ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠣᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2020-05-13
   5 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠠᠶᠢᠯᠴᠢᠯᠠᠷ᠎ᠠ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ᠃ ᠰᠤᠷᠪᠤᠯᠵᠢᠯᠠᠬᠤ ᠪᠠᠷ ᠢᠷᠡᠭᠰᠡᠳ ᠤᠨ ᠬᠦᠰᠡᠯ ᠱᠠᠭᠠᠷᠳᠠᠯᠭ᠎ᠠ ᠨᠢ ᠭᠤᠤᠯᠳᠠᠭᠤ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ᠂ ᠨᠡᠶᠢᠭᠡᠮ ᠤᠨ ᠪᠠᠲᠤᠯᠠᠭ᠎ᠠ ᠲᠤᠰᠢᠶᠠᠬᠤ ᠵᠡᠷᠭᠡ ᠠᠰᠠᠭᠤᠳᠠᠯ ᠳᠤ ᠬᠤᠯᠪᠣᠭᠳᠠᠨ᠎ᠠ᠃
   ᠰᠤᠷᠪᠤᠯᠵᠢᠯᠠᠭ᠎ᠠ ᠬᠦᠯᠢᠶᠡᠬᠦ ᠶᠠᠪᠤᠴᠠ ᠳᠤ ᠸᠠᠩ ᠪᠢᠩ ᠲᠡᠳᠡᠨ ᠤ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ ᠲᠤᠬᠠᠶ ᠶᠢᠨ ᠲᠠᠯᠠᠪᠠᠶ ᠳᠤ ᠬᠠᠷᠢᠭᠤᠯᠲᠠ ᠥᠭᠪᠡ᠃
   ᠸᠠᠩ ᠪᠢᠩ ᠵᠢᠭᠠᠵᠤ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠴᠢᠷᠳᠡᠯ ᠢ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠵᠡᠶ᠂ ᠮᠠᠨ ᠤ ᠰᠢᠶᠠᠨ ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠵᠦ᠂ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠳᠤᠷᠠᠳᠤᠭᠰᠠᠨ ᠠᠰᠠᠭᠤᠳᠠᠯ ᠪᠠ ᠬᠦᠴᠢᠷᠳᠡᠯ ᠢ ᠠᠯᠢ ᠲᠦᠷᠭᠡᠨ ᠢᠶᠠᠷ ᠨᠢᠭᠡᠳᠦᠯᠲᠡᠶ ᠲᠥᠰᠦᠯ ᠭᠠᠷᠭᠠᠬᠤ ᠪᠣᠯᠤᠨ᠎ᠠ᠃
   ᠸᠠᠩ ᠪᠢᠩ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠴᠡᠷᠢᠭ ᠤᠨ ᠠᠯᠪᠠ ᠠᠴᠠ ᠪᠠᠭᠤᠭᠰᠠᠳ ᠤᠨ ᠳᠤᠷᠠᠳᠤᠭᠰᠠᠨ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ᠨᠢᠭᠡᠳ ᠨᠢᠭᠡ ᠪᠠᠷ ᠨᠠᠷᠢᠨ ᠬᠢᠨᠠᠮᠠᠭᠠᠶ ᠰᠣᠳᠤᠯᠤᠨ ᠰᠢᠢᠳᠪᠤᠷᠢᠯᠡᠵᠦ᠂ ᠴᠠᠭ ᠲᠤᠬᠠᠶ ᠳᠤᠨᠢ ᠬᠠᠷᠢᠭᠤᠯᠲᠠ ᠥᠭᠬᠦ ᠶᠢᠨ ᠬᠠᠮᠲᠤ ᠠᠮᠢᠳᠤᠷᠠᠯ ᠨᠢ ᠬᠦᠴᠢᠷᠲᠡᠶ ᠴᠡᠷᠢᠭ ᠤᠨ ᠠᠯᠪᠠ ᠠᠴᠠ ᠪᠠᠭᠤᠭᠰᠠᠳ ᠤᠨ ᠬᠠᠮᠲᠤᠯᠢᠭ ᠲᠤ  ᠭᠦᠢᠴᠡᠳ‌ᠬᠠᠷᠠᠭᠠᠯᠵᠠᠯ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠶ ᠭᠡᠪᠡ᠃                                                                ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2