ᠮᠠᠨ ᠤ ᠰᠢᠶᠠᠨ 2020 ᠤᠨ ᠵᠠᠰᠠᠭ ᠤᠨ ᠣᠷᠳᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-20
   5 ᠰᠠᠷ᠎ᠠ ᠶᠢᠨ 19 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ 2020 ᠣᠨ ᠤ ᠵᠠᠰᠠᠭ ᠤᠨ ᠣᠷᠳᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠡᠯ᠎ᠡ ᠳᠡᠳ᠋ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠤᠬᠠᠭᠤᠯᠬᠤ ᠬᠡᠯᠲᠡᠰ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠮᠠᠨ ᠤ ᠰᠢᠶᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠪᠦᠷᠢᠳᠬᠡᠵᠦ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢ ᠨᠥᠬᠦᠵᠦ ᠲᠠᠷᠢᠭᠰᠠᠨ ᠪᠠᠶᠢᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠣᠨᠳᠣᠤ ᠭᠠᠵᠠᠷ ᠪᠠᠶᠢᠭᠤᠯᠬᠤ ᠰᠦᠢᠳᠬᠡᠯ ᠲᠠᠲᠠᠪᠤᠷᠢᠯᠠᠭᠰᠠᠨ ᠪᠠᠶᠢᠳᠠᠯ ᠪᠣᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠡᠮ ᠡᠮᠨᠡᠯᠭᠡ ᠶᠢᠨ ᠲᠥᠬᠦᠭᠡᠷᠦᠮᠵᠢ ᠬᠤᠳᠠᠯᠳᠤᠨ ᠠᠪᠤᠭᠰᠠᠨ ᠪᠠᠶᠢᠳᠠᠯ ᠵᠡᠷᠭᠡ ᠶᠢᠨ ᠲᠤᠬᠠᠢ ᠰᠣᠨᠣᠰᠪᠠ᠃ ︽ᠬᠤᠸᠠᠳᠧ ᠰᠢᠶᠠᠨ ᠤ ᠰᠠᠭᠤᠭᠠᠯᠢ ᠲᠣᠭᠤᠷᠢᠭ ᠤᠨ 2020 ᠣᠨ ᠤ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠬᠦ ᠠᠷᠭ᠎ᠠ︾᠂ ︽2020 ᠣᠨ ᠤ ᠬᠤᠸᠠᠳᠧ ᠰᠢᠶᠠᠨ ᠤ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ ︾᠂ ︽ᠬᠤᠸᠠᠳᠧ ᠰᠢᠶᠠᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠪᠠ ︽2020 ᠣᠨ ᠤ ᠬᠤᠸᠠᠳᠧ ᠰᠢᠶᠠᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠲᠥᠰᠦᠯ︾ ᠢ ᠬᠢᠨᠠᠨ ᠵᠥᠪᠯᠡᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠡᠯ᠎ᠡ ᠵᠦᠢᠯ ᠤᠨ ᠵᠥᠪᠯᠡᠬᠦ ᠵᠦᠢᠯ ᠤᠨ ᠲᠤᠬᠠᠢ ᠰᠤᠳᠤᠯᠤᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃    ᠼᠦᠢ ᠢᠦᠶ ᠯᠠᠶ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠡᠭᠦᠰᠬᠡᠯ ᠤᠨ ᠵᠢᠯ ᠪᠣᠯᠣᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠶᠢᠳᠠᠪᠤᠷᠢᠵᠢᠭᠤᠯᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠤᠷᠲᠤ ᠬᠤᠭᠤᠴᠠᠭ᠎ᠠ ᠬᠦᠴᠦ ᠣᠷᠣᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠡᠭᠡᠳᠤ ᠬᠡᠮᠵᠢᠶ᠎ᠡ ᠪᠠᠷ ᠬᠠᠷᠢᠭᠤᠴᠠᠬᠤ ᠣᠪᠣᠷ ᠪᠠ ᠴᠢᠩᠭ᠎ᠠ ᠨᠢᠮᠪᠠᠶ ᠪᠤᠳᠠᠲᠠᠢ ᠪᠠᠶᠢᠬᠤ ᠶᠢ ᠡᠷᠬᠢᠮᠯᠡᠬᠦ ᠰᠤᠷᠲᠠᠯ ᠢᠶᠠᠷ᠂ ᠲᠤᠭ᠎ᠠ ᠪᠦᠷᠢᠳᠬᠡᠯ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃    ᠼᠦᠢ ᠢᠦᠢ ᠯᠠᠢ᠂ ᠲᠥᠪᠯᠡᠷᠡᠭᠦᠯᠦᠨ ᠢᠯᠴᠢ ᠬᠠᠩᠭᠠᠬᠤ ᠨᠢ ᠪᠦᠬᠦ ᠰᠢᠶᠠᠨ ᠤ ᠥᠷᠭᠡᠨ ᠣᠯᠠᠨ ᠲᠦᠮᠡᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠴᠢᠬᠤᠯᠠ ᠠᠵᠢᠯ ᠪᠣᠯᠤᠭᠰᠠᠨ ᠤ ᠬᠤᠪᠢ ᠳᠤ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠬᠤ ᠮᠥᠷᠲᠡᠭᠡᠨ ᠪᠠᠰᠠ ᠴᠤ ᠨᠢᠭᠡ ᠵᠦᠢᠯ ᠤᠨ ᠤᠯᠤᠰ ᠲᠥᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠬᠢᠬᠦ ᠢᠨᠵᠧᠨᠧᠷᠢᠩ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠥᠮᠴᠢᠲᠡᠨ ᠢ ᠳᠠᠶᠢᠴᠢᠯᠠᠬᠤ ᠠᠵᠢᠯ ᠢ ᠭᠦᠢᠴᠡᠳ ᠰᠠᠶᠢᠲᠤᠷ ᠬᠢᠬᠦ ᠬᠡᠷᠡᠭᠲᠡᠶ︔ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯ ᠢ ᠲᠥᠯᠥᠪᠯᠡᠭᠡ ᠲᠠᠢ᠂ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ︔ ᠱᠠᠯᠠᠪᠳᠠᠨ ᠲᠦᠷᠭᠡᠨ ᠠᠵᠢᠯᠯᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠨᠵᠧᠨᠧᠷᠢᠩ ᠤᠨ ᠬᠢᠨᠠᠨ ᠵᠢᠯᠣᠭᠤᠳᠬᠤ ᠪᠠ ᠲᠣᠬᠢᠷᠠᠭᠤᠯᠬᠤ ᠪᠠᠨ ᠴᠢᠩᠭᠠᠳᠬᠠᠵᠤ᠂ ᠢᠨᠵᠧᠨᠧᠷᠢᠩ ᠤᠨ ᠲᠥᠰᠦᠯ ᠤᠨ ᠱᠠᠭᠠᠷᠳᠠᠭᠰᠠᠨ ᠴᠠᠭ ᠤᠨ ᠵᠠᠩᠭᠢᠶᠠᠰᠤ ᠶᠣᠰᠣᠭᠠᠷ ᠲᠦᠷᠭᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠡᠨᠡ ᠬᠦ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠶᠢᠲᠤᠷ ᠬᠢᠵᠦ ᠲᠦᠷᠭᠡᠨ ᠬᠢᠬᠦ ᠬᠡᠷᠡᠭᠲᠡᠢ ᠭᠡᠵᠦ ᠱᠠᠭᠠᠷᠳᠠᠪᠡ᠃    ᠼᠦᠢ ᠢᠦᠶ ᠯᠠᠶ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠤᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠡᠬᠡ ᠳᠠᠩᠰᠠ ᠪᠠᠶᠢᠭᠤᠯᠵᠤ᠂ ᠠᠵᠢᠯ ᠤᠨ ᠬᠠᠷᠠᠯᠲᠠ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ ᠨᠢᠭᠲᠠ ᠠᠴᠠ ᠨᠢᠭᠲᠠ ᠪᠠᠶᠢᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠨᠡᠮᠡᠭᠳᠡᠭᠦᠯᠵᠦ᠂ ᠬᠢᠨᠠᠨ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠲᠣᠭᠲᠠᠭᠠᠬᠤ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ︔ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠶᠢ ᠣᠳᠣᠬᠠᠨ ᠤ ᠠᠵᠢᠯ ᠤᠨ ᠭᠤᠤᠯᠳᠠᠯᠭ᠎ᠠ ᠪᠠᠨ ᠪᠣᠯᠭᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠠᠪᠴᠠᠭᠠᠲᠠᠨ ᠲᠠᠢ ᠵᠥᠪᠳᠡᠯᠴᠡᠨ ᠵᠣᠯᠭᠠᠭᠤᠯᠵᠤ᠂ ᠥᠷᠢ ᠰᠢᠷᠢ ᠶᠢ ᠠᠷᠢᠯᠭᠠᠬᠤ ᠠᠬᠢᠴᠠ ᠶᠢ ᠲᠦᠷᠭᠡᠳᠬᠡᠵᠦ᠂ ᠥᠷᠢ ᠥᠭᠴᠡᠭᠡ ᠶᠢ ᠳᠠᠬᠢᠨ ᠡᠮᠬᠢᠯᠡᠬᠦ᠂ ᠡᠳ᠋ ᠬᠥᠷᠥᠩᠭᠡ ᠶᠢ ᠰᠢᠢᠳᠪᠤᠷᠢᠯᠡᠬᠦ ᠵᠡᠷᠭᠡ ᠠᠷᠭ᠎ᠠ ᠪᠠᠷᠢᠯ ᠢ ᠰᠠᠶᠢᠲᠤᠷ ᠠᠰᠢᠭᠯᠠᠵᠤ᠂ ᠰᠠᠶᠢᠲᠤᠷ ᠬᠡᠷᠡᠭᠵᠢᠭᠦᠯᠵᠦ᠂ ᠡᠯ᠎ᠡ ᠵᠦᠢᠯ ᠤᠨ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠨᠠᠷᠢᠯᠢᠭᠵᠢᠭᠤᠯᠬᠤ᠂ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ ᠭᠡᠪᠡ᠃                     ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                     ᠣᠷᠴᠢᠭᠤᠯᠤᠭᠴᠢ᠄ ᠭᠡᠷᠡᠯ            ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ        
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2