ᠳᠡᠪᠡᠭᠡᠳᠤ ᠰᠢᠶᠠᠩ ᠰᠢᠶᠠᠩ ᠤᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-20
   5 ᠰᠠᠷ᠎ᠠ ᠶᠢᠨ 20 ᠤ ᠡᠳᠦᠷ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠳᠡᠪᠡᠭᠡᠳᠤ ᠰᠢᠶᠠᠩ ᠰᠢᠶᠠᠩ ᠤᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ᠃ ᠰᠢᠶᠠᠩ ᠤᠨ ᠨᠠᠮ ᠤᠨ ᠬᠤᠷᠢᠶᠠᠨ ᠤ ᠱᠦᠵᠢ ᠨᠢᠦ ᠯᠢᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠸᠠᠩ ᠶᠠᠨ ᠹᠧᠩ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠳᠤ 2019 ᠣᠨ ᠤ ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠲᠠᠢ ᠨᠢᠭᠲᠠ ᠤᠶᠠᠯᠳᠤᠭᠤᠯᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠬᠦᠳᠡᠭᠡ ᠲᠣᠰᠬᠤᠨ ᠤ ᠠᠮᠢᠳᠤᠷᠠᠯ ᠤᠨ ᠣᠷᠴᠢᠨ ᠨᠥᠬᠦᠴᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠵᠡᠷᠭᠡ ᠲᠠᠯ᠎ᠠ ᠪᠠᠷ 2020 ᠣᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠱᠠᠨ ᠵᠢᠶᠦ᠋ᠨ ᠮᠧᠶ ᠶᠡᠭᠡ ᠬᠤᠷᠠᠯ ᠳᠤ ᠠᠵᠢᠯ ᠤᠨ ᠢᠯᠡᠳᠬᠡᠯ ᠬᠢᠵᠡᠶ᠃ ᠢᠯᠡᠳᠬᠡᠯ ᠳᠤ 2019 ᠣᠨ ᠤ ᠠᠵᠢᠯ ᠢ ᠡᠷᠭᠢᠴᠡᠭᠦᠯᠵᠦ᠂ 2020 ᠣᠨ ᠤ ᠭᠤᠤᠯ ᠪᠣᠯᠬᠤ ᠠᠵᠢᠯ ᠤᠨ ᠡᠭᠦᠷᠭᠡ ᠶᠢ  ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠪᠠᠰᠠ ᠸᠠᠩ ᠶᠠᠨ ᠹᠧᠩ ᠢ ᠳᠡᠪᠡᠭᠡᠲᠤ ᠰᠢᠶᠠᠩ ᠤᠨ ᠳᠠᠷᠤᠭ᠎ᠠ ᠪᠠᠷ ᠨᠦᠬᠦᠨ ᠰᠣᠩᠭᠤᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠪᠠ ᠣᠪᠣᠷ ᠢᠶᠠᠨ ᠢᠯᠡᠳᠬᠡᠬᠦ ᠦᠭᠡ ᠬᠡᠯᠡᠪᠡ᠃    ᠬᠤᠷᠠᠯ ᠠᠴᠠ ᠳ᠋ᠦᠩᠨᠡᠯᠲᠡ ᠬᠢᠵᠦ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠲᠤ ᠢᠯᠠᠯᠲᠠ ᠶᠢᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠲᠡᠭᠦᠰᠬᠡᠯ ᠤᠨ ᠵᠢᠯ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠯᠢ ᠣᠯᠠᠨ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠲᠥᠯᠥᠭᠡᠯᠡᠭᠴᠢᠳ ᠥᠪᠡᠷ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ᠂ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠤᠬᠠᠭᠤᠯᠬᠤ ᠪᠠ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠷᠬᠡ ᠶᠢ ᠨᠠᠨᠳᠢᠩᠨᠠᠬᠤ ᠬᠡᠷᠡᠭᠲᠡᠶ᠃ ᠲᠥᠯᠥᠭᠡᠯᠡᠭᠴᠢᠳ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠲᠥᠷᠥ ᠶᠢᠨ ᠶᠠᠪᠤᠳᠠᠯ ᠢ ᠬᠠᠮᠢᠶᠠᠷᠬᠤ ᠳᠤᠮᠳᠠᠬᠢ ᠭᠤᠤᠯ ᠴᠣᠭᠴᠠ ᠶᠢᠨ ᠦᠢᠯᠡᠳᠦᠯ᠂ ᠠᠷᠠᠳ ᠣᠯᠠᠨ ᠲᠠᠢ ᠬᠠᠷᠢᠯᠴᠠᠬᠤ ᠳᠤᠮᠳᠠᠬᠢ ᠬᠥᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃                               ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2