5 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠮᠠᠨ ᠤ ᠰᠢᠶᠠᠨ ᠳᠤ ᠭᠦᠨᠵᠡᠭᠡᠶᠢᠷᠡᠨ | ᠠᠵᠤ ᠦᠢᠯᠡᠳᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ | ᠤᠳᠤᠷᠢᠳᠤᠯᠭ᠎ᠠ ᠸᠠᠩ ᠪᠢᠩ᠂ ᠶᠢᠩ ᠲᠢᠩ ᠶᠦᠩ᠂ ᠬᠤᠤ ᠰᠢᠶᠤᠤ ᠭᠤᠸᠠᠩ ᠨᠠᠷ ᠬᠠᠮᠲᠤ ᠪᠠᠶᠢᠴᠠᠭᠠᠨ ᠰᠤᠳᠤᠯᠪᠠ᠃ | | | ᠰᠢᠤᠢ ᡁᠢ ᠮᠢᠩ ᠤᠷᠢᠳ ᠬᠤᠵᠢᠳ ᠮᠠᠨ ᠤ ᠰᠢᠶᠠᠨ ᠤ ᠵᠦᠩ ᠲᠠᠢ ᠨᠢᠺᠤᠯ ᠲᠡᠮᠦᠷ ᠤᠨ ᠬᠢᠵᠠᠭᠠᠷᠲᠤ ᠺᠣᠮᠫᠠᠨᠢ | ᠪᠣᠯᠤᠨᠥᠪᠦᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠪᠠᠶᠢᠴᠠᠭᠠᠨ ᠰᠣᠳᠤᠯᠤᠯᠲᠡᠬᠢᠪᠠ᠃ | | ᠬᠦᠷᠦᠭᠰᠡᠨ ᠭᠠᠵᠠᠷ ᠪᠣᠯᠭᠠᠨ ᠳᠠᠭᠠᠨ᠂ ᠰᠢᠤᠢ ᡁᠢ ᠮᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ ᠦᠢᠯᠡᠳᠪᠤᠷᠢᠯᠡᠯ | ᠡᠵᠡᠩᠨᠡᠯᠲᠡ ᠶᠢᠨ ᠪᠠᠶᠢᠳᠠᠯ ᠪᠣᠯᠤᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠣᠶᠢᠯᠠᠭᠠᠵᠤ᠂ ᠠᠵᠤ ᠠᠬᠤᠶᠢᠯᠠᠯ ᠤᠨ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠰᠠᠨᠠᠯ | ᠰᠠᠨᠠᠭᠤᠯᠭ᠎ᠠ ᠶᠢ ᠰᠣᠨᠣᠰᠴᠤ ᠠᠵᠤ ᠠᠬᠤᠶᠢᠯᠠᠯ ᠲᠠᠢ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤᠪᠠᠷ | ᠵᠦᠪᠳᠡᠯᠴᠡᠪᠡ᠃ | | ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠢᠤᠢ ᡁᠢ ᠮᠢᠩ ᠣᠶᠢᠷ᠎ᠠ ᠶᠢᠨ ᠵᠢᠯ ᠤᠳ ᠲᠤ ᠮᠠᠨ ᠤ ᠰᠢᠶᠠᠨ ᠤ | ᠠᠵᠤ ᠦᠢᠯᠡᠳᠪᠤᠷᠢ ᠶᠢᠨ ᠠᠵᠤ ᠠᠬᠤᠶ ᠶᠢᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ | ᠭᠦᠢᠴᠡᠳᠨᠤᠲᠠᠯᠠᠪᠠ᠃ ᠡᠭᠦᠨ ᠤ ᠬᠠᠮᠲᠤ ᠬᠤᠶᠢᠰᠢᠳᠠ ᠶᠢᠨ ᠠᠵᠢᠯ ᠤᠨ ᠳᠤᠮᠳᠠ ᠲᠤᠬᠠᠶ ᠶᠢᠨ ᠭᠠᠵᠠᠷ ᠤᠨ ᠪᠣᠳᠠᠲᠤ | ᠪᠠᠶᠢᠳᠠᠯ ᠳᠠᠭᠠᠨ ᠰᠠᠭᠤᠷᠢᠯᠠᠵᠤ ᠠᠮᠢ ᠠᠬᠤᠶ ᠶᠢᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠬᠢᠷᠲᠤᠯ | ᠦᠭᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷᠭᠦᠯᠵᠢᠯᠡᠭᠦᠶᠢᠴᠡ ᠠᠵᠤ ᠠᠬᠤᠶ ᠶᠢᠨ | ᠬᠥᠭᠵᠢᠯᠲᠡ ᠶᠢᠨ ᠡᠷᠴᠢᠮ ᠢᠶᠠᠨ ᠲᠠᠰᠤᠷᠠᠯᠲᠠ ᠤᠢᠭᠡᠢ ᠨᠡᠮᠡᠭᠳᠡᠭᠦᠯᠵᠦ᠂ ᠲᠤᠯᠭᠠᠭᠤᠷᠢ ᠠᠵᠤ ᠦᠢᠯᠡᠰ ᠢ ᠳᠡᠮᠵᠢᠬᠦ ᠪᠠ | ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠪᠡᠯᠡ ᠬᠤᠷᠠᠮᠳᠤᠭᠤᠯᠬᠤ᠂ ᠴᠠᠬᠢᠯᠭᠠᠨ ᠬᠡᠷᠡᠭᠯᠡᠬᠦ ᠵᠡᠷᠭᠡ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ | ᠰᠢᠢᠳᠪᠤᠷᠢᠯᠡᠵᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠣᠷᠴᠢᠭᠤᠯᠤᠭᠴᠢ᠄ ᠭᠡᠷᠡᠯ | |