5 ᠰᠠᠷ᠎ᠠ ᠶᠢᠨ 17 ᠤ ᠦᠳᠡ ᠡᠮᠦᠨ᠎ᠡ᠂ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠶᠠᠨ ᠤ ᠵᠡᠮᠳᠡᠭᠴᠦᠳ ᠤᠨ | ᠬᠤᠯᠪᠤᠭᠠᠨ ᠤ ᠪᠠᠶᠢᠭᠤᠯᠭ᠎ᠠ ᠶᠢᠨ ᠬᠦᠷᠢᠶᠡᠨ ᠳᠤ ︽ᠵᠡᠮᠳᠡᠭᠴᠦᠳ ᠢ ᠲᠤᠰᠠᠯᠠᠵᠤ ᠶᠠᠳᠠᠭᠤ ᠠᠴᠠ ᠠᠩᠭᠢᠵᠢᠷᠠᠭᠤᠯᠬᠤ | ᠰᠢᠢᠳᠪᠦᠷᠢᠲᠦ ᠢᠯᠠᠯᠲᠠ ᠶᠢ ᠤᠯᠬᠤ︾ ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ ᠭᠤᠴᠢᠳᠡᠬᠢ | ᠤᠳᠠᠭᠠᠨ ᠤ ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠶᠠᠪᠤᠭᠤᠯᠵᠤ᠂ ᠰᠢᠶᠠᠨ ᠤ ᠵᠡᠮᠳᠡᠭᠴᠦᠳ ᠤᠨ ᠬᠤᠯᠪᠤᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠰᠦᠨ | ᠴᠦᠨ ᠯᠸᠢ ᠶᠣᠰᠣᠯᠠᠯ ᠢ ᠡᠷᠬᠢᠯᠡᠭᠰᠡᠨ ᠪᠥᠭᠡᠳ ᠶᠠᠷᠢᠶ᠎ᠡ ᠬᠢᠪᠡ᠃ | ᠰᠦᠨ ᠴᠦᠨ ᠯᠸᠢ ᠶᠠᠷᠢᠶᠠᠨ ᠳᠠᠭᠠᠨ ᠂ ᠪᠦᠬᠦ ᠰᠢᠶᠠᠨ ᠤ ᠡᠯ᠎ᠡ ᠡᠲᠡᠭᠡᠳ ᠤᠨ ᠬᠢᠨ ᠡᠨᠡ ᠤᠳᠠᠭᠠᠨ ᠤ | ᠠᠵᠢᠯᠯᠠᠭ᠎ᠠ ᠪᠠᠷ ᠲᠣᠬᠢᠶᠠᠯ ᠪᠣᠯᠭᠠᠵᠤ᠂ ᠵᠡᠮᠳᠡᠭᠴᠦᠳ ᠤᠨ ᠬᠤᠭᠤᠷᠤᠨᠳᠤᠬᠢ ᠰᠣᠯᠢᠯᠴᠠᠭ᠎ᠠ ᠨᠡᠪᠲᠡᠷᠡᠯᠴᠡᠭᠡ ᠪᠠᠨ | ᠨᠡᠮᠡᠭᠳᠡᠭᠦᠯᠵᠡᠶ᠃ ᠡᠭᠦᠨ ᠤ ᠬᠠᠮᠲᠤ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠡᠮᠳᠡᠭᠴᠦᠳ ᠢ ᠲᠡᠳᠬᠦᠨ | ᠵᠡᠮᠳᠡᠭᠴᠦᠳ ᠢ ᠲᠤᠰᠠᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠵᠡᠮᠳᠡᠭᠴᠦᠳ ᠲᠤ ᠨᠠᠮ ᠪᠠ ᠵᠠᠰᠠᠭ ᠤᠨ | ᠣᠷᠳᠣᠨ ᠤ ᠬᠠᠯᠠᠮᠵᠢᠯᠠᠯ ᠪᠠ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠪᠡ᠃ | ᠡᠭᠦᠨ ᠤ ᠬᠠᠮᠲᠤ ᠥᠷᠭᠡᠨ ᠣᠯᠠᠨ ᠵᠡᠮᠳᠡᠭᠴᠦᠳ ᠤᠨ ᠬᠦᠴᠦ ᠪᠠᠨ ᠡᠷᠴᠢᠯᠡᠵᠦ ᠴᠥᠬᠦᠷᠡᠰᠢ ᠦᠭᠡᠶ ᠲᠡᠮᠡᠴᠡᠬᠦ ᠵᠣᠷᠢᠭ | ᠰᠠᠨᠠᠭ᠎ᠠ ᠪᠠᠨ ᠪᠠᠳᠠᠷᠠᠭᠤᠯᠵᠤ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ | ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ | ᠠᠮᠢᠳᠤᠷᠠᠯ ᠢᠶᠠᠨ ᠴᠤᠭᠴᠠᠯᠠᠬᠤ ᠶᠢ ᠬᠦᠰᠡᠵᠦ ᠪᠠᠶᠢᠨ᠎ᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠶᠠᠨ ᠤ ᠵᠡᠮᠳᠡᠭᠴᠦᠳ ᠤᠨ ᠬᠤᠯᠪᠣᠭ᠎ᠠ᠂ ᠡᠯ᠎ᠡ | ᠵᠡᠮᠳᠡᠭᠴᠦᠳ ᠤᠨ ᠠᠵᠢᠯ ᠤᠨ ᠵᠥᠪᠯᠡᠯ ᠤᠨ ᠭᠡᠰᠢᠭᠦᠨ ᠵᠢᠴᠢ ᠬᠥᠳᠡᠯᠮᠦᠷᠢ ᠠᠵᠢᠯ ᠣᠯᠭᠤᠯᠲᠠ ᠶᠢᠨ ᠰᠠᠯᠠᠭ᠎ᠠ ᠮᠥᠴᠢᠷ | ᠂ ᠯᠧᠶ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠠᠵᠢᠯᠲᠠᠨ ᠤ ᠪᠦᠯᠬᠦᠮ ᠪᠣᠯᠤᠨ ᠵᠡᠮᠳᠡᠭᠴᠦᠳ ᠤᠨ ᠬᠠᠷᠢᠯᠴᠠᠨ | ᠬᠠᠪᠰᠤᠷᠤᠯᠴᠠᠬᠤ ᠨᠡᠶᠢᠭᠡᠮᠯᠢᠭ ᠵᠡᠷᠭᠡ ᠬᠠᠮᠢᠶ᠎ᠠ ᠪᠦᠬᠦᠢ ᠨᠢᠭᠡᠴᠡ ᠪᠠᠰᠠ ᠵᠡᠮᠳᠡᠭᠴᠦᠳ ᠢ ᠲᠤᠰᠠᠯᠠᠬᠤ ᠠᠵᠢᠯᠯᠠᠭ᠎ᠠ | ᠥᠷᠨᠢᠭᠦᠯᠵᠦ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠠᠳᠤᠶ 41 ᠡᠷᠦᠬᠡ ᠶᠠᠳᠠᠭᠤ ᠬᠦᠴᠢᠷᠳᠡᠯᠲᠡᠶ | ᠵᠡᠮᠳᠡᠭᠴᠦᠳ ᠤᠨ ᠭᠡᠷ ᠪᠦᠯᠢ ᠶᠢ ᠲᠣᠬᠤᠨᠢᠭᠤᠯᠵᠤ᠂ ᠲᠡᠳᠡᠨ ᠢ ᠬᠠᠪᠰᠤᠷᠴᠤ ᠪᠣᠳᠠᠲᠠᠶ ᠬᠡᠷᠡᠭᠴᠡᠭᠡ ᠶᠢ ᠨᠢ | ᠰᠢᠢᠳᠪᠤᠷᠢᠯᠡᠵᠦ ᠥᠭᠪᠡ᠃ | ᠡᠯ᠎ᠡ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠤᠳᠤᠷᠢᠳᠤᠯᠭ᠎ᠠ᠂ ᠨᠡᠶᠢᠭᠡᠮ ᠤᠨ | ᠡᠯ᠎ᠡ ᠡᠲᠡᠭᠡᠳ ᠤᠨ ᠳᠤᠷᠠᠴᠤᠳ᠂ ᠬᠡᠰᠡᠭ ᠵᠡᠮᠳᠡᠭᠴᠦᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | | ᠣᠷᠴᠢᠭᠤᠯᠤᠭᠴᠢ᠄ ᠭᠡᠷᠡᠯ |