣᠭᠤᠳᠣᠭᠴᠢ ᠪᠠᠭᠰᠢ᠂ ᠴᠢᠶᠠᠨ ᠼᠦᠨ ᠪᠠᠶ ᠪᠠᠯᠭᠠᠰᠤᠨ ᠤ ᠬᠤᠯᠪᠣᠭᠠᠯᠠᠨ ᠬᠥᠳᠡᠯᠦᠯᠴᠡᠬᠦ ᠢᠨᠵᠧᠨᠧᠷᠢᠩ ᠤᠨ | ᠲᠥᠷᠥᠯ ᠵᠦᠶ᠋ᠯ ᠤᠨ ᠬᠡᠷᠡᠭᠵᠢᠭᠦᠯᠬᠦ ᠰᠡᠳᠦᠪ ᠤᠨ ᠬᠠᠷᠢᠭᠤᠴᠠᠯᠭᠠᠲᠠᠨ ᠵᠠᠩ ᠳ᠋ᠦᠩ ᠱᠠᠨ᠂ ᠥᠪᠥᠷ ᠮᠣᠩᠭᠤᠯ ᠤᠨ | ᠮᠣᠩᠭᠤᠯ ᠦᠨᠳᠦᠰᠦᠲᠡᠨ ᠤ ᠪᠠᠷᠢᠯᠭ᠎ᠠ ᠰᠣᠶᠣᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠪᠦᠦ ᠴᠠᠩ ᠳ᠋ᠧ᠂ | ᠥᠪᠥᠷ ᠮᠣᠩᠭᠤᠯ ᠤᠨ ᠮᠧᠩ ᠷᠦ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠤᠶᠠᠨᠲᠤ ᠲᠣᠰ ᠲᠣᠰ ᠬᠠᠮᠢᠶ᠎ᠠ ᠪᠥᠬᠦᠶ ᠲᠥᠷᠥᠯ | ᠵᠦᠢᠯ ᠤᠨ ᠪᠠᠶᠢᠳᠠᠯ ᠢ ᠲᠠᠨᠢᠯᠴᠠᠭᠤᠯᠪᠠ᠃ ᠬᠤᠶᠠᠷ ᠲᠠᠯ᠎ᠠ ᠶᠢᠨ ᠬᠠᠷᠢᠭᠤᠴᠠᠯᠭᠠᠲᠠᠨ ᠲᠤᠰ ᠲᠤᠰ ᠲᠦᠷᠦᠯ ᠵᠦᠢᠯ ᠤᠨ | ᠪᠠᠶᠢᠳᠠᠯ ᠪᠠ ᠥᠪᠡᠷ ᠥᠪᠡᠷ ᠤᠨ ᠠᠵᠢᠯ ᠤᠨ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ | ᠶᠠᠷᠢᠯᠴᠠᠭᠰᠠᠨ ᠪᠥᠭᠡᠳ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ | | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠶᠠᠷᠢᠶᠠᠨ ᠳᠠᠭᠠᠨ᠂ ᠬᠥᠳᠡᠭᠡ ᠲᠣᠰᠬᠤᠨ ᠤ ᠬᠠᠶᠠᠭᠳᠠᠮᠠᠯ | ᠪᠣᠳᠠᠰ ᠤᠨ ᠡᠰᠢ ᠰᠦᠷᠡᠯ ᠤᠨ ᠠᠮᠢᠳᠤ ᠪᠣᠳᠠᠰ ᠤᠨ ᠡᠨᠧᠷᠭᠢ ᠶᠢᠨ ᠲᠦᠷᠦᠯ ᠵᠦᠢᠯ ᠨᠢ ᠮᠠᠨ ᠤ ᠰᠢᠶᠠᠨ ᠤ ᠬᠥᠳᠡᠭᠡ | ᠲᠣᠰᠬᠤᠨ ᠤ ᠠᠷᠢᠭᠤᠨ ᠴᠡᠪᠡᠷ ᠡᠨᠧᠷᠭᠢ ᠶᠢᠨ ᠠᠰᠢᠭᠯᠠᠯᠲᠠ ᠶᠢᠨ ᠠᠯᠬᠤᠴᠠ ᠶᠢ ᠲᠦᠷᠭᠡᠳᠬᠡᠵᠦ᠂ ᠰᠢᠨ᠎ᠡ ᠬᠥᠳᠡᠭᠡ | ᠲᠣᠰᠬᠤᠨ ᠤ ᠠᠮᠢ ᠠᠬᠤᠢ ᠣᠷᠴᠢᠨ ᠲᠣᠭᠤᠷᠢᠨ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠂ ᠮᠠᠨ ᠤ ᠰᠢᠶᠠᠨ | ᠬᠡᠳᠦ᠋ᠢᠪᠡᠷ ᠠᠵᠤ ᠠᠬᠤᠢ ᠨᠡᠶᠢᠭᠡᠮ ᠤᠨ ᠬᠥᠭᠵᠢᠯᠲᠡ ᠨᠡᠯᠢᠶᠡᠳ ᠬᠤᠴᠣᠷᠤᠩᠭᠤᠢ ᠪᠣᠯᠪᠠᠴᠤ ᠪᠠᠰᠠ ᠭᠠᠵᠠᠷ ᠰᠢᠷᠣᠢ᠂ | ᠠᠭᠠᠷ᠂ ᠬᠥᠭᠵᠢᠯᠲᠡ ᠶᠢᠨ ᠣᠷᠣᠨ ᠵᠠᠢ᠂ ᠣᠷᠣᠨ ᠨᠤᠲᠤᠭ ᠤᠨ ᠤᠨᠴᠠᠯᠢᠭᠳᠤ ᠰᠣᠶᠣᠯ᠂ ᠬᠤᠪᠢᠰᠬᠠᠯᠲᠤ ᠰᠣᠶᠣᠯ᠂ | ᠲᠡᠦᠬᠡ ᠰᠣᠶᠣᠯ ᠵᠡᠷᠭᠡ ᠠᠶᠠᠨᠳᠠᠭᠠᠨ ᠤ ᠳᠠᠪᠠᠭᠤᠯᠢᠭ ᠲᠠᠯ᠎ᠠ ᠲᠠᠢ ᠶᠤᠮ᠃ ᠣᠶᠢᠷ᠎ᠠ ᠶᠢᠨ ᠵᠢᠯ ᠤᠳ ᠲᠤ᠂ | ᠤᠯᠤᠰ ᠠᠴᠠ ᠬᠤᠴᠣᠷᠤᠩᠭᠤᠶ ᠭᠠᠵᠠᠷ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ ᠠ ᠶᠢ ᠳᠡᠮᠵᠢᠬᠦ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠪᠥᠭᠡᠳ ᠲᠥᠷᠥᠯ ᠵᠦᠢᠯ ᠤᠨ ᠣᠷᠤᠭᠰᠢᠲᠠᠢ | ᠬᠡᠷᠡᠭᠵᠢᠭᠦᠯᠦᠭᠳᠡᠬᠦ ᠳᠤ ᠮᠠᠰᠢ ᠣᠯᠠᠨ ᠲᠥᠬᠦᠮ ᠨᠥᠬᠦᠴᠡᠯ ᠬᠠᠩᠭᠠᠭᠰᠠᠨ ᠪᠠᠶᠢᠨ᠎ᠠ᠃ | | ᠸᠠᠩ ᠪᠢᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠪᠠᠷ ᠢᠶᠠᠨ ᠵᠢᠭᠤᠯᠴᠢᠯᠠᠯ᠂ | ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠣᠲᠣ ᠦᠶ᠎ᠡ ᠶᠢᠨ ᠳᠠᠷᠢᠵᠤ | ᠲᠡᠵᠢᠭᠡᠬᠦ ᠦᠢᠯᠡᠰ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ | ᠲᠠᠯ᠎ᠠ ᠪᠠᠷ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠬᠤ | ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠬᠠᠮᠢᠶ᠎ᠠ | ᠪᠥᠬᠦᠶ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠡᠶᠢᠲᠡᠯᠡᠵᠦ᠂ ᠪᠠᠯᠠ ᠣᠷᠣᠭᠤᠯᠵᠤ ᠬᠥᠭᠵᠢᠭᠦᠯᠬᠦ | ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ | ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠬᠤᠶᠠᠷ ᠲᠠᠯ᠎ᠠ ᠶᠢᠨ ᠲᠣᠭᠲᠠᠭᠠᠭᠰᠠᠨ ᠵᠦᠢᠯᠡᠰ ᠢ ᠠᠯᠢ ᠲᠦᠷᠭᠡᠨ ᠢᠶᠠᠷ | ᠦᠨᠡᠨ ᠪᠣᠳᠠᠲᠠᠶ ᠬᠡᠷᠡᠭᠵᠢᠭᠦᠯᠬᠦ ᠱᠠᠲᠤᠨ ᠳᠤ ᠣᠷᠣᠭᠤᠯᠬᠤ ᠪᠠᠷ ᠴᠢᠷᠮᠠᠶᠢᠵᠤ᠂ ᠬᠠᠷᠢᠯᠴᠠᠨ ᠠᠰᠢᠭ ᠣᠯᠭᠤᠵᠤ | ᠬᠠᠷᠢᠯᠴᠠᠨ ᠠᠰᠢᠭ ᠬᠦᠷᠲᠡᠵᠦ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ ᠭᠡᠵᠡᠶ᠃ | | ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠤ ᠬᠠᠶᠠᠭᠳᠠᠮᠠᠯ ᠪᠣᠳᠠᠰ ᠤᠨ ᠡᠰᠢ ᠰᠦᠷᠡᠯ ᠤᠨ ᠠᠮᠢᠳᠤ ᠪᠣᠳᠠᠰ ᠤᠨ | ᠡᠨᠧᠷᠬᠢ ᠶᠢᠨ ᠲᠥᠷᠥᠯ ᠵᠦᠢᠯ ᠪᠣᠯ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ | ᠬᠦᠭᠵᠢᠭᠦᠯᠬᠦ ᠶᠡᠭᠡ ᠬᠠᠨᠳᠤᠰᠢ ᠳᠣᠤᠷ᠎ᠠ ᠬᠥᠳᠡᠭᠡ ᠲᠣᠰᠬᠤᠨ ᠤ ᠬᠠᠶᠠᠭᠳᠠᠮᠠᠯ ᠡᠰᠢ ᠰᠦᠷᠡᠯ ᠢ ᠡᠭᠡᠭᠦᠯᠦᠨ ᠬᠤᠷᠢᠶᠠᠵᠤ | ᠳᠠᠬᠢᠨ ᠠᠰᠢᠭᠯᠠᠬᠤ ᠠᠮᠢ ᠠᠬᠤᠶ ᠶᠢᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠣᠯᠤᠨ᠎ᠠ᠂ ᠲᠥᠷᠥᠯ ᠵᠦᠢᠯ ᠤᠨ | ᠶᠡᠷᠦᠩᠬᠡᠢ ᠪᠠᠯᠠ ᠣᠷᠣᠭᠤᠯᠤᠯᠲᠠ 400 ᠲᠦᠮᠡᠨ ᠲᠥᠭᠦᠷᠢᠭ ᠪᠣᠯᠤᠨ᠎ᠠ᠂ ᠬᠤᠶᠠᠷ ᠲᠠᠯ᠎ᠠ ᠪᠠᠷ ᠢᠶᠠᠨ ᠵᠥᠪᠳᠡᠯᠴᠡᠨ | ᠲᠤᠭᠲᠠᠭᠠᠭᠰᠠᠨ ᠢᠶᠠᠷ᠂ ᠬᠥᠬᠡ ᠲᠠᠯ᠎ᠠ ᠶᠢᠨ ᠬᠢᠨ 300 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠥᠷᠥᠯ | ᠵᠦᠢᠯ ᠤᠨ ᠶᠡᠷᠦᠩᠬᠡᠶ ᠰᠲ᠋ᠣᠺ ᠤᠨ ᠡᠷᠬᠡ ᠶᠢ 75% ᠪᠠᠷ ᠡᠵᠡᠮᠰᠢᠵᠦ᠂ ᠬᠥᠬᠡᠭᠴᠢᠨ ᠲᠠᠯ᠎ᠠ ᠶᠢᠨ ᠬᠢᠨ 100 | ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠥᠷᠥᠯ ᠵᠦᠢᠯ ᠤᠨ ᠶᠡᠷᠦᠩᠬᠡᠶ ᠰᠲ᠋ᠣᠺ ᠤᠨ ᠡᠷᠬᠡ ᠶᠢ 25% ᠪᠠᠷ | ᠡᠵᠡᠮᠳᠡᠨ᠎ᠡ᠃ | | ᠸᠧᠨᠵᠧᠦ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠵᠦ ᠺᠦᠩ ᠰᠢᠩ ᠵᠢᠴᠢ ᠬᠤᠯᠪᠣᠭᠳᠠᠯ ᠪᠥᠬᠦᠶ | ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | | ᠣᠷᠴᠢᠭᠤᠯᠤᠭᠴᠢ᠄ ᠭᠡᠷᠡᠯ |