ᠲᠣᠰᠬᠤᠨ ᠤ ︽ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾—ᠭᠡᠷ ᠤᠨ ᠡᠭᠦᠳᠡᠨ ᠳᠠᠬᠢ ︽ᠪᠠᠶᠠᠵᠢᠯ ᠤᠨ ᠰᠠᠭᠤᠷᠢᠨ︾
ᠨᠡᠶᠢᠲᠡᠯᠡᠭᠰᠡᠨ ᠴᠠᠭ᠄
2020-05-12
   ᠤᠢᠢᠷ᠎ᠠ ᠶᠢᠨ ᠵᠢᠯ ᠠᠴᠠ᠂ ᠮᠠᠨ ᠤ ᠰᠢᠶᠠᠨ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠬᠠᠮᠵᠢᠯᠴᠠᠨ ᠬᠠᠪᠰᠤᠷᠤᠨ ᠲᠡᠳᠬᠦᠭᠰᠡᠨ ᠪᠠᠶᠢᠳᠠᠯ ᠳᠣᠣᠷ᠎ᠠ᠂ ᠪᠠᠶᠠᠨᠲᠠᠯ᠎ᠠ ᠰᠢᠶᠠᠩ ᠳᠤ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠤᠷᠢ ᠵᠢᠨ‌‍ᠲ᠋ᠠᠰᠤᠭ︾ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢᠨ ᠬᠠᠮᠲᠤ ᠲᠣᠰᠬᠤᠨ ᠤ ᠠᠷᠠᠳ ᠲᠤ ︽ᠴᠠᠯᠢᠩ︾ ᠣᠯᠭᠤᠪᠠ᠃ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ ᠨᠢ ᠲᠣᠰᠬᠤᠨ ᠤ ᠠᠷᠠᠳ ᠤᠨ ᠥᠭᠡᠷ᠎ᠡ ᠨᠢᠭᠡ ᠬᠠᠯᠠᠭᠤᠨ ᠳᠤᠯᠠᠭᠠᠨ ︽ᠬᠡᠷ︾ ᠨᠢ ᠪᠣᠯᠤᠭᠰᠠᠨ ᠪᠠᠶᠢᠨ᠎ᠠ᠃
   ᠰᠤᠷᠪᠤᠯᠵᠢᠯᠠᠭᠴᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠳᠠᠭᠠᠵᠤ ᠪᠠᠶᠠᠨᠲᠠᠯ᠎ᠠ ᠲᠣᠰᠬᠤᠨ ᠤ ︽ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ — ᠭᠠᠷ ᠬᠢᠴᠡ ᠲᠠᠢ ᠲᠠᠩᠰᠠ ᠡᠪᠬᠡᠮᠡᠯ ᠤᠨ ᠬᠠᠶᠢᠷᠴᠠᠭ ᠤᠨ ᠪᠣᠯᠪᠠᠰᠤᠷᠠᠭᠤᠯᠤᠯ ᠤᠨ ᠲᠠᠰᠤᠭ ᠲᠤ ᠬᠦᠷᠬᠦ ᠳᠤ᠂ ᠦᠢᠯᠡᠳᠪᠤᠷᠢ ᠶᠢᠨ ᠲᠠᠰᠤᠭ ᠲᠠᠬᠢ ᠠᠬᠠᠮᠠᠳ ᠬᠥᠮᠦᠰ ᠶᠠᠭ ᠵᠠᠬᠢᠶᠠᠯᠠᠭ᠎ᠠ ᠶᠢᠨ ᠦᠢᠯᠡᠳᠬᠦᠨ ᠢ ᠵᠠᠪᠳᠤᠨ ᠦᠢᠯᠡᠳᠴᠤ  ᠪᠠᠶᠢᠪᠠ᠃    ᠡᠨᠡ ᠵᠢᠯ 58 ᠨᠠᠰᠤᠲᠠᠶ ᠵᠠᠩ ᠯᠢ ᠳ᠋ᠤᠸᠠᠨ ᠪᠣᠯ ᠪᠠᠶᠠᠨᠲᠠᠯ᠎ᠠ ᠲᠣᠰᠬᠤᠨ ᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ‌ᠡᠷᠦᠬᠡ ᠪᠣᠯᠤᠨ᠎ᠠ᠂ ᠵᠢᠷᠦᠬᠡᠨ ᠡᠪᠡᠳᠴᠢᠨ᠂ ᠴᠢᠰᠤᠨ ᠰᠢᠬᠢᠷ ᠥᠨᠳᠥᠷ᠂ ᠡᠷ᠎ᠡ ᠨᠥᠬᠦᠷ ᠨᠢ ᠲᠠᠷᠢᠬᠢᠨ ᠠᠴᠠ ᠴᠢᠰᠤ ᠭᠠᠷᠴᠤ᠂ ᠬᠤᠶᠠᠭᠤᠯᠠ ᠪᠠᠨ ᠴᠥᠮ ᠬᠦᠨᠳᠦ ᠠᠵᠢᠯ ᠬᠢᠵᠦ ᠳᠡᠶᠢᠯᠬᠦ ᠥᠬᠡᠶ᠂ ᠠᠵᠤ ᠠᠬᠤᠶ ᠶᠢᠨ ᠢᠷᠡᠯᠲᠡ ᠥᠬᠡᠶ᠂ ᠵᠥᠪᠬᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠪᠠᠷ ᠠᠮᠢᠳᠤᠷᠠᠯ ᠢᠶᠠᠨ ᠠᠷᠭᠠᠴᠠᠵᠤ᠂ ᠨᠢᠳᠤᠨᠤᠨ ᠤ 5 ᠰᠠᠷ᠎ᠠ ᠳᠤ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠲᠤ ᠬᠦᠷᠴᠦ ᠲᠠᠩᠰᠠ ᠡᠪᠬᠡᠮᠡᠯ ᠤᠨ ᠬᠠᠶᠢᠷᠴᠠᠭ ᠬᠢᠭᠰᠡᠨ ᠤ ᠳᠠᠷᠠᠭ᠎ᠠ᠂ ᠥᠪᠡᠷ ᠤᠨ ᠬᠤᠶᠠᠷ ᠭᠠᠷ ᠢᠶᠠᠷ ᠢᠶᠠᠨ ᠠᠵᠤ ᠠᠬᠤᠶ ᠶᠢᠨ ᠣᠷᠣᠯᠭ᠎ᠠ ᠪᠠᠨ ᠨᠡᠮᠡᠭᠳᠡᠭᠦᠯᠵᠦ᠂ ᠬᠡᠷ ᠪᠦᠯᠢ ᠶᠢᠨ ᠠᠮᠢᠳᠤᠷᠠᠯ ᠵᠶ᠋ᠠᠨ‌ᠨᠥ᠋ᠬᠦᠪᠥᠷᠢᠯᠡᠪᠡ᠃ ᠲᠠᠩᠰᠠ ᠡᠪᠬᠡᠮᠡᠯ ᠤᠨ ᠬᠠᠶᠢᠷᠴᠠᠭ ᠤᠨ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠢ ᠪᠠᠶᠢᠭᠤᠯᠤᠭᠰᠠᠨ ᠨᠢ ᠬᠥᠳᠡᠯᠮᠦᠷᠢᠯᠡᠬᠦ ᠴᠢᠳᠠᠪᠤᠷᠢ ᠥᠬᠡᠶ ᠨᠠᠰᠤᠲᠠᠶᠢᠴᠤᠳ ᠤᠨ ᠠᠵᠢᠯ ᠣᠯᠭᠤᠯᠲᠠ ᠶᠢ  ᠪᠡᠶᠡᠯᠡᠭᠦᠯᠵᠦ ᠡᠨᠡ ᠬᠦ ᠬᠤᠭᠤᠰᠣᠨ ᠢ ᠨᠥᠬᠦᠪᠥᠷᠢᠯᠡᠪᠡ᠃
   ᠮᠢᠨᠦ ᠪᠡᠶ᠎ᠡ ᠡᠪᠡᠳᠴᠢᠨ ᠲᠠᠢ᠂ ᠬᠦᠨᠳᠦ ᠠᠵᠢᠯ ᠬᠢᠵᠦ ᠴᠢᠳᠠᠬᠤ ᠦᠭᠡᠢ᠂ ᠪᠠᠭ᠎ᠠ ᠰᠠᠭ᠎ᠠ ᠬᠥᠩᠭᠡᠨ ᠠᠵᠢᠯ ᠬᠢᠵᠦ ᠂ ᠭᠤᠴᠢ ᠳᠥᠴᠢᠨ ᠲᠥᠭᠦᠷᠢᠭ ᠣᠯᠤᠭᠠᠳ ᠨᠣᠭᠤᠭ᠎ᠠ᠂ ᠭᠤᠯᠢᠷ ᠪᠤᠳᠠᠭ᠎ᠠ ᠪᠠᠨ  ᠠᠪᠳᠠᠭ︾ ᠭᠡᠵᠦ ᠶᠠᠳᠠᠭᠤ ᠬᠦᠴᠢᠷᠳᠡᠯᠲᠡᠶ ᠡᠷᠦᠬᠡ ᠶᠢᠨ ᠵᠠᠩ ᠯᠢ ᠳ᠋ᠤᠸᠠᠨ ᠬᠡᠯᠡᠪᠡ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠶᠢ ᠠᠬᠢᠭᠤᠯᠵᠤ ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢᠨ ᠲᠥᠯᠥᠭᠡ᠂ 2017 ᠣᠨ ᠤ 11 ᠰᠠᠷ᠎ᠠ ᠳᠤ᠂ ᠪᠠᠶᠠᠨᠲᠠᠯ᠎ᠠ ᠰᠢᠶᠠᠩ ᠤᠨ ᠠᠷᠠᠳ ᠤᠨ ᠵᠥᠪᠯᠡᠯ ᠲᠦᠷᠦᠭᠦᠯᠡᠨ ᠬᠤᠸᠠᠳᠧ ᠰᠢᠶᠠᠨ ᠤ ᠪᠠᠶᠠᠨᠲᠠᠯ᠎ᠠ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠭᠠᠷ  ᠬᠢᠴᠡ ᠶᠢᠨ ᠳᠠᠩᠰᠠ ᠡᠪᠬᠡᠮᠡᠯ ᠤᠨ ᠬᠠᠶᠢᠷᠴᠠᠭ ᠤᠨ ᠦᠢᠯᠡᠳᠪᠦᠷᠢ ᠪᠠ ᠮᠠᠰᠢᠨ ᠢᠶᠠᠷ ᠬᠢᠬᠦ ᠳᠠᠩᠰᠠ ᠡᠪᠬᠡᠮᠡᠯ ᠤᠨ ᠬᠠᠶᠢᠷᠴᠠᠭ ᠤᠨ ᠦᠢᠯᠡᠳᠪᠦᠷᠢ ᠲᠤᠰ ᠪᠦᠷᠢ ᠨᠢᠭᠡ ᠭᠠᠵᠠᠷ ᠢ ᠪᠠᠶᠢᠭᠤᠯᠪᠠ᠃ 2018 ᠣᠨ ᠤ ᠡᠬᠢ ᠪᠠᠷ᠂ ᠲᠥᠪ ᠤᠨ ᠣᠷᠣᠨ ᠲᠣᠭᠠᠨ ᠤ ᠠᠯᠪᠠᠨ ᠬᠡᠷ ᠠᠴᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠬᠤ ᠶᠢᠨ ᠲᠥᠯᠥᠭᠡ᠂ 8 ᠲᠦᠮᠡᠨ ᠲᠥᠭᠦᠷᠢᠭ ᠤᠨ ᠪᠠᠯᠠ ᠴᠤᠭᠯᠠᠭᠤᠯᠵᠤ᠂ ᠮᠠᠰᠢᠨ ᠲᠦᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠪᠡ᠃ ᠣᠲᠣ ᠨᠢᠭᠡᠨᠲᠡ ᠪᠥᠬᠦ ᠰᠢᠶᠠᠨ ᠳᠤ 100 ᠭᠠᠷᠤᠶ ᠲᠠᠩᠰᠠ ᠡᠪᠬᠡᠮᠡᠯ ᠤᠨ ᠬᠠᠶᠢᠷᠴᠠᠭ ᠤᠨ ᠠᠵᠢᠯᠴᠢᠨ ᠬᠥᠮᠦᠵᠢᠭᠦᠯᠦᠨ ᠥᠭᠴᠦ᠂ ᠲᠣᠰ ᠰᠢᠶᠠᠩ ᠵᠢᠴᠢ ᠡᠷᠬᠢᠨ ᠲᠣᠭᠤᠷᠢᠨ ᠤ 5 ᠰᠢᠶᠠᠩ ᠪᠠᠯᠭᠠᠰᠤ ᠶᠢᠨ 40 ᠭᠠᠷᠤᠶ ᠬᠥᠮᠦᠨ ᠳᠤ ᠲᠣᠭᠲᠠᠪᠤᠷᠢᠲᠠᠶ ᠠᠵᠢᠯ ᠣᠯᠭᠤᠵᠤ᠂ ᠬᠥᠮᠦᠨ ᠳᠤᠮᠳᠠᠴᠢ ᠶᠢᠨ ᠣᠷᠣᠯᠭ᠎ᠠ ᠨᠢ ᠰᠠᠷ᠎ᠠ ᠳᠤ 1500 ᠲᠥᠭᠦᠷᠢᠭ ᠨᠡᠮᠡᠭᠳᠡᠪᠡ᠃ ᠲᠣᠰᠬᠤᠨ ᠤ ᠠᠷᠠᠳ ᠲᠣᠰᠬᠤᠨ ᠤ ᠳᠠᠩᠰᠠ ᠡᠪᠬᠡᠮᠡᠯ ᠤᠨ ᠬᠠᠶᠢᠷᠴᠠᠭ ᠪᠣᠯᠪᠠᠰᠤᠷᠠᠭᠤᠯᠬᠤ ᠲᠠᠰᠤᠭ ᠲᠤ ᠳᠠᠩᠰᠠ ᠡᠪᠬᠡᠮᠡᠯ ᠤᠨ ᠬᠠᠶᠢᠷᠴᠠᠭ ᠦᠢᠯᠡᠳᠬᠦ ᠪᠠᠷ ᠪᠠᠷᠠᠬᠤ ᠦᠭᠡᠶ ᠪᠠᠰᠠ ᠥᠪᠡᠷ ᠤᠨ ᠭᠡᠷ ᠲᠡᠭᠡᠨ ᠠᠪᠠᠴᠢᠵᠤ ᠬᠢᠵᠦ ᠪᠣᠯᠤᠨ᠎ᠠ᠂ ᠭᠡᠷ ᠠᠴᠠ ᠪᠠᠨ ᠭᠠᠷᠬᠤ ᠦᠭᠡᠶ ᠪᠠᠷ ᠠᠮᠠᠷᠬᠠᠨ ᠵᠣᠭᠤᠰ ᠣᠯᠵᠤ ᠪᠣᠯᠤᠨ᠎ᠠ᠃ ᠡᠭᠦᠨ ᠤ ᠬᠠᠮᠲᠤ᠂ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 5.2 ᠲᠦᠮᠡᠨ ᠲᠥᠭᠦᠷᠢᠭ ᠨᠡᠮᠡᠭᠳᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠢᠶᠠᠷ ᠪᠠᠷᠠᠬᠤ ᠥᠬᠡᠶ ᠪᠠᠰᠠ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠠᠶ᠃
   ︽ᠮᠠᠨ ᠤ ᠡᠨᠡ ᠦᠢᠯᠡᠳᠪᠤᠷᠢ ᠶᠢᠨ ᠲᠠᠰᠤᠭ ᠤᠨ ᠦᠢᠯᠡᠳᠪᠤᠷᠢ ᠶᠢᠨ ᠬᠡᠷ ᠪᠠᠶᠢᠰᠢᠩ ᠤᠨ ᠡᠵᠡᠯᠡᠬᠦ ᠲᠠᠯᠠᠪᠠᠶ ᠨᠢ 600 ᠲᠡᠭᠰᠢ ᠳᠥᠷᠪᠡᠯᠵᠢᠨ ᠮᠧᠲᠷ᠂ ᠲᠠᠩᠰᠠ ᠡᠪᠬᠡᠮᠡᠯ ᠤᠨ ᠬᠠᠶᠢᠷᠴᠠᠭ  ᠦᠢᠯᠡᠳᠪᠤᠷᠢᠯᠡᠬᠦ ᠴᠢᠳᠠᠪᠤᠷᠢ ᠨᠢ 100 ᠲᠦᠮᠡ ᠪᠠᠶᠢᠵᠤ᠂ ᠦᠨᠳᠦᠰᠦᠨ ᠳᠡᠭᠡᠨ ᠮᠠᠨ ᠤ ᠪᠥᠬᠦ ᠰᠢᠶᠠᠨ ᠤ ᠡᠯ᠎ᠡ ᠪᠠᠶᠢᠭᠤᠯᠭ᠎ᠠ᠂ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃︾ ᠭᠡᠵᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠸᠠᠩ ᠬᠤᠸᠠ ᠬᠡᠯᠡᠪᠡ᠃                                                    ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2