ᠮᠠᠨ ᠤ ᠰᠢᠶᠠᠨ ᠪᠦᠬᠦ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-20
   5 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠰᠢᠶᠠᠨ ᠪᠥᠬᠦ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠪᠠ᠃ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠯᠠᠨ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠳ᠋ᠦᠩ ᠬᠠᠶ ᠴᠢᠨ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠬᠠᠤᠯᠢ ᠴᠠᠭᠠᠵᠠ ᠶᠢᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠶᠢᠮᠠᠭ ᠬᠤᠲᠠ ᠶᠢᠨ  ᠥᠪᠡᠷ ᠢᠶᠠᠨ ᠥᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠮᠡᠳᠡᠭᠳᠡᠯ ᠪᠠ ︽ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠶᠤᠨᠴᠢᠯᠠᠭᠰᠠᠨ ᠨᠢᠭᠡ ᠴᠤᠭᠴᠠᠵᠢᠭᠰᠠᠨ ᠲᠠᠪᠴᠠᠩ ᠤᠨ ᠬᠡᠷᠡᠭᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃    ᠪᠦᠬᠦ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠬᠠᠢ ᠯᠢ ᠯᠠᠨ ᠸᠧᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠤᠭᠠᠷ ᠵᠠᠰᠠᠭ ᠶᠠᠪᠤᠭᠤᠯᠬᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠯᠲᠠ ᠲᠠᠢ ᠪᠣᠯᠭᠠᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠭᠡᠷ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ ᠡᠭᠦᠷᠭᠡᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ ᠭᠡᠪᠡ᠃    ᠯᠢ ᠯᠠᠨ ᠸᠧᠨ ᠱᠠᠭᠠᠷᠳᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠶᠢᠨ ᠬᠦᠰᠦᠨᠦᠭᠲᠦ ᠲᠠᠢ ᠬᠠᠷᠢᠴᠠᠭᠤᠯᠤᠨ ᠭᠤᠤᠯᠳᠠᠯᠭ᠎ᠠ ᠶᠢ ᠳᠣᠪᠤᠶᠢᠯᠭᠠᠵᠤ᠂ ᠵᠠᠩᠭᠢᠯᠠᠭ᠎ᠠ ᠶᠢ  ᠠᠳᠬᠤᠵᠤ᠂ ᠣᠷᠬᠢᠭᠳᠠᠭᠰᠠᠨ ᠭᠠᠵᠠᠷ ᠢ ᠪᠠᠶᠢᠴᠠᠭᠠᠨ ᠨᠥᠬᠦᠪᠥᠷᠢᠯᠡᠬᠦ ᠶᠢ ᠲᠦᠷᠭᠡᠳᠬᠡᠵᠦ᠂ ᠥᠪᠡᠷ ᠢᠶᠠᠨ ᠥᠪᠡᠷ ᠢ ᠪᠠᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ᠂ ᠬᠠᠦᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶ  ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠪᠡ᠃          ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠤᠭᠴᠢ᠄ ᠭᠡᠷᠡᠯ          ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2