ᠬᠤᠸᠠᠳᠧ ᠰᠢᠶᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2020-05-21
   ᠵᠢᠯ ᠤᠨ ᠲᠤᠷᠰᠢ᠂ ᠬᠤᠸᠠᠳᠧ ᠰᠢᠶᠠᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠶ ᠲᠤᠭᠤᠰᠢᠯᠠᠭᠤᠯᠵᠤ ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠦᠢᠯᠡᠴᠢᠯᠡᠬᠦ᠂ ᠠᠵᠢᠯ ᠡᠬᠢᠯᠡᠬᠦ᠂  ᠵᠣᠬᠢᠴᠠᠭᠤᠯᠬᠤ᠂ ᠠᠵᠤ ᠦᠢᠯᠡᠰ ᠤᠨ ᠲᠣᠬᠢᠷᠠᠭᠤᠯᠤᠯᠲᠠ ᠶᠢ ᠠᠳᠬᠤᠬᠤ᠂ ᠳᠠᠯᠳᠠ ᠬᠦᠴᠦᠨ ᠢ ᠠᠭᠤᠳᠠᠯᠬᠤ᠂ ᠪᠣᠭᠤᠮᠢ ᠶᠢ ᠰᠢᠪᠲᠤᠯᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠨᠢᠭᠡᠳᠦᠭᠡᠷ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠬᠤᠶᠠᠳᠤᠭᠠᠷ ᠠᠵᠤ ᠦᠢᠯᠡᠰ ᠤᠨ ᠶᠡᠷᠦᠩᠬᠡᠢ ᠬᠡᠮᠵᠢᠶ ᠎ᠡ ᠶᠢ ᠥᠷᠭᠡᠳᠬᠡᠬᠦ᠂ ᠭᠤᠷᠪᠠᠳᠤᠭᠠᠷ ᠠᠵᠤ ᠦᠢᠯᠡᠰ ᠤᠨ ᠬᠦᠴᠦᠷᠬᠡᠭ ᠬᠥᠭᠵᠢᠯᠲᠡ︾ ᠢᠯᠡᠳᠲᠡ ᠦᠷ᠎ᠡ ᠪᠦᠲᠦᠮᠵᠢ ᠣᠯᠵᠤ᠂ ᠠᠵᠤ ᠦᠢᠯᠡᠰ ᠤᠨ ᠪᠦᠲᠦᠴᠡ ᠶᠢ 15.5᠄ 49.2᠄ 35.3 ᠪᠣᠯᠭᠠᠨ ᠰᠢᠯᠢᠳᠡᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠨᠢᠭᠡ ᠳᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠯᠠᠪᠳᠠᠭᠤᠨ ᠢᠶᠠᠷ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ᠂ ᠦᠷ᠎ᠡ ᠶᠢᠨ ᠲᠠᠷᠢᠶᠠᠯᠠᠩ ᠮᠠᠯ ᠠᠵᠤ ᠠᠬᠤᠢ᠂ ᠨᠡᠷᠡᠲᠦ ᠲᠡᠮᠳᠡᠭᠲᠦ ᠲᠠᠷᠢᠶᠠᠯᠠᠩ ᠮᠠᠯ ᠠᠵᠤ ᠠᠬᠤᠢ ᠪᠠ ᠡᠳ᠋ᠰᠢᠭᠦᠯᠦᠨ ᠪᠣᠯᠪᠠᠰᠤᠷᠠᠭᠤᠯᠬᠤ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠡᠷᠡᠭᠵᠢᠭᠦᠯᠵᠦ᠂ ᠪᠦᠬᠦ ᠰᠢᠶᠠᠨ ᠤ ᠲᠠᠷᠢᠬᠤ ᠲᠠᠯᠠᠪᠠᠢ ᠶᠢ 85 ᠲᠦᠮᠡᠨ ᠮᠦ ᠳᠤ ᠲᠣᠭᠲᠠᠪᠤᠷᠢᠵᠢᠭᠤᠯᠵᠤ᠂ ᠪᠣᠬᠢᠷᠲᠤᠯ ᠦᠭᠡᠢ ᠪᠠᠷᠢᠮᠵᠢᠶᠠᠵᠢᠭᠰᠠᠨ ᠲᠠᠷᠢᠮᠠᠯ ᠤᠨ ᠲᠠᠯᠠᠪᠠᠢ 8.5 ᠲᠦᠮᠡᠨ ᠮᠦ ᠳᠤ ᠬᠦᠷᠴᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ 9.7 ᠲᠦᠮᠡᠨ ᠮᠦ ᠳᠤ ᠬᠦᠷᠴᠦ᠂ ᠠᠮᠤ  ᠪᠤᠳᠠᠭᠠᠨ ᠤ ᠶᠡᠷᠦᠩᠬᠡᠶ ᠤᠨᠠᠯᠲᠠ 1.8 ᠳ᠋ᠦᠩᠰᠢᠭᠤᠷ ᠵᠢᠩ ᠳᠤ ᠬᠦᠷᠪᠡ᠃ ᠮᠠᠯ ᠠᠬᠤᠢ ᠶᠢᠨ ᠮᠠᠯ ᠤᠨ ᠶᠡᠷᠦᠩᠬᠡᠶ ᠲᠤᠭ᠎ᠠ ᠶᠢ 65 ᠲᠦᠮᠡᠨ ᠲᠣᠯᠣᠭᠠᠶ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠵᠢᠯ ᠤᠨ ᠬᠤᠨᠢᠨ ᠤ ᠭᠠᠷᠭᠠᠯᠲᠠ 65 ᠲᠦᠮᠡᠨ ᠲᠣᠯᠣᠭᠠᠢ᠂ 20 ᠲᠦᠮᠡᠨ ᠭᠠᠭ᠋ᠠᠶ᠂ 2.2 ᠲᠦᠮᠡᠨ ᠮᠢᠬᠠᠨ ᠤ ᠦᠬᠡᠷ᠂ 9.5 ᠲᠦᠮᠡᠨ ᠬᠡᠷ ᠤᠨ ᠵᠢᠭᠦᠷᠲᠡᠨ᠂ ᠮᠢᠬᠠᠨ ᠤ ᠵᠦᠢᠯ ᠤᠨ ᠶᠡᠷᠦᠩᠬᠡᠶ ᠭᠠᠷᠤᠯᠲᠠ 3.7 ᠲᠦᠮᠡᠨ ᠲᠣᠨ ᠳᠤ ᠬᠥᠷᠪᠡ᠃ ᠪᠣᠬᠢᠷᠳᠤᠯ ᠦᠭᠡᠢ ᠢᠳᠡᠭᠡᠨ ᠤ ᠭᠡᠷᠡᠴᠢᠯᠡᠯ 11 ᠪᠣᠯᠵᠤ᠂ ᠴᠠᠭᠠᠨ ᠨᠣᠭᠤᠭ᠎ᠠ ᠨᠢ ᠳᠤᠮᠳᠠᠳᠤ ᠤᠯᠤᠰ ᠤᠨ ᠨᠡᠷᠡᠲᠦ ᠲᠡᠮᠳᠡᠭᠲᠦ ᠶᠢᠨ ᠰᠦᠯᠵᠢᠶᠡᠨ ᠤ ᠨᠢᠭᠡ ᠰᠢᠶᠠᠨ ᠨᠢᠭᠡ ᠲᠡᠮᠳᠡᠭᠲᠦ ᠦᠢᠯᠡᠳᠬᠦᠨ ᠢᠶᠠᠷ ᠰᠤᠩᠭᠤᠭᠳᠠᠭᠰᠠᠨ ᠪᠥᠭᠡᠳ ᠬᠤᠸᠠᠳᠧ ᠶᠢᠨ ᠬᠤᠨᠢᠨ ᠮᠢᠬ᠎ᠠ᠂ ᠬᠠᠷ᠎ᠠ ᠴᠢᠨ᠋ᠸ᠎ᠠ ᠶᠢᠨ ᠬᠠᠷᠮᠠᠭ ᠲᠠᠢ ᠬᠠᠮᠲᠤ ︽ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠲᠤ ᠣᠷᠤᠵᠠᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤ 3 ᠳᠤ ᠬᠦᠷᠴᠦ᠂ ᠮᠢᠨ ᠯᠧ ᠲᠣᠰᠬᠤᠨ ᠢ ᠲᠠᠷᠢᠶᠠᠯᠠᠩ ᠤᠨ ᠶᠠᠮᠤᠨ ᠠᠴᠠ ︽ᠪᠥᠬᠦ ᠤᠯᠤᠰ ᠤᠨ ᠨᠢᠭᠡ ᠲᠣᠰᠬᠤᠨ ᠨᠢᠭᠡ  ᠲᠡᠮᠳᠡᠭᠲᠦ ᠶᠢᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠮᠠᠭᠠᠳᠯᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠨᠢ ᠲᠦᠯᠬᠢᠨ ᠠᠬᠢᠭᠤᠯᠬᠤ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠪᠡᠭᠡᠵᠢᠩ ᠤᠨ ᠶᠢᠨ ᠳ᠋ᠢ ᠱᠢ ᠵᠢᠢ ᠪᠣᠯᠤᠨ ᠰᠢᠨᠵᠢᠶᠠᠩ ᠤᠨ  ᠰᠾᠢ ᠯᠦ ᠬᠤᠸᠠ ᠴᠢ ᠬᠤᠶᠠᠷ ᠡᠯᠵᠢᠭᠡ ᠲᠡᠵᠢᠭᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ ᠳᠠᠭᠤᠰᠬᠠᠪᠠ᠃ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ 1 ᠶᠢ ᠪᠠᠶᠢᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠪᠡ᠃ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠵᠢᠯ 253 ᠶᠢ ᠪᠠᠶᠢᠭᠤᠯᠵᠤ᠂ ᠡᠭᠦᠨ ᠳᠤ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ 2 ᠪᠣᠶ᠃ ᠬᠤᠶᠠᠷ ᠲᠤ᠂ ᠠᠵᠤ ᠦᠢᠯᠡᠳᠪᠤᠷᠢ ᠶᠢᠨ ᠠᠵᠤ ᠠᠬᠤᠶ ᠦᠷᠭᠦᠯᠵᠢᠯᠡᠨ ᠰᠠᠶᠢᠵᠢᠷᠠᠪᠠ᠃ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠥᠪᠯᠡᠷᠡᠨ ᠬᠥᠭᠵᠢᠵᠦ᠂ 2003 ᠣᠨ ᠠᠴᠠ ᠨᠠᠰᠢ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠶᠡᠷᠦᠩᠬᠡᠢ ᠬᠡᠮᠵᠢᠶ᠎ᠡ ᠶᠢ ᠶᠡᠬᠡᠰᠬᠡᠵᠦ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠬᠠᠳᠠᠭᠠᠯᠠᠭᠳᠠᠴᠠ ᠶᠢ ᠠᠮᠢᠯᠠᠭᠤᠯᠵᠤ᠂ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ︾ ᠰᠡᠳᠬᠢᠴᠡ ᠪᠠᠷ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠯ᠂ ᠪᠦᠯᠦᠭᠯᠡᠯ᠂ ᠡᠷᠴᠢᠮᠯᠢᠭ ᠬᠦᠭᠵᠢᠯᠲᠡ ᠶᠢ ᠠᠬᠢᠭᠤᠯᠵᠤ᠂ ᠰᠢᠶᠦ᠋ᠩ ᠸᠧᠢ ᠭᠤᠸᠠᠩ ᠳ᠋ᠠ ᠶᠢᠨ 100 ᠲᠦᠮᠡᠨ ᠲᠣᠨ ᠪᠢᠴᠢᠯ ᠨᠡᠭᠦᠷᠡᠰᠦᠲᠥ᠋ᠷᠥᠭᠴᠢᠲᠦ ᠬᠠᠶᠢᠯᠤᠰᠢ ᠶᠢᠨ ᠲᠦᠷᠦᠯ ᠵᠦᠢᠯ᠂ ᠵᠦᠩ ᠲᠠᠢ ᠶᠢᠨ 200 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠨᠢᠭᠡᠳᠦᠭᠡᠷ ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠥᠷᠭᠡᠳᠬᠡᠨ ᠪᠠᠶᠢᠭᠤᠯᠬᠤ ᠲᠦᠷᠦᠯ ᠵᠦᠢᠯ᠂ ᠺᠦᠨ ᠱᠧᠩ ᠤᠨ 10 ᠲᠦᠮᠡᠨ ᠲᠣᠨ ᠴᠠᠬᠢᠭᠤᠷ ᠮᠠᠩᠭᠠᠨ ᠤ ᠰᠢᠨ᠎ᠡ ᠮᠠᠲ᠋ᠧᠷᠢᠶᠠᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠤᠷᠤᠭᠰᠢᠲᠠᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ 180 ᠲᠦᠮᠡᠨ ᠲᠣᠨ ᠳᠤ ᠬᠦᠷᠪᠡ᠃ 2019 ᠣᠨ ᠳᠤ ᠮᠧᠩ ᠳ᠋ᠠ ᠲᠢᠲ᠋ᠠᠨ ᠤ ᠦᠢᠯᠡᠰ ᠣᠷᠣᠰ ᠲᠤ ᠥᠨᠳᠥᠷ ᠲᠢᠲ᠋ᠠᠨ ᠤ ᠰᠢᠭᠠᠷᠤ 7500 ᠲᠣᠨ ᠭᠠᠷᠭᠠᠵᠤ᠂ 700 ᠭᠠᠷᠤᠶ ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠵᠤ᠂ ᠥᠪᠡᠷ ᠤᠨ ᠡᠵᠡᠩᠨᠡᠯᠲᠡ ᠶᠢᠨ ᠭᠠᠳᠠᠭᠠᠳᠤ ᠭᠠᠷᠭᠠᠯᠲᠠ  ᠨᠢ ᠬᠤᠭᠤᠰᠤᠨ ᠢ ᠨᠦᠬᠦᠪᠤᠷᠢᠯᠡᠪᠡ᠃ ᠣᠷᠴᠢᠯ ᠠᠵᠤ ᠦᠢᠯᠡᠰ ᠲᠦᠷᠭᠡᠨ ᠬᠥᠭᠵᠢᠵᠦ᠂ ᠬᠤᠸᠠ ᠴᠧᠨ ᠤᠨ100 ᠲᠦᠮᠡᠨ ᠲᠣᠨ ᠪᠣᠷᠵᠢᠨ ᠴᠢᠯᠠᠭᠤᠯᠢᠭ ᠤᠨ ᠬᠠᠶᠠᠭᠳᠠᠮᠠᠯ ᠰᠢᠭᠠᠷᠤ ᠪᠣᠯᠪᠠᠰᠤᠷᠠᠭᠤᠯᠬᠤ ᠸᠠᠭᠠᠷ ᠱᠠᠭᠠᠵᠠᠩ ᠤᠨ ᠲᠦᠭᠦᠬᠡᠶ ᠮᠠᠲ᠋ᠧᠷᠢᠶᠠᠯ ᠪᠣᠯᠤᠨ ᠬᠢᠮᠡᠯ ᠥᠭᠡᠬᠦᠨ ᠴᠢᠯᠠᠭᠤᠨ ᠬᠠᠪᠲᠠᠰᠤ ᠶᠢᠨ ᠲᠦᠭᠦᠬᠡᠶ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠲᠥᠷᠥᠯ  ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠵᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠶᠠᠭ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠨ᠎ᠠ᠂ ᠰᠢᠶᠦ᠋ᠩ ᠸᠧᠢ ᠭᠤᠸᠠᠩ ᠳ᠋ᠠ ᠶᠢᠨ 50 ᠰᠠᠶ᠎ᠠ ᠸᠠᠲ ᠤᠨ ᠦᠯᠡᠳᠡᠭᠳᠡᠯ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ ᠲᠤᠷᠰᠢᠨ ᠠᠵᠢᠯᠯᠠᠭᠤᠯᠵᠤ᠂ ᠪᠣᠬᠢᠷᠲᠤᠯ ᠥᠬᠡᠶ ᠣᠷᠴᠢᠯ ᠠᠵᠤ ᠠᠬᠤᠶ ᠶᠢ ᠬᠥᠭᠵᠢᠭᠦᠯᠬᠦ ᠨᠡᠶᠢᠲᠡᠯᠢᠭ ᠵᠢᠱᠢᠶ᠎ᠡ ᠪᠣᠯᠪᠠ᠃ ᠬᠤᠪᠴᠠᠰᠤ ᠬᠤᠨᠠᠷ ᠤᠨ ᠠᠵᠤ ᠦᠢᠯᠡᠰ ᠳᠡᠰ ᠳᠡᠪᠰᠢᠵᠦ᠂ ᠮᠠᠨ ᠤ ᠰᠢᠶᠠᠨ ᠤ ᠬᠤᠨᠢ ︵ᠲᠡᠮᠡᠭᠡᠨ ︶ ᠤᠩᠭᠠᠷᠢᠯ ᠬᠤᠪᠴᠠᠰᠤᠨ ᠤ ᠠᠵᠤ ᠦᠢᠯᠡᠰ ᠨᠢ 20 ᠳ᠋ᠤᠭᠠᠷ ᠵᠠᠭᠤᠨ ᠤ ᠨᠠᠶᠠᠭᠠᠳ ᠣᠨ ᠤ ᠳᠤᠮᠳᠠᠴᠢ ᠪᠠᠷ ᠬᠥᠭᠵᠢᠵᠦ᠂ 30 ᠭᠠᠷᠤᠶ ᠵᠢᠯ ᠤᠨ ᠬᠥᠭᠵᠢᠯᠲᠡ ᠶᠢᠨ ᠬᠤᠷᠠᠮᠳᠤᠯ ᠢᠶᠠᠷ ᠳᠠᠮᠵᠢᠨ᠂ ᠠᠯᠬᠤᠮ ᠠᠯᠬᠤᠮ ᠢᠶᠠᠷ ︽ᠪᠠᠭ᠎ᠠ ᠬᠡᠪᠴᠢᠶ᠎ᠡ᠂ ᠶᠡᠭᠡ ᠬᠠᠮᠲᠤᠯᠢᠭ᠂ ᠪᠠᠭ᠎ᠠ ᠦᠢᠯᠡᠳᠪᠦᠷᠢᠯᠡᠯ᠂ ᠶᠡᠭᠡ ᠬᠠᠮᠵᠢᠯᠴᠠᠭ᠎ᠠ᠂ ᠵᠢᠵᠢᠭ ᠠᠵᠤ ᠠᠬᠤᠶᠢᠯᠠᠯ᠂ ᠲᠣᠮᠣ ᠠᠵᠢᠯ ᠣᠯᠭᠤᠯᠲᠠ︾ ᠶᠢᠨ ᠠᠵᠤ ᠦᠢᠯᠡᠰ ᠤᠨ ᠬᠡᠪ ᠪᠠᠶᠢᠳᠠᠯ ᠪᠦᠷᠢᠯᠳᠦᠪᠡ᠃ ᠣᠳᠣᠬᠠᠨ ᠳᠤ ᠪᠦᠬᠦ ᠰᠢᠶᠠᠨ ᠤ ᠬᠤᠪᠴᠠᠰᠤ ᠪᠣᠯᠤᠨ ᠤᠩᠭᠠᠷᠢᠯ ᠪᠣᠯᠪᠠᠰᠤᠷᠠᠭᠤᠯᠬᠤ ᠠᠵᠤ ᠠᠬᠤᠶᠢᠯᠠᠯ 260 ᠭᠠᠷᠤᠶ ᠪᠠᠶᠢᠨ᠎ᠠ᠃ 2013 ᠣᠨ ᠠᠴᠠ ᠨᠠᠰᠢ᠂ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 4 ᠲᠦᠮᠡᠨ ᠲᠡᠭᠰᠢ ᠳᠥᠷᠪᠡᠯᠵᠢᠨ  ᠮᠧᠲᠷ ᠤᠨ ᠬᠤᠪᠴᠠᠰᠤ ᠬᠤᠨᠠᠷ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠪᠠᠶᠢᠭᠤᠯᠵᠤ᠂ ᠤᠯᠤᠰ ᠤᠨ ᠨᠣᠤᠰᠣ ᠨᠣᠯᠤᠤᠷ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ  ᠲᠥᠪ ᠤᠨ ᠠᠵᠢᠯ ᠤᠨ ᠥᠷᠲᠡᠭᠡ᠂ ᠮᠡᠳᠡᠭᠡ ᠵᠠᠩᠭᠢ ᠶᠢᠨ ᠲᠥᠪ᠂ ᠦᠢᠯᠡᠳᠬᠦᠨ ᠤ ᠰᠤᠳᠤᠯᠤᠨ ᠨᠡᠭᠡᠭᠡᠬᠦ ᠲᠥᠪ᠂ ᠢᠨᠲ᠋ᠧᠷ ᠰᠦᠯᠵᠢᠶ᠎ᠡ + ᠬᠤᠪᠴᠠᠰᠤ ᠬᠤᠨᠠᠷ ᠤᠨ ᠠᠵᠤ ᠦᠢᠯᠡᠰ ᠤᠨ ᠲᠥᠪ ᠢ ᠬᠠᠮᠤᠷᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠢᠵᠢ ᠪᠥᠷᠢᠳᠦᠭᠦᠯᠦᠨ ᠪᠠᠶᠢᠭᠤᠯᠵᠤ᠂ ᠰᠢᠨ᠎ᠡ ᠬᠡᠯᠪᠡᠷᠢ ᠶᠢᠨ ᠤᠩᠭᠠᠷᠢᠯ 10 ᠵᠦᠢᠯ ᠢ ᠰᠤᠳᠤᠯᠤᠨ ᠨᠡᠭᠡᠭᠡᠵᠦ᠂ 8 ᠵᠦᠢᠯ ᠤᠨ ᠲᠤᠰᠬᠠᠶ ᠠᠰᠢᠭ ᠨᠢ ᠠᠩᠬ᠎ᠠ ᠬᠢᠨᠠᠯᠲᠠ ᠶᠢ ᠦᠩᠭᠡᠷᠡᠵᠦ᠂ 1 ᠵᠦᠢᠯ ᠤᠨ ᠡᠭᠦᠳᠦᠯᠲᠡ ᠶᠢᠨ ᠲᠤᠰᠬᠠᠶ ᠠᠰᠢᠭ ᠨᠢ ᠬᠢᠨᠠᠨ ᠵᠦᠪᠰᠢᠶᠡᠷᠡᠭᠳᠡᠵᠦ᠂ ᠬᠤᠪᠴᠠᠰᠤ ᠵᠠᠰᠠᠯ ᠤᠨ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠠ ᠦᠢᠯᠡᠳᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 2019 ᠣᠨ ᠳᠤ ᠡᠯ᠎ᠡ ᠲᠥᠷᠥᠯ ᠤᠨ ᠬᠤᠪᠴᠠᠰᠤ ᠬᠤᠨᠠᠷ 1500 ᠲᠦᠮᠡᠨ ᠵᠠᠬ᠎ᠠ ᠦᠢᠯᠡᠳᠪᠤᠷᠢᠯᠡᠵᠦ᠂ ᠦᠢᠯᠡᠳᠬᠦᠨ ᠤ ᠥᠷᠲᠡᠭ ᠢ 12 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠢᠨ᠎ᠡ ᠡᠨᠧᠷᠭᠢ ᠶᠢᠨ ᠠᠵᠤ ᠦᠢᠯᠡᠰ ᠦᠷᠭᠦᠯᠵᠢᠯᠡᠨ ᠥᠷᠭᠡᠳᠴᠦ᠂ ᠪᠦᠬᠦ ᠰᠢᠶᠠᠨ ᠢᠶᠠᠷ ᠢᠶᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ 5 ᠪᠠᠶᠢᠭᠤᠯᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 75 ᠲᠦᠮᠡᠨ ᠺᠢᠯᠣᠸᠠᠲ ᠲᠤ ᠬᠦᠷᠪᠡ᠃ ᠨᠡᠷᠡᠨ ᠡᠨᠧᠷᠭᠢ ᠪᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 7.815 ᠲᠦᠮᠡᠨ ᠺᠢᠯᠣᠸᠠᠲ ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 8 ᠲᠦᠮᠡᠨ ᠺᠢᠯᠣᠸᠠᠲ ᠤᠨ 3 ᠲᠠᠷᠠᠬᠠᠢ ᠬᠡᠯᠪᠡᠷᠢ ᠶᠢᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠰ ᠰᠢᠶᠠᠨ ᠳᠤ ᠨᠠᠶᠢᠳᠠᠪᠤᠷᠢᠵᠢᠭᠤᠯᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠥᠷᠥᠯ ᠵᠦᠢᠯ ᠢ ᠤᠯᠤᠰ ᠤᠨ ᠳᠥᠷᠪᠡᠳᠦᠭᠡᠷ ᠪᠦᠯᠦᠭ ᠤᠨ ᠨᠡᠮᠡᠭᠳᠡᠯ  ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠥᠷᠥᠯ ᠵᠦᠢᠯ ᠳᠤ ᠵᠢᠭᠰᠠᠭᠠᠨ ᠣᠷᠣᠭᠤᠯᠪᠠ᠃ ᠭᠤᠷᠪᠠ ᠳᠤ᠂ ᠤᠳᠤ ᠦᠶ᠎ᠡ ᠶᠢᠨ  ᠦᠢᠯᠡᠴᠢᠯᠡᠭᠡᠨ ᠤ ᠦᠢᠯᠡᠰ ᠤᠨ ᠬᠤᠷᠳᠤᠴᠠ ᠲᠦᠷᠭᠡᠰᠦᠨ ᠬᠥᠭᠵᠢᠪᠡ᠃ ᠬᠤᠸᠠᠳᠧ ᠰᠢᠶᠠᠨ ᠤ ᠲᠡᠤᠬᠡ ᠰᠣᠶᠣᠯ ᠵᠤᠵᠠᠭᠠᠨ᠂ ᠬᠢᠯᠢ ᠶᠢᠨ ᠳᠣᠲᠣᠷ᠎ᠠ ᠢᠦᠶ ᠮᠢᠨ ᠤ ᠪᠠᠭᠤᠷᠢ᠂ ᠴᠢᠭᠤᠯᠭᠠᠲᠤ ᠬᠠᠭᠠᠯᠭ᠎ᠠ ᠠᠴᠠ ᠬᠦᠷᠢᠶ᠎ᠡ ᠬᠦᠷᠬᠦ ᠡᠷᠲᠡᠨ ᠤ ᠬᠤᠳᠠᠯᠳᠤᠭᠠᠨ ᠤ ᠵᠠᠮ᠂ ᠵᠠᠪᠰᠠᠷ ᠤᠨ ᠡᠷᠲᠡᠨ ᠤ ᠥᠷᠲᠡᠭᠡ᠂ ᠠᠯᠲᠠᠨ ᠤᠯᠤᠰ ᠤᠨ ᠤᠲᠠᠰᠤᠨ ᠬᠡᠷᠡᠮ ᠤᠨ ᠪᠠᠭᠤᠷᠢ᠂ ᠴᠢᠦ ᠯᠢᠩ ᠭᠸᠦ ᠶᠢᠨ ᠤᠤᠯ ᠤᠨ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠰᠠᠭᠤᠭ᠎ᠠ ᠭᠠᠵᠠᠷ ᠤᠨ ᠬᠠᠭᠤᠴᠢᠨ ᠪᠠᠭᠤᠷᠢ ᠵᠡᠷᠭᠡ ᠲᠡᠤᠬᠡ ᠰᠣᠶᠣᠯ ᠤᠨ ᠦᠵᠡᠮᠵᠢ᠂ ᠮᠢᠨ ᠯᠧ ᠨᠠᠭᠤᠷ᠂ ᠵᠡᠭᠡᠷ᠎ᠡ ᠶᠢᠨ ᠴᠠᠶᠢᠳᠠᠮ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠦᠵᠡᠮᠵᠢ ᠶᠢᠨ ᠭᠠᠵᠠᠷ ᠲᠠᠢ᠂ ᠵᠣᠨ ᠤ ᠤᠯᠠᠷᠢᠯ ᠳᠤ ᠬᠠᠮᠤᠭ ᠥᠨᠳᠥᠷ ᠠᠭᠠᠷ ᠤᠨ ᠳᠤᠯᠠᠭᠠᠨ ᠨᠢ 25℃᠂ ᠬᠠᠮᠤᠭ ᠳᠣᠤᠷ᠎ᠠ ᠠᠭᠠᠷ ᠤᠨ ᠳᠤᠯᠠᠭᠠᠨ ᠨᠢ 12 ℃ ᠪᠠᠶᠢᠵᠤ᠂ ᠳᠤᠮᠳᠠᠴᠢ ᠠᠭᠠᠷ ᠤᠨ ᠳᠤᠯᠠᠭᠠᠨ ᠨᠢ 18℃ ᠪᠠᠶᠢᠵᠤ᠂ ᠵᠤᠰᠠᠯᠠᠩ ᠤᠨ ᠣᠷᠣᠨ ᠪᠠ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠭᠠᠵᠠᠷ ᠪᠣᠯᠤᠨ᠎ᠠ᠃ 2019 ᠣᠨ ᠳᠤ᠂ ᠲᠣᠰ ᠰᠢᠶᠠᠨ ᠰᠣᠶᠣᠯ ᠵᠢᠭᠤᠯᠴᠢᠯᠠᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠴᠢᠦ ᠯᠢᠩ ᠭᠧᠦ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠤᠨ ᠬᠤᠪᠢᠰᠬᠠᠯ ᠤᠨ ᠵᠢᠭᠤᠯᠴᠢᠯᠠᠯ ᠤᠨ ᠰᠣᠶᠣᠯ ᠤᠨ ᠰᠠᠭᠤᠷᠢᠨ ᠭᠠᠵᠠᠷ᠂ ᠮᠢᠨ ᠯᠧ ᠨᠠᠭᠤᠷ ᠤᠨ ᠴᠡᠴᠡᠷᠯᠢᠭᠲᠦ ᠶᠡᠷᠦᠩᠬᠡᠶᠢᠯᠡᠭᠰᠡᠨ ᠵᠢᠭᠤᠯᠴᠢᠯᠠᠯ ᠤᠨ ᠦᠵᠡᠮᠵᠢᠲᠦ ᠣᠷᠣᠨ᠂ ᠰᠢ ᠱᠠᠨ ᠤ ᠡᠬᠡ ᠦᠷᠡᠰ ᠤᠨ ᠰᠣᠶᠣᠯ ᠵᠢᠭᠤᠯᠴᠢᠯᠠᠯ ᠤᠨ ᠣᠷᠣᠨ ᠤ ᠵᠢᠭᠤᠯᠴᠢᠯᠠᠯ ᠤᠨ ᠵᠠᠮ ᠱᠤᠭᠤᠮ ᠢ ᠨᠠᠷᠢᠨ ᠨᠢᠮᠪᠠᠶ ᠲᠥᠯᠥᠪᠵᠢᠭᠦᠯᠵᠦ᠂ ︽ᠬᠤᠸᠠᠳᠧ ᠰᠢᠶᠠᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠷᠢᠰ ᠲᠥᠯᠥᠪᠵᠢᠭᠦᠯᠭᠡ ︵2019 — 2020︶︾ ᠶᠢ ᠨᠠᠶᠢᠷᠠᠭᠤᠯᠤᠨ ᠵᠣᠬᠢᠶᠠᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠡᠬᠢᠯᠡᠭᠦᠯᠬᠦ ᠳᠤ ᠰᠠᠶᠢᠨ ᠰᠠᠭᠤᠷᠢ ᠶᠢ ᠲᠠᠯᠪᠢᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠦᠳᠲᠡᠷ ᠲᠦᠷᠭᠡᠨ ᠬᠥᠭᠵᠢᠪᠡ᠃ 1400 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 13 ᠪᠠᠶᠢᠵᠤ᠂ ᠰᠦᠯᠵᠢᠶᠡᠨ ᠳᠠᠬᠢ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ 1000 ᠭᠠᠷᠤᠢ ᠲᠦᠮᠡᠨ ᠲᠥᠭᠦᠷᠢᠭ ᠲᠤ ᠬᠦᠷᠴᠡᠢ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠭᠦᠨᠵᠡᠭᠡᠶ ᠠᠬᠢᠭᠤᠯᠵᠤ᠂ ᠰᠢᠶᠠᠨ ᠤ ᠱᠠᠲᠤᠨ ᠤ ᠡᠳ᠋ ᠪᠠᠷᠠᠭᠠᠨ ᠤ ᠭᠦᠢᠯᠭᠡᠭᠡ ᠶᠢ ᠲᠥᠪᠯᠡᠷᠡᠭᠦᠯᠦᠨ ᠲᠠᠷᠬᠠᠭᠠᠬᠤ ᠲᠥᠪ ᠪᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ 43 ᠦᠷᠳᠡᠭᠡ ᠴᠡᠭ ᠢ ᠪᠠᠶᠢᠭᠤᠯᠵᠤ᠂ ᠰᠢᠶᠠᠨ᠂ ᠰᠢᠶᠠᠩ ︵ᠪᠠᠯᠭᠠᠰᠤ︶᠂ ᠲᠣᠰᠬᠤᠨ ᠭᠤᠷᠪᠠᠨ ᠱᠠᠲᠤᠨ ᠤ ᠡᠳ᠋ ᠪᠠᠷᠠᠭᠠᠨ ᠤ  ᠭᠦᠢᠯᠭᠡᠭᠡ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠲᠦᠰᠦᠯ ᠢ ᠬᠡᠷᠡᠭᠵᠢᠭᠦᠯᠵᠦ᠂ ᠪᠡᠭᠡᠵᠢᠩ ᠳᠤ ᠣᠷᠣᠬᠤ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠬᠤ ᠪᠠ ᠭᠦᠢᠴᠡᠳᠬᠡᠯ ᠪᠠᠷᠠᠭᠠᠨ ᠤ ᠭᠦᠢᠯᠭᠡᠭᠡ ᠶᠢ ᠲᠣᠬᠢᠷᠠᠭᠤᠯᠤᠨ ᠬᠦᠷᠭᠡᠬᠦ ᠠᠰᠠᠭᠤᠳᠠᠯ ᠢ ᠰᠢᠢᠳᠪᠤᠷᠢᠯᠡᠪᠡ᠃ ᠵᠠᠪᠰᠠᠷ ᠤᠨ ᠤᠨ ᠬᠠᠭᠤᠷᠠᠶ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ                  ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                 ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2