ᠮᠠᠨ ᠤ ᠰᠢᠶᠠᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-14
    ᠪᠦᠬᠦ ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠬᠤᠸᠠᠳᠧ ᠶᠢ ᠴᠣᠭᠴᠠᠯᠠᠬᠤ ᠶᠢᠨ ᠲᠥᠯᠥᠭᠡ 5 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
   ᠬᠤᠷᠠᠯ ᠳᠡᠭᠡᠷ᠎ᠡ᠂ ᠰᠢᠶᠠᠨ ᠤ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠨ ᠮᠠᠨ ᠤ ᠰᠢᠶᠠᠨ ᠤ ᠣᠳᠣᠬᠠᠨ ᠤ ᠴᠠᠭ ᠠᠭᠤᠷ ᠤᠨ ᠪᠠᠶᠢᠳᠠᠯ ᠵᠢᠴᠢ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠥᠷᠨᠢᠭᠦᠯᠦᠭᠰᠡᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠸᠠᠩ ᠪᠢᠩ ᠵᠢᠭᠠᠵᠤ ᠭᠠᠷᠭᠠᠭᠰᠠᠨ ᠨᠢ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠪᠣᠯ ᠨᠢᠭᠡ ᠵᠦᠢᠯ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠲᠡᠷᠡ ᠮᠥᠷᠲᠡᠭᠡᠨ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂  ᠡᠭᠦᠯᠡ ᠫᠤᠤᠳᠠᠵᠤ ᠪᠣᠷᠤᠭᠠᠨ ᠣᠷᠤᠭᠤᠯᠬᠤ ᠠᠵᠢᠯᠯᠠᠭ᠎ᠠ ᠨᠢ ᠵᠣᠬᠢᠬᠤ ᠬᠡᠮᠵᠢᠶᠡᠨ ᠤ ᠠᠶᠤᠯ ᠲᠦᠭᠰᠢᠭᠦᠷᠢ ᠲᠠᠢ ᠪᠠᠶᠢᠳᠠᠭ᠃ ᠰᠠᠭᠤᠷᠢ ᠤᠨᠤᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠵᠦᠢᠯ ᠤᠨ ᠬᠤᠯᠪᠣᠭᠳᠠᠯ ᠪᠦᠬᠦᠢ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠢᠶᠠᠨ ᠵᠢᠷᠤᠮᠵᠢᠭᠤᠯᠵᠤ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠤᠤ ᠭᠤᠸᠠᠩ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠵᠢᠴᠢ ᠰᠢᠭᠦᠬᠦ ᠬᠤᠷᠢᠶ᠎ᠡ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠳ᠋ ᠤᠨ ᠵᠠᠰᠠᠭ᠂ ᠤᠢ ᠰᠢᠭᠤᠢ ᠡᠪᠡᠰᠦ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                                                                                ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2