ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠠᠨ ᠯᠢᠩ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020-05-15
   5 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ‍ᠤᠨ‌‍ᠲ᠋ᠥ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠠᠨ ᠯᠢᠩ ᠨᠡᠷ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠵᠢᠴᠢ ᠰᠢᠶᠠᠨ ᠤ ᠤᠳᠤᠷᠢᠳᠤᠯᠭ᠎ᠠ ᠸᠠᠩ ᠪᠢᠩ᠂ ᠶᠢᠩ ᠲᠢᠩ ᠶᠦᠩ᠂ ᠬᠤᠤ ᠰᠢᠶᠤᠤ ᠭᠤᠸᠠᠩ᠂ ᠵᠠᠩ ᠭᠦᠸᠧ ᠷᠦᠩ ᠨᠠᠷ ᠪᠠᠷ᠎ᠠ ᠪᠣᠯᠪᠠ᠃
    ᠾᠧ ᠶᠠᠨ ᠯᠢᠩ ᠨᠡᠷ ᠤᠷᠢᠳ ᠬᠤᠵᠢᠳ ᠪᠠᠶᠠᠨᠲᠠᠯ᠎ᠠ ᠲᠣᠰᠬᠤᠨ᠂ ᠮᠢᠨ ᠱᠧᠩ ᠲᠣᠰᠬᠤᠨ ᠳᠤ ᠬᠦᠷᠴᠦ  ᠠᠶᠦᠯᠭᠦᠢ ᠤᠰᠤ ᠤᠮᠳᠠ ᠶᠢᠨ ᠢᠨᠵᠧᠨᠧᠷᠢᠩ ᠢ ᠰᠡᠯᠪᠢᠨ ᠵᠠᠰᠠᠭᠰᠠᠨ ᠪᠠ ᠠᠵᠤ ᠦᠢᠯᠡᠰ ᠢᠶᠠᠷ ᠶᠠᠳᠠᠭᠤ ᠶᠢ ᠲᠡᠳᠬᠦᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠪᠡ᠃
    ᠪᠠᠶᠠᠨᠲᠠᠯ᠎ᠠ ᠲᠣᠰᠬᠤᠨ ᠳᠤ ᠾᠧ ᠶᠠᠨ ᠯᠢᠩ ᠲᠦᠭᠡᠭᠡᠯ ᠤᠰᠤ ᠶᠢ ᠰᠡᠯᠪᠢᠨ ᠵᠠᠰᠠᠬᠤ᠂ ᠪᠠᠷᠢᠯᠭ᠎ᠠ ᠶᠢᠨ ᠤᠰᠤ ᠬᠠᠩᠭᠠᠬᠤ ᠬᠡᠪᠴᠢᠶ᠎ᠡ᠂ ᠬᠠᠮᠢᠶᠠᠷᠤᠯᠲᠠ ᠶᠢᠨ ᠲᠣᠭᠲᠠᠴᠠ᠂ ᠠᠵᠢᠯᠯᠠᠭᠠᠨ ᠤ ᠲᠣᠭᠲᠠᠴᠠ᠂ ᠤᠰᠤᠨ ᠤ ᠴᠢᠨᠠᠷ ᠢ ᠬᠢᠨᠠᠨ ᠬᠡᠮᠵᠢᠬᠦ ᠪᠠ ᠬᠡᠷᠡᠭᠯᠡᠭᠴᠢ ᠶᠢᠨ ᠤᠰᠤ ᠬᠡᠷᠡᠭᠯᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠬᠡᠷᠬᠢᠨ ᠪᠠᠲᠤᠯᠠᠬᠤ ᠠᠰᠠᠭᠤᠳᠠᠯ ᠤᠨ ᠲᠤᠬᠠᠶ ᠰᠠᠨᠠᠭᠤᠯᠭ᠎ᠠ ᠪᠠ ᠰᠠᠨᠠᠯ ᠳᠤᠷᠠᠳᠪᠠ᠃ ᠾᠧ ᠶᠠᠨ ᠯᠢᠩ᠄ ᠬᠥᠳᠡᠭᠡ ᠲᠣᠰᠬᠤᠨ ᠤ  ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠪᠣᠯ ᠠᠷᠠᠳ ᠲᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠮᠥᠷᠲᠡᠭᠡᠨ ᠪᠠᠰᠠ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠯᠠᠩ ᠳᠤ ᠠᠰᠢᠭ ᠬᠦᠷᠲᠡᠭᠡᠬᠦ ᠣᠶᠢᠷ᠎ᠠ ᠪᠠᠶᠢᠳᠠᠭ ᠢᠨᠵᠧᠨᠧᠷᠢᠩ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠨᠵᠧᠨᠧᠷᠢᠩ ᠢ ᠰᠡᠯᠪᠢᠨ ᠵᠠᠰᠠᠬᠤ᠂ ᠠᠵᠢᠯᠯᠠᠭᠤᠯᠬᠤ ᠪᠠ ᠬᠠᠮᠢᠶᠠᠷᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨ᠎ᠡ ᠬᠠᠩᠰᠢ᠂ ᠥᠪᠡᠷ ᠤᠨ ᠥᠷᠲᠡᠭ᠂ ᠤᠰᠤᠨ ᠤ ᠴᠢᠨᠠᠷ ᠵᠡᠷᠭᠡ ᠡᠯ᠎ᠡ ᠵᠦᠢᠯ ᠤᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠢᠨᠵᠧᠨᠧᠷᠢᠩ ᠤᠨ ᠦᠷᠭᠦᠯᠵᠢᠯᠡᠨ ᠠᠮᠤᠷ ᠲᠦᠪᠰᠢᠨ ᠤᠰᠤ  ᠬᠠᠩᠭᠠᠵᠤ᠂ ᠤᠯᠠᠨ ᠲᠦᠮᠡᠨ ᠳᠤ ᠤᠷᠲᠤ ᠬᠤᠭᠤᠴᠠᠭ᠎ᠠ ᠪᠠᠷ ᠠᠮᠤᠷ ᠲᠦᠪᠰᠢᠨ ᠤᠰᠤ ᠤᠮᠳᠠ ᠬᠡᠷᠡᠭᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠶᠠᠷᠢᠪᠡ᠃
   ᠭᠤᠸᠠᠩ ᠶᠤᠸᠠᠨ ᠮᠢᠬᠠᠨ ᠤ ᠦᠬᠡᠷ ᠬᠤᠨᠢᠨ ᠤ ᠬᠡᠭᠡᠯᠲᠦᠭᠦᠯᠭᠡ ᠬᠢᠬᠦ ᠥᠷᠲᠡᠭᠡ ᠳᠤ ᠾᠧ ᠶᠠᠨ ᠯᠢᠩ ᠬᠡᠭᠡᠯᠲᠦᠭᠦᠯᠭᠡ ᠬᠢᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠭᠠᠷᠤᠯᠲᠠ᠂ ᠬᠢᠵᠢᠭ ᠰᠡᠷᠭᠡᠶᠢᠯᠡᠬᠦ ᠵᠡᠷᠭᠡ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠦᠲᠦᠭᠡᠨ ᠪᠠᠶᠢᠭᠤᠯᠤᠯᠲᠠ ᠪᠣᠯ  ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠮᠢᠬᠠᠨ ᠤ ᠦᠬᠡᠷ ᠬᠤᠨᠢᠨ ᠤ ᠬᠡᠭᠡᠯᠲᠦᠭᠦᠯᠭᠡ ᠶᠢᠨ ᠲᠥᠷᠥᠯ ᠵᠦᠢᠯ ᠪᠣᠯ ᠠᠷᠠᠳ ᠤᠨ ᠠᠮᠢᠳᠤᠷᠠᠯ ᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠰᠠᠭᠤᠷᠢ ᠶᠢ ᠬᠥᠭᠵᠢᠭᠦᠯᠦᠨ ᠪᠤᠵᠠᠭᠠᠶᠢᠷᠠᠭᠤᠯᠬᠤ ᠭᠤᠤᠯᠳᠠᠯᠭ᠎ᠠ ᠲᠠᠢ ᠶᠠᠳᠠᠭᠤ ᠶᠢ ᠲᠡᠳᠬᠦᠬᠦ ᠠᠵᠤ ᠦᠢᠯᠡᠰ ᠪᠣᠯᠤᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠭᠵᠢᠯᠲᠡ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠣᠨᠴᠠᠯᠢᠭᠲᠤ ᠠᠵᠤ ᠦᠢᠯᠡᠰ ᠤᠨ ᠪᠤᠶᠢᠵᠢᠯᠲᠠ ᠶᠢ ᠬᠦᠴᠦᠲᠡᠶ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠪᠡ᠃    ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠾᠧ ᠶᠠᠨ ᠯᠢᠩ ᠪᠠᠰᠠ ᠪᠠᠶᠠᠨᠲᠠᠯ᠎ᠠ ᠲᠣᠰᠬᠤᠨ ᠤ ᠵᠣᠯ ᠵᠢᠷᠭᠠᠯᠠᠩ ᠤᠨ ᠬᠦᠷᠢᠶᠡᠯᠡᠩ ᠳᠤ ᠭᠦᠨᠵᠡᠭᠡᠶᠢᠷᠡᠵᠦ᠂ ᠵᠣᠯ  ᠵᠢᠷᠭᠠᠯᠠᠩ ᠤᠨ ᠬᠦᠷᠢᠶᠡᠯᠡᠩ ᠤᠨ ᠨᠠᠰᠤᠲᠠᠨ ᠢ ᠪᠣᠯᠭᠤᠭᠠᠨ ᠲᠣᠬᠤᠨᠢᠭᠤᠯᠪᠠ᠃                                                     ᠣᠷᠴᠢᠭᠤᠯᠤᠭᠴᠢ᠄ ᠭᠡᠷᠡᠯ    
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2