5 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠡᠩᠭᠡᠯᠲᠤ ᠨᠡᠷ ᠮᠠᠨ ᠤ ᠰᠢᠶᠠᠨ ᠳᠤ ᠢᠷᠡᠵᠦ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠦ᠋ ᠵᠢᠶᠦ᠋ᠨ ᠹᠧᠩ᠂ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠢ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠸᠠᠩ ᠢᠦᠢ ᠹᠸᠢ ᠪᠠᠷ᠎ᠠ ᠪᠤᠯᠵᠤ ᠪᠠᠶᠢᠴᠠᠭᠠᠨ ᠰᠤᠳᠤᠯᠤᠯᠲᠠ | ᠬᠢᠪᠡ᠃ | | ᠴᠡᠩᠭᠡᠯᠲᠤ ᠨᠡᠷ ᠤᠷᠢᠳ ᠬᠤᠵᠢᠳ ᠴᠠᠩ ᠹᠧᠩ ᠨᠡᠶᠢᠭᠡᠮ ᠲᠣᠭᠤᠷᠢᠭ ᠤᠨ ᠡᠳᠦᠷ ᠳᠤᠲᠤᠮ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠬᠡᠨ ᠤ ᠲᠥᠪ᠂ ᠯᠢᠶᠠᠨ ᠳ᠋ᠧ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠳᠡᠪᠡᠭᠡᠲᠤ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯᠠᠩ ᠤᠨ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠡᠵᠡᠩᠨᠡᠯᠲᠡ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠭᠠᠪᠠ᠃ | | ᠴᠡᠩᠭᠡᠯᠲᠤ ᠨᠡᠷ ᠮᠠᠨ ᠤ ᠰᠢᠶᠠᠨ ᠤ ᠴᠠᠩ ᠹᠧᠩ ᠨᠡᠶᠢᠭᠡᠮ ᠲᠣᠭᠤᠷᠢᠭ ᠤᠨ 12349 ᠠᠷᠠᠳ ᠤᠨ ᠶᠠᠪᠤᠳᠠᠯ ᠤᠨ ᠣᠯᠠᠨ | ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠠᠰᠤᠭ᠂ ᠨᠠᠰᠤᠲᠠᠶᠢᠴᠤᠳ ᠤᠨ ᠬᠥᠳᠡᠯᠭᠡᠭᠡᠨ ᠤ ᠲᠠᠰᠤᠭ᠂ ᠣᠯᠠᠨ ᠴᠢᠳᠠᠮᠵᠢᠲᠤ ᠬᠦᠳᠡᠯᠭᠡᠭᠡᠨ ᠤ ᠲᠠᠰᠤᠭ | ᠂ ᠡᠳᠦᠷ ᠲᠤᠲᠤᠮ ᠤᠨ ᠠᠷᠠᠴᠢᠯᠠᠭ᠎ᠠ ᠳᠣᠳᠤᠮᠳᠠᠯᠭ᠎ᠠ ᠶᠢᠨ ᠲᠥᠪ ᠵᠡᠷᠭᠡ ᠭᠠᠵᠠᠷ ᠢ ᠪᠠᠶᠢᠴᠠᠭᠠᠨ ᠦᠵᠡᠵᠦ᠂ ᠬᠠᠮᠢᠶ᠎ᠠ | ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠯᠠᠨ ᠲᠦᠮᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ | ᠠᠵᠢᠯᠯᠠᠭᠠᠨ ᠤ ᠪᠠᠶᠢᠳᠠᠯ ᠢ ᠨᠠᠷᠢᠨ ᠣᠶᠢᠯᠭᠠᠵᠤ᠂ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠣᠨᠣᠪᠴᠢᠲᠠᠶ ᠲᠤᠰᠬᠠᠬᠤ ᠬᠡᠷᠡᠭᠲᠡᠶ ᠭᠡᠵᠦ | ᠱᠠᠭᠠᠷᠳᠠᠪᠡ᠃ | | ᠯᠢᠶᠠᠨ ᠳ᠋ᠧ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠥᠪ᠂ | ᠳᠡᠪᠡᠭᠡᠲᠤ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠠᠩ ᠤᠨ ᠬᠦᠷᠢᠶᠡᠯᠡᠩ ᠳᠤ ᠴᠡᠩᠭᠡᠯᠲᠤ ᠨᠠᠷ ᠮᠠᠨ ᠤ | ᠰᠢᠶᠠᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠣᠳᠤᠯᠵᠦ᠂ | ᠨᠠᠰᠤᠵᠢᠯ ᠤᠨ ᠪᠠᠶᠢᠭᠤᠯᠤᠮᠵᠢ ᠶᠢᠨ ᠦᠢᠯᠡᠳᠪᠦᠷᠢᠯᠡᠯ ᠤᠨ ᠠᠮᠤᠷ ᠲᠦᠪᠰᠢᠨ᠂ ᠦᠢᠯᠡᠴᠢᠯᠡᠭᠡᠨ ᠤ ᠶᠠᠰᠤ ᠴᠢᠨᠠᠷ᠂ ᠣᠷᠤᠨ | ᠰᠠᠭᠤᠴᠠ ᠶᠢᠨ ᠠᠬᠤᠢ ᠪᠠᠶᠢᠳᠠᠯ ᠵᠢᠴᠢ ᠢᠳᠡᠭᠡᠨ ᠤᠮᠳᠠᠭᠠᠨ ᠤ ᠠᠷᠢᠭᠤᠨ ᠴᠡᠪᠡᠷ ᠵᠡᠷᠭᠡ ᠲᠠᠯ᠎ᠠ ᠶᠢ ᠨᠠᠷᠢᠨ ᠣᠶᠢᠯᠭᠠᠵᠤ᠂ | ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠥᠭᠵᠢᠯᠲᠡ ᠶᠢᠨ ᠦᠷ᠎ᠡ ᠪᠦᠲᠦᠭᠡᠯ | ᠪᠠ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠪᠠ᠃ | ᠨᠠᠰᠤᠲᠠᠳ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠳ ᠤᠨ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠯᠠᠪᠯᠠᠨ | ᠠᠰᠠᠭᠤᠭᠰᠠᠨ ᠤ ᠬᠠᠮᠲᠤ ᠨᠠᠰᠤᠲᠠᠳ ᠤᠨ ᠵᠤᠭ᠎ᠠ ᠴᠡᠩᠭᠡᠯ᠂ ᠬᠤᠭᠤᠯᠠ ᠤᠮᠳᠠ᠂ ᠠᠮᠠᠷᠠᠬᠤ ᠭᠠᠵᠠᠷ ᠢ ᠲᠣᠭᠤᠷᠢᠨ ᠦᠵᠡᠪᠡ᠃ | | | ᠴᠡᠩᠭᠡᠯᠲᠤ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠪᠣᠯ ᠨᠠᠮ ᠤᠨ ᠣᠯᠠᠨ ᠲᠦᠮᠡᠨ ᠲᠠᠢ ᠬᠠᠷᠢᠯᠴᠠᠬᠤ | ᠬᠠᠮᠤᠭ ᠤᠨ ᠡᠮᠦᠨ᠎ᠡ ᠹᠷᠣᠨᠲ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠠᠮ ᠨᠢᠭᠡ | ᠠᠯᠬᠤᠮ ᠦᠨᠳᠦᠰᠦᠨ ᠱᠠᠲᠤᠨ ᠤ ᠰᠠᠭᠤᠷᠢ ᠠᠵᠢᠯ ᠢ ᠪᠤᠳᠠᠲᠠᠶᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠤᠯᠠᠨ ᠲᠦᠮᠡᠨ ᠳᠤ ᠰᠠᠶᠢᠨ ᠶᠠᠪᠤᠳᠠᠯ ᠬᠢᠵᠦ ᠥᠭᠬᠦ ᠪᠠᠷ ᠴᠢᠷᠮᠠᠶᠢᠵᠤ᠂ ᠤᠯᠠᠨ ᠲᠦᠮᠡᠨ ᠢ ᠤᠴᠢᠷ | ᠶᠠᠪᠤᠳᠠᠯ ᠪᠦᠲᠦᠭᠡᠬᠦ ᠳᠤ ᠳᠦᠭᠦᠮ ᠪᠣᠯᠭᠠᠬᠤ ᠬᠡᠷᠡᠭᠲᠡᠶ᠃ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠨᠡᠶᠢᠭᠡᠮ | ᠲᠣᠭᠤᠷᠢᠭ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃ | | ᠯᠢᠶᠠᠨ ᠳ᠋ᠧ ᠡᠮᠨᠡᠯᠭᠡ ᠶᠢᠨ ᠦᠢᠯᠡᠴᠢᠯᠡᠭᠡᠨ ᠤ ᠲᠥᠪ ᠲᠤ ᠴᠡᠩᠭᠡᠯᠲᠤ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪ ᠵᠠᠭᠪᠤᠷ ᠢ ᠭᠦᠢᠴᠡᠳ ᠨᠤᠲᠠᠯᠠᠭᠰᠠᠨ ᠤ ᠬᠠᠮᠲᠤ | ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ᠂ ᠨᠡᠶᠢᠭᠡᠮ ᠤᠨ ᠬᠦᠴᠦᠨ ᠢ | ᠳᠠᠶᠢᠴᠢᠯᠠᠨ ᠨᠠᠰᠤᠵᠢᠯ ᠤᠨ ᠡᠩᠨᠡᠭᠡᠨ ᠳᠤ ᠣᠷᠣᠭᠤᠯᠵᠤ᠂ ᠨᠠᠩ ᠣᠯᠠᠨ ᠳᠤᠮᠳᠠ ᠳᠣᠤᠷ᠎ᠠ ᠣᠷᠤᠯᠭ᠎ᠠ ᠲᠠᠢ ᠪᠠᠭᠤᠷᠠᠶ | ᠨᠠᠰᠤᠲᠠᠶᠢᠴᠤᠳ ᠤᠨ ᠪᠦᠯᠬᠦᠮ ᠳᠤ ᠬᠠᠨᠳᠤᠭᠤᠯᠵᠤ᠂ ᠲᠡᠳᠡᠨ ᠤ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠵᠤ᠂ | ᠡᠭᠦᠨ ᠤ ᠬᠠᠮᠲᠤ ᠠᠷᠠᠳ ᠤᠨ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠵᠦ᠂ ᠤᠯᠠᠮ ᠨᠢᠭᠡ ᠠᠯᠬᠤᠮ ᠪᠣᠳᠠᠲᠠᠢ ᠶᠢ ᠡᠷᠬᠢᠮᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠨᠡᠶᠢᠭᠡᠮᠴᠢᠯᠡᠭᠰᠡᠨ ᠰᠠᠭᠤᠷᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠠᠵᠢᠯ ᠢ ᠰᠢᠯᠢᠳᠡᠭᠵᠢᠭᠦᠯᠵᠦ᠂ | ᠨᠠᠰᠤᠵᠢᠯ ᠤᠨ ᠦᠢᠯᠡᠴᠢᠯᠡᠭᠡᠨ ᠤ ᠨᠡᠶᠢᠭᠡᠮᠴᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ | ᠠᠵᠢᠯ ᠢ ᠨᠠᠩ ᠳᠦᠷᠢᠮᠵᠢᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠶᠢᠭᠡᠮᠴᠢᠯᠡᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠢᠯᠡᠷᠬᠡᠶᠢᠯᠡᠬᠦ ᠳᠡᠭᠡᠨ᠂ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ ᠮᠠᠨ ᠤ ᠰᠢᠶᠠᠨ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ | ᠬᠥᠭᠵᠢᠯᠲᠡ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠠᠳᠠᠯᠢ ᠪᠤᠰᠤ ᠲᠠᠰ ᠳᠠᠪᠬᠤᠷᠭ᠎ᠠ ᠶᠢᠨ ᠨᠠᠰᠤᠵᠢᠯ ᠤᠨ | ᠬᠡᠷᠡᠭᠴᠡᠭᠡ ᠶᠢ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠠᠷᠢᠯᠢᠭ ᠣᠨᠤᠴᠢᠲᠠᠢ | ᠪᠣᠯᠭᠠᠬᠤ᠂ ᠬᠡᠯᠪᠡᠷᠢ ᠮᠠᠶ᠋ᠢᠭ ᠢ ᠣᠯᠠᠨ ᠶᠠᠩᠵᠤᠯᠠᠬᠤ᠂ ᠣᠷᠣᠯᠴᠠᠬᠤ ᠶᠢ ᠨᠡᠶᠢᠭᠡᠮᠴᠢᠯᠡᠬᠦ ᠪᠠᠷ ᠳᠠᠮᠵᠢᠭᠤᠯᠤᠨ ᠪᠥᠬᠦ ᠰᠢᠶᠠᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠡᠷ ᠪᠦᠯᠢ ᠪᠠᠷ ᠰᠠᠭᠤᠷᠢ ᠪᠣᠯᠭᠠᠬᠤ᠂ ᠨᠡᠶᠢᠭᠡᠮ ᠲᠣᠭᠤᠷᠢᠭ ᠢᠶᠠᠷ ᠲᠦᠰᠢᠭ | ᠪᠣᠯᠭᠠᠬᠤ᠂ ᠪᠠᠶᠢᠭᠤᠯᠤᠮᠵᠢ ᠪᠠᠷ ᠨᠥᠬᠦᠪᠥᠷᠢ ᠪᠣᠯᠭᠠᠬᠤ᠂ ᠡᠮᠴᠢᠯᠡᠭᠡ ᠨᠠᠰᠤᠵᠢᠯ ᠢ ᠬᠠᠷᠢᠯᠴᠠᠨ ᠤᠶᠠᠯᠳᠤᠭᠤᠯᠬᠤ ᠣᠯᠠᠨ ᠲᠠᠰ | ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠪᠡ᠃ ᠲᠠᠷᠠᠭᠠᠴᠢ ᠶᠢᠨ | ᠠᠯᠬᠤᠮ ᠳᠤ ᠨᠠᠩ ᠣᠯᠠᠨ ᠠᠷᠠᠳ ᠤᠨ ᠬᠥᠷᠥᠩᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠶᠢ | ᠵᠣᠷᠢᠭᠵᠢᠭᠤᠯᠵᠤ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ | ᠬᠡᠷᠡᠭᠴᠡᠭᠡ ᠶᠢ ᠬᠠᠩᠭᠠᠨ᠎ᠠ ᠭᠡᠪᠡ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠴᠠᠩ ᠱᠦᠨ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ | ᠰᠣᠳᠤᠯᠤᠯᠲᠠ ᠳᠤ ᠣᠷᠣᠯᠴᠠᠪᠠ᠃ | | ᠣᠷᠴᠢᠭᠤᠯᠤᠭᠴᠢ᠄ ᠭᠡᠷᠡᠯ | | | | | | |