ᠪᠠᠶᠠᠨᠲᠠᠯ᠎ᠠ ᠰᠢᠶᠠᠩ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-15
   5 ᠰᠠᠷ᠎ᠠ ᠶᠢᠨ 15 ᠤ ᠦᠳᠡ ᠶᠢᠨ ᠡᠮᠦᠨ᠎ᠡ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠤᠨ ᠳᠤᠮᠳᠠ ᠪᠠᠶᠠᠨᠲᠠᠯ᠎ᠠ ᠰᠢᠶᠠᠩ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠰᠢᠶᠠᠩ ᠤᠨ ᠵᠠᠰᠠᠭ ᠤᠨ ᠣᠷᠳᠣᠨ ᠤ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠃ ᠰᠢᠶᠠᠩ ᠤᠨ ᠳᠠᠷᠤᠭ᠎ᠠ ᠶᠠᠩ ᠴᠢᠩ ᠹᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠹᠦ᠋ ᠬᠤᠸᠠ ᠵᠢᠶᠦ᠋ᠨ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 54 ᠬᠦᠮᠦᠨ᠂ 24 ᠰᠤᠯᠠ ᠣᠷᠣᠯᠴᠠᠭᠰᠠᠳ ᠬᠤᠷᠠᠯ ᠳᠤ ᠣᠷᠣᠯᠴᠠᠪᠠ᠃    ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ ᠢ ᠰᠣᠨᠣᠰᠴᠤ ᠬᠢᠨᠠᠨ ᠶᠠᠷᠢᠯᠴᠠᠭᠰᠠᠨ ᠪᠥᠭᠡᠳ ᠡᠯ᠎ᠡ ᠵᠦᠢᠯ ᠤᠨ ᠠᠵᠢᠯ ᠤᠨ ᠢᠯᠡᠳᠬᠡᠯ ᠤᠨ ᠰᠢᠢᠳᠪᠦᠷᠢ ᠶᠢ ᠪᠠᠲᠤᠯᠠᠪᠠ᠃    ᠰᠢᠶᠠᠩ ᠤᠨ ᠳᠠᠷᠤᠭ᠎ᠠ ᠶᠠᠩ ᠴᠢᠩ ᠹᠡᠩ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠨᠢ 2019 ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠠᠵᠤ ᠦᠢᠯᠡᠰ ᠤᠨ ᠬᠥᠭᠵᠢᠯ ᠪᠠᠳᠠᠷᠠᠯ ᠢᠶᠠᠷ ᠭᠤᠣᠯᠳᠠᠯᠭ᠎ᠠ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠠᠶᠢᠲᠤᠷ ᠬᠡᠷᠡᠭᠵᠢᠭᠦᠯᠦᠨ᠎ᠡ︔ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︔ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ︔ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ‌‍ᠲ᠋ᠠᠪᠤᠨ ᠲᠠᠯ᠎ᠠ ᠠᠴᠠ  2020 ᠣᠨ ᠤ ᠵᠠᠰᠠᠭ ᠤᠨ ᠣᠷᠳᠣᠨ ᠤ ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃    ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠹᠦ᠋ ᠬᠤᠸᠠ ᠵᠢᠶᠦ᠋ᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠵᠡᠶ᠃ ᠢᠯᠡᠳᠬᠡᠯ ᠳᠤ 2019 ᠣᠨ ᠤ ᠠᠵᠢᠯ ᠢ ᠡᠷᠭᠢᠴᠡᠭᠦᠯᠵᠦ᠂ 2020 ᠣᠨ ᠤ ᠭᠤᠤᠯ ᠪᠣᠯᠬᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠯᠢ ᠣᠯᠠᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ︽ᠤᠬᠢ ᠰᠢᠯᠢᠳᠡᠭ ᠢᠶᠠᠷ ᠲᠠᠷᠢᠵᠤ ᠲᠡᠵᠢᠭᠡᠵᠦ᠂ ᠰᠠᠶᠢᠨ ᠡᠭᠦᠯᠳᠡᠷ᠂ ᠰᠠᠶᠢᠨ ᠠᠷᠭ᠎ᠠ︾ ᠶᠢᠨ ᠬᠥᠭᠵᠢᠯᠲᠡ ᠶᠢᠨ ᠣᠶᠢᠯᠠᠭᠠᠭᠳᠠᠬᠤᠨ᠂ ︽5843︾ ᠢᠨᠵᠧᠨᠧᠷᠢᠩ ᠢ ᠬᠦᠴᠦᠯᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠣᠷᠭᠠᠨᠢᠭ ᠢᠶᠠᠷ ᠵᠣᠯᠭᠠᠭᠤᠯᠵᠤ᠂ ᠪᠠᠶᠠᠨᠲᠠᠯ᠎ᠠ ᠰᠢᠶᠠᠩ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠭᠦᠳᠬᠦ ᠬᠡᠷᠡᠭᠲᠡᠢ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠲᠥᠯᠥᠭᠡᠯᠡᠭᠴᠢᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠡᠷᠬᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠵᠦ᠂ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠵᠤ᠂ ᠴᠢᠳᠠᠪᠤᠷᠢ ᠬᠡᠪ ᠴᠢᠨᠠᠷ ᠢ ᠬᠦᠴᠦᠯᠡᠨ ᠴᠢᠩᠭᠠᠳᠬᠠᠵᠤ᠂ ᠪᠠᠶᠠᠨᠲᠠᠯ᠎ᠠ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃                                                        ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2