5 ᠰᠠᠷ᠎ᠠ ᠶᠢᠨ 17 ᠤ ᠡᠳᠦᠷ᠂ ᠮᠠᠨ ᠤ ᠰᠢᠶᠠᠨ 2020 ᠣᠨ ᠤ ᠲᠠᠪᠤᠳᠤᠭᠠᠷ ᠤᠳᠠᠭᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ | ᠡᠷᠬᠢᠨ ᠪᠠᠶᠢᠴᠠᠭᠠᠬᠤ︾᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠰᠢᠮᠳᠠᠭᠤᠯᠤᠨ ᠪᠠᠶᠢᠴᠠᠭᠠᠬᠤ | ᠲᠠᠰᠤᠭ ᠤᠨ ᠳᠠᠯᠳᠠᠭᠤᠷ ᠰᠤᠷᠪᠤᠯᠵᠢᠯᠠᠵᠤ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠬᠢᠨᠠᠯᠲᠠ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠪᠥᠬᠦ ᠲᠠᠯ᠎ᠠ ᠪᠠᠷ | ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠳᠤ ᠳᠠᠬᠢᠨ ᠲᠣᠬᠢᠷᠠᠭᠤᠯᠤᠯᠲᠠ ᠬᠢᠵᠦ ᠳᠠᠬᠢᠨ | ᠪᠠᠶᠢᠷᠢᠯᠠᠭᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠬᠤᠷᠠᠯ | ᠡᠷᠭᠢᠯᠡᠪᠡ᠃ | | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠱᠦᠵᠢ ᠪᠠᠢ ᠵᠢᠶᠦ᠋ᠨ ᠸᠧᠢ ︽ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠭᠤᠣᠯᠳᠠᠯᠭ᠎ᠠ ᠲᠠᠢ ᠠᠵᠢᠯ ᠤᠨ ᠬᠥᠮᠥᠷᠭᠡ ᠶᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠲᠥᠰᠦᠯ︾ ᠤᠨ ᠲᠤᠬᠠᠢ ᠲᠣᠳᠣᠷᠬᠠᠶᠢᠯᠠᠯᠲᠠ ᠬᠢᠵᠦ᠂ ᠬᠤᠷᠠᠯ ᠳᠤ ᠣᠷᠣᠯᠴᠠᠭᠰᠠᠨ ᠡᠯ᠎ᠡ | ᠤᠳᠤᠷᠢᠳᠤᠯᠭ᠎ᠠ ᠲᠥᠰᠦᠯ ᠢ ᠶᠠᠷᠢᠯᠴᠠᠭᠰᠠᠨ ᠪᠥᠭᠡᠳ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ | | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠢᠳᠪᠤᠷᠢᠲᠤ ᠳᠠᠶᠢᠯᠠᠯᠳᠤᠭᠠᠨ ᠬᠢᠵᠦ ᠰᠢᠢᠳᠪᠤᠷᠢᠲᠤ ᠢᠯᠠᠯᠲᠠ ᠣᠯᠬᠤ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ ᠰᠡᠳᠬᠢᠯ | ᠨᠢᠭᠡᠳᠬᠦ ᠦᠭᠡᠢ︾᠂ ︽ᠦᠩᠭᠡᠪᠴᠢ ᠠᠵᠢᠯᠯᠠᠳᠠᠭ︾ ᠪᠠ ︽ᠠᠵᠢᠯᠯᠠᠭ᠎ᠠ ᠤᠳᠠᠭᠠᠨ︾᠂ ︽ᠵᠠᠶᠢᠯᠠᠬᠤ︾ ᠵᠡᠷᠬᠡ | ᠠᠰᠠᠭᠤᠳᠠᠯ ᠢ ᠬᠦᠴᠦᠯᠡᠨ ᠰᠠᠶᠢᠲᠤᠷ ᠰᠢᠢᠳᠪᠤᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠦᠨᠡᠨᠬᠦ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠶᠢ ︽ᠬᠤᠶᠠᠷ ᠢ ᠬᠠᠮᠠᠭᠠᠯᠠᠬᠤ︾ ︽ᠳᠥᠷᠪᠡᠨ ᠤᠬᠠᠮᠰᠠᠷ︾ ᠢ | ᠰᠢᠯᠭᠠᠨ ᠪᠠᠶᠢᠴᠠᠭᠠᠬᠤ ᠪᠣᠳᠠᠲᠠᠶ ᠢᠯᠡᠷᠡᠯ ᠪᠣᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ | ᠲᠠᠯ᠎ᠠ ᠪᠠᠨ ᠭᠦᠨᠵᠡᠭᠡᠶ ᠡᠷᠭᠢᠴᠡᠭᠦᠯᠦᠨ ᠪᠣᠳᠣᠵᠤ᠂ ᠪᠣᠭᠤᠮᠲᠠ ᠰᠢᠪᠲᠤᠯᠬᠤ ᠪᠠᠶᠢᠳᠠᠯ ᠢ ᠢᠮᠠᠭᠲᠠ ᠪᠠᠲᠤᠯᠠᠵᠤ᠂ ︽ | ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠱᠠᠲᠤᠨ ᠤ | ᠱᠦᠵᠢ ᠶᠠᠳᠠᠭᠤ ᠶᠢ ᠲᠡᠳᠬᠦᠬᠦ ᠠᠵᠢᠯ ᠢ ᠠᠳᠬᠤᠬᠤ︾ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠦᠨᠳᠦᠰᠦᠨ ᠱᠠᠲᠤᠨ ᠳᠤ ᠲᠦᠯᠬᠢᠬᠦ ᠠᠷᠭ᠎ᠠ ᠬᠢᠳᠡᠯ ᠢ ᠡᠷᠡᠰ ᠬᠤᠷᠢᠭᠯᠠᠬᠤ | ᠬᠡᠷᠡᠭᠲᠡᠶ᠃ ᠨᠠᠩ ᠶᠡᠭᠡ ᠡᠷᠡᠰ ᠵᠣᠷᠢᠭ ᠨᠠᠩ ᠴᠢᠩᠭ᠎ᠠ ᠡᠷᠴᠢᠮ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠠᠬᠢᠭᠤᠯᠬᠤ ᠬᠡᠷᠡᠭᠲᠡᠶ ᠭᠡᠪᠡ᠃ | | ᠸᠠᠩ ᠪᠢᠩ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠤᠨᠢᠨ | ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠭᠤᠷᠪᠠ ᠶᠢ ᠪᠠᠲᠤᠯᠠᠬᠤ︾ | ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠨᠢᠭᠡ ᠤᠳᠠᠭᠠᠨ ᠤ ︽ᠬᠥᠮᠥᠷᠭᠡ ᠬᠤᠭᠤᠰᠤᠯᠠᠬᠤ︾ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠥᠨᠴᠥᠭ ᠪᠤᠯᠤᠩ | ᠦᠯᠡᠳᠡᠭᠡᠬᠦ ᠦᠭᠡᠢ᠂ ᠰᠣᠬᠤᠷ ᠪᠠᠯᠠᠶ ᠣᠷᠤᠨ ᠦᠯᠡᠳᠡᠭᠡᠬᠦ ᠦᠭᠡᠢ ᠪᠠᠶᠢᠬᠤ ᠬᠡᠷᠡᠭᠲᠡᠶ᠃ ᠨᠠᠶᠢᠳᠠᠪᠤᠷᠢᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ | ᠠᠰᠠᠭᠤᠳᠠᠯ ᠢ ᠲᠠᠨᠢᠵᠤ ᠠᠪᠬᠤ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠳᠤ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠡᠵᠡᠮᠰᠢᠵᠦ᠂ ᠲᠤᠰᠬᠠᠶ ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠤᠨ ᠴᠠᠭ | ᠬᠤᠭᠤᠴᠠᠭᠠᠨ ᠤ ᠵᠠᠩᠭᠢᠶᠠᠰᠤ ᠶᠢ ᠰᠠᠶᠢᠲᠤᠷ ᠡᠵᠡᠮᠰᠢᠵᠦ᠂ ᠴᠠᠭ ᠤᠨ ᠬᠢᠵᠠᠭᠠᠷ ᠢ ᠲᠣᠩᠭᠤᠷᠤᠭᠤᠯᠤᠨ ᠵᠢᠭᠰᠠᠭᠠᠵᠤ᠂ | ᠠᠬᠢᠴᠠ ᠶᠢ ᠵᠠᠪᠳᠤᠨ ᠠᠳᠬᠤᠵᠤ᠂ ᠠᠵᠢᠯ ᠤᠨ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ | ᠪᠠᠲᠤᠯᠠᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ | ᠰᠠᠶᠢᠲᠠᠶ ᠤᠭᠲᠤᠬᠤ ᠬᠡᠷᠡᠭᠲᠡᠢ ᠭᠡᠪᠡ᠃ | ᠸᠠᠩ ᠪᠢᠩ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ | ᠰᠠᠬᠢᠯᠭ ᠠ ᠪᠠᠲᠤ ᠶᠢ ᠴᠢᠩᠳᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠬᠤ ᠬᠡᠷᠡᠭᠲᠡᠶ᠃ ᠡᠯ᠎ᠡ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠳᠤᠭᠤᠶᠢᠯᠠᠩ ᠳᠠᠷᠦ᠋ᠢᠬᠠᠨ | ᠬᠥᠳᠡᠯᠦᠯᠴᠡᠵᠦ᠂ ᠡᠯ᠎ᠡ ᠲᠣᠰᠬᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠲᠣᠰᠬᠤᠨ ᠢ ᠵᠣᠬᠢᠴᠠᠭᠤᠯᠤᠨ | ᠵᠣᠬᠢᠶᠠᠨ ᠪᠠᠶᠢᠭᠤᠯᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ ᠡᠯ᠎ᠡ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠭᠡᠷ ᠱᠦᠵᠢ ᠲᠤᠰᠬᠠᠶ ᠴᠡᠭᠴᠡᠯᠡᠨ ᠵᠠᠰᠠᠬᠤ ᠳᠤᠭᠤᠶᠢᠯᠠᠩ ᠢ | ᠵᠣᠬᠢᠴᠠᠭᠤᠯᠤᠨ ᠲᠤᠰ ᠰᠢᠶᠠᠩ ᠪᠠᠯᠭᠠᠰᠤᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ | ᠥᠷᠨᠢᠭᠦᠯᠵᠦ᠂ ᠡᠯ᠎ᠡ ᠲᠣᠰᠬᠤᠨ ᠤ ᠤᠳᠤᠷᠢᠳᠤᠯᠭ᠎ᠠ᠂ ᠰᠢᠶᠠᠩ ᠪᠠᠯᠭᠠᠰᠤ ᠲᠣᠰᠬᠤᠨ ᠤ ᠺᠠᠳ᠋ᠷ ᠢ ᠰᠢᠮᠳᠠᠭᠤᠯᠤᠨ | ᠵᠢᠯᠣᠭᠤᠳᠴᠤ ᠪᠠᠶᠢᠭᠠᠳ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠡᠯ᠎ᠡ ᠲᠤᠰᠬᠠᠶ | ᠴᠡᠭᠴᠡᠯᠡᠨ ᠵᠠᠰᠠᠬᠤ ᠳᠤᠭᠤᠶᠢᠯᠠᠩ ᠤᠨ ᠠᠵᠢᠯ ᠤᠨ ᠠᠬᠢᠴᠠ ᠶᠢ ᠲᠣᠬᠢᠷᠠᠭᠤᠯᠵᠤ᠂ ᠢᠯᠠᠩᠭᠤᠶ᠎ᠠ ᠠᠰᠠᠭᠤᠳᠠᠯ ᠨᠡᠯᠢᠶᠡᠳ | ᠣᠯᠠᠨ ᠪᠠᠶᠢᠭ᠎ᠠ ᠰᠢᠶᠠᠩ ᠪᠠᠯᠭᠠᠰᠤ ᠪᠠ ᠠᠵᠢᠯᠯᠠᠬᠤ ᠳᠤᠭᠤᠶᠢᠯᠠᠩ ᠳᠤ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠬᠦ | ᠬᠡᠷᠡᠭᠲᠡᠢ ᠭᠡᠪᠡ᠃ | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠳ᠋ᠦᠩᠨᠡᠯᠲᠡ ᠶᠢᠨ | ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠠᠰᠠᠭᠤᠳᠠᠯ ᠳᠤ ᠰᠢᠭᠤᠳ ᠬᠠᠨᠳᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠨᠢᠭᠡᠨᠲᠡ ᠬᠦᠴᠢᠷ ᠠᠰᠠᠭᠤᠳᠠᠯ ᠢ ᠰᠢᠢᠳᠪᠤᠷᠢᠯᠡᠬᠦ᠂ | ᠬᠠᠲᠠᠭᠤ ᠳᠠᠶᠢᠯᠠᠯᠳᠤᠭᠠᠨ ᠬᠢᠬᠦ᠂ ᠡᠴᠦᠰ ᠤᠨ ᠰᠢᠪᠲᠤᠯᠤᠯᠲᠠ ᠬᠢᠬᠦ ᠵᠠᠩᠭᠢᠯᠠᠭ᠎ᠠ ᠶᠢᠨ ᠱᠠᠲᠤᠨ ᠳᠤ ᠬᠦᠷᠴᠦ᠂ | ᠰᠢᠯᠭᠠᠨ ᠪᠠᠶᠢᠴᠠᠭᠠᠵᠤ ᠪᠠᠶᠢᠭ᠎ᠠ ᠨᠢ ᠬᠠᠷᠢᠭᠤᠴᠠᠯᠭ᠎ᠠ ᠡᠭᠦᠷᠭᠡᠯᠡᠯ᠂ ᠰᠢᠯᠭᠠᠨ ᠰᠢᠯᠭᠠᠵᠤ ᠪᠠᠶᠢᠭ᠎ᠠ ᠨᠢ ᠴᠢᠳᠠᠪᠤᠷᠢ ᠶᠢᠨ | ᠲᠦᠪᠰᠢᠨ ᠪᠣᠯᠤᠨ᠎ᠠ᠃ ᠪᠦᠬᠦ ᠰᠢᠶᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ | ᠵᠣᠷᠢᠭᠲᠠᠶ ᠪᠠᠷ ᠬᠠᠷᠢᠭᠤᠴᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠤ | ᠬᠠᠨᠤᠮᠵᠢᠲᠠᠢ ᠪᠠᠶᠢᠬᠤ ᠪᠠᠷ ᠬᠠᠷᠠᠯᠲᠠ ᠪᠣᠯᠭᠠᠵᠤ᠂ 6 ᠰᠠᠷ᠎ᠠ ᠶᠢᠨ 15 ᠤ ᠡᠳᠦᠷ ᠠᠴᠠ ᠡᠮᠦᠨ᠎ᠡ ᠪᠤᠢ ᠪᠦᠬᠦᠢ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | ᠼᠦᠢ ᠢᠦᠢ ᠯᠠᠢ᠂ ᠰᠢᠶᠠᠩ ᠢ ᠳᠠᠭᠠᠭᠠᠴᠢᠯᠠᠭᠰᠠᠨ ᠰᠢᠶᠠᠨ ᠤ ᠤᠳᠤᠷᠢᠳᠤᠯᠭ᠎ᠠ᠂ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠭᠡᠷ ᠱᠦᠵᠢ ᠴᠥᠮ ᠴᠡᠭᠴᠡᠯᠡᠨ | ᠰᠠᠶᠢᠵᠢᠷᠠᠭᠤᠯᠬᠤ ᠠᠵᠢᠯ ᠢ ᠣᠳᠣᠬᠠᠨ ᠤ ᠲᠡᠷᠢᠭᠦᠨ ᠴᠢᠬᠤᠯᠠ ᠠᠵᠢᠯ ᠪᠣᠯᠭᠠᠵᠤ᠂ ᠨᠢᠭᠡ ᠠᠴᠠ ᠨᠦᠭᠦᠭᠡ ᠶᠢ ᠮᠡᠳᠡᠵᠦ᠂ | ᠪᠤᠢ ᠪᠦᠬᠦᠢ ᠠᠰᠠᠭᠤᠳᠠᠯ ᠢ ᠲᠦᠢᠯᠪᠤᠷᠢᠲᠠᠶ ᠥᠭᠡᠷᠡᠴᠢᠯᠡᠵᠦ᠂ ᠲᠤᠭᠤᠰᠢᠲᠠᠶ ᠰᠠᠶᠢᠵᠢᠷᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ | ᠲᠥᠷᠥᠯ ᠤᠨ ᠬᠦᠷᠢᠶᠡᠨ ᠳᠠᠬᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠱᠠᠭᠠᠷᠳᠠᠨ ᠵᠢᠯᠣᠭᠤᠳᠬᠤ ᠪᠠᠨ | ᠴᠢᠩᠬᠠᠳᠬᠠᠵᠤ᠂ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠵᠦᠢᠯ ᠤᠨ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠨᠠᠷᠢᠯᠢᠭ ᠣᠨᠤᠪᠴᠢᠲᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ ᠠᠵᠢᠯ ᠤᠨ | ᠭᠤᠣᠯᠳᠠᠯᠭ᠎ᠠ ᠪᠠᠨ ᠲᠠᠷᠢᠶᠠᠴᠢᠳ ᠤᠨ ᠨᠤᠷᠠᠬᠤ ᠠᠶᠤᠯᠲᠠᠢ ᠭᠡᠷ ᠪᠠᠶᠢᠰᠢᠩ ᠤᠨ ᠥᠭᠡᠷᠡᠴᠢᠯᠡᠯᠲᠡ ᠶᠢᠨ ᠠᠵᠢᠯ ᠢ | ᠡᠬᠢᠯᠡᠭᠦᠯᠬᠦ᠂ ᠭᠡᠷ ᠪᠠᠶᠢᠰᠢᠩ ᠤᠨ ᠶᠠᠰᠤ ᠴᠢᠨᠠᠷ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠨᠤᠷᠠᠭᠠᠬᠤ᠂ | ᠭᠤᠷᠪᠠᠨ ᠶᠠᠪᠤᠳᠠᠯ ᠢ ᠢᠯᠡ ᠪᠣᠯᠭᠠᠬᠤ᠂ ᠡᠷᠡᠭᠦᠯ ᠬᠠᠮᠠᠭᠠᠯᠠᠯ ᠤᠨ ᠲᠠᠰᠤᠭ ᠤᠨ ᠬᠤᠭᠤᠴᠠᠭ᠎ᠠ ᠥᠩᠭᠡᠷᠡᠭᠰᠡᠨ ᠡᠮ | ᠵᠡᠷᠭᠡ ᠠᠵᠢᠯ ᠤᠨ ᠲᠠᠯ᠎ᠠ ᠳᠤ ᠲᠠᠯᠪᠢᠵᠤ᠂ ᠪᠣᠶ ᠪᠥᠬᠦᠶ ᠠᠰᠠᠭᠤᠳᠠᠯ ᠤᠨ ︽ᠬᠥᠮᠥᠷᠭᠡ ᠴᠡᠪᠡᠷᠯᠡᠬᠦ︾ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ ᠃ | | ᠬᠤᠷᠠᠯ ᠳᠡᠭᠡᠷ᠎ᠡ ᠪᠠᠰᠠ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠬᠤ ᠵᠢᠴᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ᠂ ᠶᠠᠳᠠᠭᠤ ᠶᠢ | ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠤᠨ ᠲᠣᠬᠢᠷᠠᠭᠤᠯᠤᠯᠲᠠ᠂ ᠪᠠᠭ᠎ᠠ ᠲᠣᠭᠠᠨ ᠤ ᠶᠠᠳᠠᠭᠤ ᠶᠢ ᠲᠡᠳᠬᠦᠬᠦ | ᠵᠢᠭᠡᠯᠡᠯᠭᠡ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠠᠷᠢᠯᠭᠠᠬᠤ ᠵᠡᠷᠭᠡ ᠭᠤᠤᠯᠳᠠᠯᠭ᠎ᠠ ᠲᠠᠢ | ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ︔ ᠰᠢᠭᠦᠬᠦ ᠬᠤᠷᠢᠶ᠎ᠠ | ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠰᠠᠶᠢᠳ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠭᠡᠰᠢᠭᠦᠨ︔ ᠥᠪᠡᠷᠲᠡᠭᠡᠨ ᠵᠠᠰᠠᠬᠤ ᠣᠷᠣᠨ ᠠᠴᠠ ᠲᠣᠮᠢᠯᠠᠨ | ᠰᠠᠭᠤᠯᠭᠠᠭᠰᠠᠨ ᠠᠵᠢᠯ ᠤᠨ ᠶᠡᠷᠦᠩᠬᠡᠶ ᠠᠩᠭᠢ᠂ ᠬᠤᠲᠠ ᠶᠢᠨ ᠡᠯ᠎ᠡ ᠰᠢᠶᠠᠩ ᠪᠠᠯᠭᠠᠰᠤᠨ ᠳᠤ ᠲᠣᠮᠢᠯᠠᠨ | ᠰᠠᠭᠤᠯᠭᠠᠭᠰᠠᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ︔ ᠰᠢᠶᠠᠨ ᠤ ᠬᠢᠨᠠᠨ | ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ︔ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ | ᠨᠥᠬᠦᠳ︔ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ | ᠬᠤᠷᠠᠯ ᠳᠤ ᠣᠷᠤᠯᠴᠠᠪᠠ᠃ | | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | |