2020 ᠣᠨ ᠤ 4 ᠰᠠᠷ᠎ᠠ ᠶᠢᠨ 23 ᠤ ᠡᠳᠦᠷ ᠬᠤᠸᠠᠳᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠰᠢᠶᠠᠨ ᠤ ᠳᠠᠷᠤᠭ᠎ᠠ ᠼᠦᠢ ᠢᠦᠶ ᠯᠠᠶ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠮᠥᠨ ᠴᠦ | ᠮᠠᠨ ᠤ ᠰᠢᠶᠠᠨ ᠤ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ | ᠰᠢᠶᠠᠨ ᠤ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ | ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ ᠨᠠᠮ ᠤᠨ | ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠪᠢᠳᠡ ᠶᠡᠷᠦᠩᠬᠡᠢ | ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠪᠠᠲᠤ ᠢᠲᠡᠭᠡᠵᠦ ᠦᠨᠡᠨᠴᠢ | ᠰᠢᠳᠤᠷᠭᠤ ᠪᠠᠷ ᠠᠵᠢᠯᠯᠠᠵᠤ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠨ᠎ᠠ᠃ 2019 ᠣᠨ ᠤ ᠪᠥᠬᠦ | ᠰᠢᠶᠠᠨ ᠤ ᠦᠢᠯᠡᠳᠪᠤᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ 12.9%︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 51.3%︔ ᠣᠯᠠᠨ | ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 1%︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶᠡᠨ ᠤ ᠨᠡᠮᠡᠭᠳᠡᠯ 5.5% ︔ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 6.6% ᠪᠠ 11. | 2% ᠢᠶᠠᠷ ᠨᠡᠮᠡᠭᠳᠡᠪᠡ᠃ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠷᠭᠦᠯᠵᠢᠯᠡᠨ | ᠰᠠᠶᠢᠵᠢᠷᠠᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠪᠡ᠃ | ︵ᠨᠢᠭᠡ︶ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠢ ᠯᠠᠪᠳᠠᠭᠤᠨ ᠪᠠᠲᠤᠲᠠᠶ ᠠᠬᠢᠭᠤᠯᠪᠠ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠨ᠎ᠡ᠃ ︽ᠬᠤᠸᠠᠳᠧ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ | ᠠᠷᠢᠯᠭᠠᠬᠤ ᠲᠥᠰᠦᠯ︾ ᠢ ᠲᠣᠭᠲᠠᠭᠠᠨ ᠲᠡᠭᠦᠯᠳᠡᠷᠵᠢᠭᠦᠯᠵᠦ᠂ ᠠᠪᠴᠠᠭ᠎ᠠ ᠥᠭᠴᠡᠭᠡ ᠶᠢ ᠲᠣᠳᠣᠷᠬᠠᠶ ᠪᠣᠯᠭᠠᠨ ᠥᠷᠢ | ᠥᠭᠴᠡᠭᠡ ᠶᠢ ᠠᠷᠢᠯᠭᠠᠬᠤ ᠠᠷᠭ᠎ᠠ ᠬᠡᠮᠵᠢᠶᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠪᠡᠯᠡ ᠮᠥᠩᠭᠦ + ᠡᠳ᠋ | ᠬᠦᠷᠦᠩᠭᠡ᠂ ᠡᠳ᠋ ᠬᠦᠷᠦᠩᠭᠡ ᠪᠠᠷ ᠥᠷᠢ ᠲᠥᠯᠥᠬᠦ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠢᠯᠡ ᠪᠠᠷ ᠦᠨ᠎ᠡ ᠬᠠᠶᠠᠨ ᠬᠤᠳᠠᠯᠳᠤᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠡᠯ᠎ᠡ ᠵᠦᠢᠯ ᠤᠨ ᠥᠷᠢ ᠥᠭᠴᠡᠭᠡ ᠶᠢ ᠠᠷᠢᠯᠭᠠᠪᠡ᠃ 2019 ᠣᠨ ᠳᠤ ᠵᠠᠰᠠᠭ ᠤᠨ | ᠣᠷᠳᠣᠨ ᠤ ᠴᠢᠨᠠᠷᠲᠠᠶ ᠥᠷᠢ ᠥᠭᠴᠡᠭᠡ ᠶᠢ 4.388 ᠳ᠋ᠦᠩᠰᠢᠭᠤᠷ ᠲᠥᠭᠦᠷᠢᠭ ︵ᠡᠭᠦᠨ ᠳᠤ ᠳᠠᠯᠳᠠ ᠴᠢᠨᠠᠷᠲᠠᠶ | ᠥᠷᠢ ᠥᠭᠴᠡᠭᠡ ᠶᠢ 2.3189 ᠳ᠋ᠦᠩᠰᠢᠭᠤᠷ ᠲᠥᠭᠦᠷᠢᠭ︶ ᠠᠷᠢᠯᠭᠠᠵᠤ᠂ ᠣᠨ ᠤ ᠠᠷᠢᠯᠭᠠᠬᠤ ᠡᠭᠦᠷᠭᠡ ᠶᠢ 114. | 27% ᠶᠢ ᠪᠡᠶᠡᠯᠡᠭᠦᠯᠪᠡ︔ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠭᠰᠡᠨ ᠳᠠᠩᠰᠠᠨ ᠵᠣᠭᠤᠰ ᠢ 2. | 69 ᠳ᠋ᠦᠩᠰᠢᠭᠤᠷ ᠲᠥᠭᠦᠷᠢᠭ ᠰᠢᠢᠳᠪᠤᠷᠢᠯᠡᠵᠦ᠂ ᠣᠨ ᠤ ᠠᠷᠢᠯᠭᠠᠬᠤ ᠡᠭᠦᠷᠭᠡ ᠶᠢ 100.35% ᠪᠠᠷ | ᠪᠡᠶᠡᠯᠡᠭᠦᠯᠪᠡ᠃ ︽ᠠᠷᠪᠠ ᠶᠢ ᠪᠦᠷᠢᠨ ᠪᠦᠷᠬᠦᠭᠦᠯᠬᠦ︾ ᠶᠢᠨ 10 ᠵᠦᠢᠯ ᠤᠨ ᠢᠨᠵᠧᠨᠧᠷᠢᠩ ᠠᠴᠠ ᠭᠠᠳᠠᠨᠠᠬᠢ | ᠰᠢᠭᠤᠳ ᠬᠤᠯᠪᠣᠭᠳᠠᠬᠤ ᠲᠥᠷᠥᠯ ᠵᠦᠢᠯ ᠤᠨ ᠪᠠᠷᠢᠯᠭ᠎ᠠ ᠶᠢᠨ ᠵᠣᠭᠤᠰ ᠢ ᠠᠷᠢᠯᠭᠠᠬᠤ ᠡᠭᠦᠷᠭᠡ ᠶᠢ ᠤᠷᠢᠳᠴᠢᠯᠠᠨ | ᠪᠡᠶᠡᠯᠡᠭᠦᠯᠪᠡ᠃ ᠳᠠᠭᠠᠭᠠᠴᠢᠯᠠᠭᠰᠠᠨ ᠬᠤᠳᠠᠯᠳᠤᠭᠠᠴᠢᠨ ᠲᠣᠰᠬᠤᠨ ᠪᠠᠯᠭᠠᠰᠤ ᠶᠢᠨ ᠪᠠᠩᠬᠢ ᠶᠢᠨ ᠠᠶᠤᠯ ᠲᠦᠭᠰᠢᠭᠦᠷᠢ | ᠪᠣᠯᠤᠨ ᠰᠦᠯᠵᠢᠶᠡᠨ ᠤ ᠮᠥᠩᠭᠦᠨ ᠭᠦᠢᠯᠭᠡᠭᠡᠨ ᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠢ ᠲᠣᠬᠢᠲᠠᠶ | ᠰᠢᠢᠳᠪᠤᠷᠢᠯᠡᠪᠡ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠢᠮᠠᠭᠲᠠ ᠬᠠᠮᠤᠭ ᠤᠨ ᠶᠡᠭᠡ ᠤᠯᠤᠰ | ᠲᠦᠷᠦ ᠶᠢᠨ ᠡᠭᠦᠷᠭᠡ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠵᠢᠷᠭᠤᠭ᠎ᠠ ᠶᠢ ᠦᠭᠡᠶᠢᠰᠬᠡᠨ ᠲᠦᠷᠪᠡ ᠶᠢ ᠪᠠᠷᠢᠮᠵᠢᠶ᠎ᠠ ᠳᠤ | ᠬᠦᠷᠭᠡᠬᠦ︾ ᠪᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ | ᠥᠷᠨᠢᠭᠦᠯᠵᠦ᠂ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ ᠬᠦᠴᠦᠯᠡᠵᠦ᠂ ︽ᠬᠤᠸᠠᠷ ᠬᠠᠳᠬᠤᠬᠤ︾ ᠡᠷᠳᠡᠮ ᠢᠶᠠᠷ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠪᠡ᠃ ᠵᠢᠯ ᠤᠨ ᠳᠣᠲᠣᠷ᠎ᠠ 2091 ᠬᠥᠮᠦᠨ ᠶᠠᠳᠠᠭᠤ ᠠᠴᠠ | ᠠᠩᠭᠢᠵᠢᠷᠠᠵᠤ᠂ 23 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤᠷᠠᠯ ᠤᠨ ᠨᠤᠷᠮ᠎ᠠ 0.28% ᠪᠣᠯᠲᠠᠯ᠎ᠠ ᠪᠠᠭᠤᠷᠠᠵᠤ᠂ ᠤᠯᠤᠰ ᠤᠨ ᠲᠡᠰ ᠤᠨ ᠶᠠᠳᠠᠭᠤ | ᠬᠦᠴᠢᠷᠳᠡᠯᠲᠡᠢ ᠰᠢᠶᠠᠨ ᠤ ᠡᠩᠨᠡᠭᠡ ᠠᠴᠠ ᠤᠷᠤᠭᠰᠢᠲᠠᠢ ᠤᠬᠤᠷᠢᠨ ᠭᠠᠷᠪᠠ᠃ 2019 ᠣᠨ ᠳᠤ 3.97 | ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ 1812 ᠡᠷᠦᠬᠡ ᠶᠢᠨ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠨᠡᠶᠢᠲᠡ 17562 ᠬᠥᠮᠦᠨ ᠤ ᠤᠰᠤ ᠤᠮᠳᠠ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠠᠰᠠᠭᠤᠳᠠᠯ ᠢ ᠰᠢᠢᠳᠪᠤᠷᠢᠯᠡᠪᠡ᠃ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠢ ᠰᠤᠷᠤᠭᠴᠢ ᠶᠢ 2482 ᠬᠥᠮᠦᠨ ᠤᠳᠠᠭ᠎ᠠ 545.8 ᠲᠦᠮᠡᠨᠲ᠋ᠦ᠋ᠭᠦᠷᠢᠭ ᠢᠶᠠᠷ ᠲᠤᠰᠠᠯᠠᠪᠠ᠃ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡ ᠪᠠᠷ ᠠᠪᠤᠷᠠᠨ ᠲᠤᠰᠠᠯᠠᠬᠤ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠶᠠᠳᠠᠭᠤ ᠬᠦᠴᠢᠷᠳᠡᠯᠲᠡᠶ ᠡᠪᠡᠳᠴᠢᠲᠡᠨ ᠢ ᠠᠪᠤᠷᠠᠨ ᠵᠠᠰᠠᠬᠤ | ᠬᠠᠷᠢᠴᠠᠯ ᠪᠠ 25 ᠲᠥᠷᠥᠯ ᠤᠨ ᠬᠦᠨᠳᠦ ᠡᠪᠡᠳᠴᠢᠲᠡᠨ ᠢ ᠠᠪᠤᠷᠠᠨ ᠵᠠᠰᠠᠬᠤ ᠨᠣᠷᠮ᠎ᠠ ᠶᠢ ᠴᠥᠮ 99.9% ᠳᠤ | ᠬᠦᠷᠦᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠦᠨᠳᠦ ᠡᠪᠡᠳᠴᠢᠨ ᠤ ᠡᠮᠨᠡᠯᠭᠡ ᠳᠤ ᠰᠠᠭᠤᠬᠤ ᠪᠠ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠳᠠᠩᠰᠠᠨ ᠠᠴᠠ ᠲᠠᠶᠢᠯᠬᠤ ᠨᠣᠷᠮ᠎ᠠ ᠶᠢ 90% ᠠᠴᠠ | ᠳᠡᠭᠡᠭᠰᠢ ᠳᠤ ᠬᠦᠷᠦᠭᠦᠯᠪᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠢᠭᠡᠳ ᠶᠠᠳᠠᠭᠤ ᠶᠢ ᠲᠡᠳᠬᠦᠬᠦ | ᠬᠤᠶᠠᠷ ᠵᠦᠢᠯ ᠤᠨ ᠲᠦᠷᠢᠮ ᠢ ᠪᠦᠲᠦᠮᠵᠢᠲᠡᠢ ᠵᠣᠯᠭᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠦᠷ ᠴᠠᠭ ᠤᠨ | ᠠᠪᠤᠷᠠᠨ ᠲᠤᠰᠠᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠣᠯᠠᠨ ᠲᠠᠯ᠎ᠠ ᠪᠠᠷ ᠬᠠᠮᠲᠤ ᠳᠤᠨᠢ ᠳᠠᠭᠠᠭᠠᠯᠭᠠᠪᠠ᠃ ᠠᠵᠤ ᠦᠢᠯᠡᠰ ᠤᠨ ᠲᠥᠷᠥᠯ ᠵᠦᠢᠯ ᠤᠨ | ᠳᠠᠶᠢᠴᠢᠯᠠᠯᠲᠠ ᠶᠢ ᠳᠣᠪᠤᠶᠢᠯᠭᠠᠵᠤ᠂ ᠲᠥᠪᠯᠡᠷᠡᠭᠦᠯᠦᠨ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ | ᠥᠷᠲᠡᠭᠡ ᠶᠢᠨ 39.675 ᠰᠠᠶ᠎ᠠ ᠸᠠᠲ ᠪᠠᠶᠢᠭᠤᠯᠵᠤ᠂ 700 ᠶᠠᠳᠠᠭᠤ ᠡᠷᠦᠬᠡ ᠶᠢᠨ ᠠᠮᠢᠳᠤᠷᠠᠯ ᠢ ᠪᠠᠲᠤᠯᠠᠵᠤ᠂ | ᠵᠢᠯ ᠪᠦᠷᠢ 3000 ᠲᠥᠭᠦᠷᠢᠭ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ︔ ᠲᠣᠰᠬᠤᠨ ᠤ ᠱᠠᠲᠤᠨ ᠤ | ᠬᠡᠷᠡᠯ ᠴᠡᠨᠡᠭ ᠤᠨ ᠴᠠᠬᠢᠯᠭᠠᠨ ᠥᠷᠲᠡᠭᠡ 38.467 ᠰᠠᠶ᠎ᠠ ᠸᠠᠲ ᠪᠠᠶᠢᠵᠤ᠂ 64 ᠲᠣᠰᠬᠤᠨ ᠤ ᠬᠠᠮᠲᠤ ᠶᠢᠨ ᠠᠵᠤ | ᠠᠬᠤᠶ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ︽ᠲᠣᠪᠶᠤᠭ ᠬᠡᠯᠪᠡᠷᠢ︾᠂ ︽ᠵᠠᠬᠢᠶᠠᠯᠠᠭ᠎ᠠ ᠶᠢᠨ ᠬᠡᠯᠪᠡᠷᠢ︾ | ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ 5200 ᠶᠠᠳᠠᠭᠤ ᠬᠦᠴᠢᠷᠳᠡᠯᠲᠡᠶ | ᠡᠷᠦᠬᠡ ᠶᠢᠨ ᠪᠡᠶ᠎ᠡ ᠪᠠᠨ ᠳᠠᠭᠠᠭᠠᠵᠤ ᠠᠵᠤ ᠦᠢᠯᠡᠰ ᠬᠥᠭᠵᠢᠭᠦᠯᠬᠦ ᠶᠢ ᠳᠠᠶᠢᠴᠢᠯᠠᠪᠠ᠃ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠳᠤ ᠰᠢᠨ᠎ᠡ ᠶᠢ ᠡᠭᠦᠳᠴᠦ᠂ ︽ᠳ᠋ᠧ ᠴᠧᠩ ᠱᠠᠨ ᠯᠢ︾ ᠡᠯᠧᠺᠲᠷᠣᠨ | ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠳᠠᠩᠰᠠᠯᠠᠭᠤᠯᠵᠤ᠂ | ᠲᠠᠷᠢᠶᠠᠯᠠᠩ ᠤᠨ ᠣᠨᠴᠠ ᠭᠠᠷᠤᠯᠲᠠ ᠶᠢ 2600 ᠭᠠᠷᠤᠶ ᠲᠦᠮᠡᠨ ᠲᠥᠭᠦᠷᠢᠭ ᠪᠣᠷᠣᠯᠠᠭᠤᠯᠵᠤ᠂ 934 ᠶᠠᠳᠠᠭᠤ | ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠪᠠ᠃ 811 ᠶᠠᠳᠠᠭᠤ ᠬᠦᠴᠢᠷᠳᠡᠯᠲᠡᠶ ᠬᠥᠮᠦᠨ ᠠᠮᠠ ᠳᠤ ᠨᠡᠶᠢᠲᠡ ᠶᠢᠨ | ᠠᠰᠠᠷᠠᠮᠵᠢ ᠶᠢᠨ ᠣᠶ ᠰᠢᠭᠤᠶ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠵᠤ᠂ ᠵᠢᠯ ᠤᠨ ᠬᠥᠮᠦᠨ ᠳᠤᠮᠳᠠᠴᠢ ᠶᠢᠨ | ᠴᠠᠯᠢᠩ 6000 ᠲᠥᠭᠦᠷᠢᠭ ᠪᠣᠯᠤᠨ᠎ᠠ︔ 400 ᠶᠠᠳᠠᠭᠤ ᠬᠦᠴᠢᠷᠳᠡᠯᠲᠡᠶ ᠬᠥᠮᠦᠨ ᠠᠮᠠ ᠳᠤ ᠤᠯᠤᠰ ᠤᠨ ᠠᠮᠢ | ᠠᠬᠤᠶ ᠶᠢᠨ ᠣᠶ ᠰᠢᠭᠤᠶ ᠶᠢᠨ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠵᠤ᠂ ᠵᠢᠯ ᠤᠨ ᠬᠥᠮᠦᠨ | ᠳᠤᠮᠳᠠᠴᠢ ᠶᠢᠨ ᠴᠠᠯᠢᠩ ᠨᠢ 1 ᠲᠦᠮᠡᠨ ᠲᠥᠭᠦᠷᠢᠭ ᠪᠣᠯᠤᠨ᠎ᠠ᠃ ᠬᠥᠲᠥᠴᠢ ᠠᠵᠤ ᠠᠬᠤᠶᠢᠯᠠᠯ ᠬᠢᠭᠡᠳ | ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 41 ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠨᠢ 1776 ᠡᠷᠦᠬᠡ 3548 ᠶᠠᠳᠠᠭᠤ ᠬᠦᠴᠢᠷᠳᠡᠯᠲᠡᠢ ᠬᠥᠮᠦᠨ | ᠠᠮᠠ ᠶᠢ ᠳᠠᠶᠢᠴᠢᠯᠠᠵᠤ᠂ ᠡᠷᠦᠬᠡ ᠳᠤᠮᠳᠠᠴᠢ ᠶᠢᠨ ᠣᠷᠣᠯᠭ᠎ᠠ ᠶᠢ 1800 ᠲᠥᠭᠦᠷᠢᠭ ᠨᠡᠮᠡᠭᠳᠡᠭᠦᠯᠪᠡ᠃ ᠬᠥᠳᠡᠭᠡ | ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠴᠦ᠂ ᠪᠠᠭ᠎ᠠ ᠲᠣᠭᠠᠨ ᠤ ᠢᠲᠡᠭᠡᠮᠵᠢᠲᠤ | ᠵᠢᠭᠡᠯᠡᠯᠭᠡ ᠶᠢᠨ ᠪᠡᠯᠡ ᠮᠥᠩᠭᠦ 5501.88 ᠲᠦᠮᠡᠨ ᠲᠥᠭᠦᠷᠢᠭ ᠰᠢᠨ᠎ᠡ ᠪᠠᠷ ᠨᠡᠮᠡᠭᠳᠡᠵᠦ᠂ 1202 ᠶᠠᠳᠠᠭᠤ | ᠬᠦᠴᠢᠷᠳᠡᠯᠲᠡᠢ ᠡᠷᠦᠬᠡ ᠶᠢ ᠬᠠᠮᠤᠷᠪᠠ᠃ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 44 | ᠬᠤᠭᠤᠴᠠᠭ᠎ᠠ ᠡᠷᠬᠢᠯᠡᠵᠦ᠂ 1345 ᠬᠦᠮᠦᠨ ᠢ ᠪᠣᠯᠪᠠᠰᠤᠷᠠᠭᠤᠯᠪᠠ᠃ ᠠᠷᠢᠭᠤᠨ ᠴᠡᠪᠡᠷ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 230 ᠭᠠᠷᠭᠠᠵᠤ᠂ ᠱᠠᠩᠨᠠᠨ ᠬᠤᠪᠢ ᠬᠤᠷᠠᠮᠳᠤᠭᠤᠯᠬᠤ ᠵᠡᠷᠭᠡ | ᠠᠷᠭ᠎ᠠ ᠮᠠᠶ᠋ᠢᠭ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ | ᠪᠡᠶᠡᠴᠢ ᠴᠣᠭᠴᠠ ᠶᠢᠨ ᠤᠬᠠᠮᠰᠠᠷ ᠢ ᠪᠤᠶᠢᠵᠢᠭᠤᠯᠤᠨ ᠴᠢᠩᠭᠠᠷᠠᠭᠤᠯᠪᠠ᠃ ᠲᠣᠰᠬᠤᠨ ᠤ ᠱᠠᠲᠤᠨ ᠤ ᠬᠠᠮᠲᠤ ᠶᠢᠨ | ᠠᠵᠤ ᠠᠬᠤᠶ ᠶᠢ ᠪᠦᠬᠦᠨ ᠢ ᠠᠬᠢᠨ ᠨᠡᠮᠡᠭᠳᠡᠯ ᠢ ᠪᠡᠶᠡᠯᠡᠭᠦᠯᠵᠦ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠳᠤᠮᠳᠠᠴᠢ ᠪᠠᠷ 12 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠪᠡ᠃ ᠪᠡᠭᠡᠵᠢᠩ ᠤᠨ ᠳ᠋ᠦᠩ ᠴᠧᠩ | ᠲᠣᠭᠤᠷᠢᠭ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠳᠤᠮᠳᠠᠳᠤ ᠤᠯᠤᠰ ᠤᠨ ᠣᠷᠣᠨ ᠲᠤᠭ᠎ᠠ ᠶᠢᠨ ᠠᠯᠪᠠᠨ | ᠬᠡᠷ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠳ᠋ᠦᠩ ᠴᠧᠩ | ᠲᠣᠭᠤᠷᠢᠭ ᠤᠨ ᠬᠠᠪᠰᠤᠷᠤᠨ ᠲᠡᠳᠬᠦᠬᠦ 14 ᠲᠥᠷᠥᠯ ᠵᠦᠢᠯ ᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠪᠡᠯᠡ | ᠮᠥᠩᠭᠦ ᠶᠢ 2100 ᠲᠦᠮᠡᠨ ᠲᠥᠭᠦᠷᠢᠭ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ 15 ᠲᠥᠷᠥᠯ | ᠵᠦᠢᠯ ᠢ ᠴᠢᠷᠮᠠᠶᠢᠨ ᠣᠯᠵᠤ᠂ 9382 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠯᠪᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠵᠦ᠂ ᠰᠢᠭᠤᠳ ᠨᠡᠪᠲᠡᠷᠡᠬᠦ ᠲᠡᠷᠭᠡ ᠳ᠋ᠦᠩ ᠴᠧᠩ ᠲᠣᠭᠤᠷᠢᠭ ᠤᠨ ᠶᠥᠩ ᠸᠠᠢ᠂ | ᠯᠦᠩ ᠲᠠᠨ᠂ ᠾᠧ ᠫᠢᠩ ᠯᠢ ᠳᠤ ᠬᠦᠷᠴᠦ᠂ ᠨᠡᠶᠢᠲᠡ 2667 ᠲᠦᠮᠡᠨ ᠲᠥᠭᠦᠷᠢᠭ ᠪᠣᠷᠣᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠲᠡᠰ ᠤᠨ ᠨᠢᠭᠡᠴᠡ᠂ ᠬᠤᠲᠠ ᠭᠠᠵᠠᠷ ᠤᠨ ᠲᠡᠰ ᠤᠨ ᠨᠢᠭᠡᠴᠡ ᠶᠢᠨ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠪᠡᠯᠡ ᠮᠥᠩᠭᠦ ᠶᠢ 46.88 ᠲᠦᠮᠡᠨ | ᠲᠥᠭᠦᠷᠢᠭ ᠰᠢᠭᠤᠳ ᠣᠷᠣᠭᠤᠯᠵᠤ᠂ 500 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠶᠢ ᠵᠣᠬᠢᠴᠠᠭᠤᠯᠪᠠ᠃ | ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠲᠡ 41 | ᠬᠤᠪᠴᠠᠰᠤ ᠬᠤᠨᠠᠷ᠂ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ 64 ᠲᠣᠰᠬᠤᠨ ᠲᠠᠢ ᠬᠤᠤᠰᠯᠠᠵᠤ | ᠂ ᠬᠤᠪᠴᠠᠰᠤ ᠬᠤᠨᠠᠷ᠂ ᠲᠣᠨ ᠤ ᠤᠭᠤᠲᠠ ᠡᠳ᠋ᠰᠢᠭᠦᠯᠬᠦ ᠶᠢ ᠬᠡᠷᠡᠭᠵᠢᠭᠦᠯᠵᠦ᠂ 201 ᠶᠠᠳᠠᠭᠤ ᠬᠦᠴᠢᠷᠳᠡᠯᠲᠡᠶ | ᠬᠥᠮᠦᠨ ᠠᠮᠠ ᠶᠢ ᠳᠠᠶᠢᠴᠢᠯᠠᠨ᠂ ᠬᠥᠮᠦᠨ ᠳᠤᠮᠳᠠᠴᠢ ᠶᠢᠨ ᠣᠷᠣᠯᠭ᠎ᠠ ᠶᠢ 9000 ᠭᠠᠷᠤᠶ ᠲᠥᠭᠦᠷᠢᠭ ᠨᠡᠮᠡᠭᠳᠡᠭᠦᠯᠪᠡ | ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠭᠢᠨ | ᠪᠠᠶᠢᠴᠠᠭᠠᠬᠤ︾ ᠪᠠ ᠲᠠᠯ᠎ᠠ ᠨᠤᠲᠤᠭ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ | ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ | ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠢᠵᠢᠷᠠᠭᠤᠯᠤᠨ ᠴᠡᠭᠴᠡᠯᠡᠨ ᠵᠠᠰᠠᠬᠤ ᠠᠵᠢᠯ ᠢ ᠰᠢᠯᠵᠢᠭᠦᠯᠦᠨ | ᠰᠢᠢᠳᠪᠤᠷᠢᠯᠡᠬᠦ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠶᠢ ᠬᠦᠴᠦᠲᠡᠢ ᠠᠳᠬᠤᠵᠤ᠂ ᠠᠭᠠᠷ ᠮᠠᠨᠳᠠᠯ᠂ ᠤᠰᠤ᠂ | ᠬᠥᠷᠥᠰᠥ ᠰᠢᠷᠤᠢ ᠶᠢᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠬᠦᠴᠦᠲᠡᠢ ᠬᠡᠷᠡᠭᠵᠢᠭᠦᠯᠵᠦ᠂ ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠢᠳᠡᠪᠬᠢᠲᠡᠢ ᠬᠥᠳᠡᠯᠦᠨ ᠵᠢᠯᠣᠭᠤᠳᠴᠤ᠂ ︽ᠲᠠᠷᠠᠬᠠᠢ | ᠪᠤᠲᠠᠷᠬᠠᠢ ᠰᠠᠮᠠᠭᠤᠨ ᠪᠣᠬᠢᠷᠳᠤᠯᠲᠠᠢ︾ 7 ᠠᠵᠤ ᠠᠬᠤᠶᠢᠯᠠᠯ ᠢ ᠬᠦᠴᠦᠨ ᠦᠭᠡᠢ ᠪᠣᠯᠭᠠᠵᠤ᠂ ᠨᠡᠶᠢᠲᠡ 13 | ᠠᠭᠤᠷᠬᠠᠢ ᠶᠢᠨ ᠬᠠᠯᠠᠭᠤᠨ ᠵᠤᠤᠬ᠎ᠠ ᠶᠢ ᠰᠢᠭᠰᠢᠭᠳᠡᠭᠦᠯᠪᠡ᠃ ᠪᠦᠬᠦ ᠰᠢᠶᠠᠨ ᠤ ᠲᠥᠪᠯᠡᠷᠡᠭᠦᠯᠦᠨ ᠢᠯᠴᠢ ᠬᠠᠩᠭᠠᠬᠤ 4 | ᠺᠣᠮᠫᠠᠨᠢ ᠬᠦᠬᠦᠷ ᠦᠭᠡᠢᠳᠡᠭᠦᠯᠬᠦ ᠲᠥᠬᠦᠭᠡᠷᠦᠮᠵᠢ ᠶᠢ ᠪᠦᠷ ᠪᠠᠶᠢᠭᠤᠯᠵᠤ ᠳᠠᠭᠤᠰᠬᠠᠪᠠ᠃ ᠰᠢᠶᠠᠨ ᠳᠤ 3 | ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠢ ᠴᠥᠮ ᠬᠠᠮᠠᠭᠠᠯᠠᠯᠲᠠ ᠶᠢᠨ | ᠣᠷᠣᠨ ᠢᠶᠠᠷ ᠵᠠᠭᠠᠭᠯᠠᠨ ᠲᠣᠭᠲᠠᠭᠠᠬᠤ ᠶᠢᠨ ᠬᠠᠮᠲᠤ ᠬᠢᠨᠠᠨ ᠡᠵᠡᠮᠳᠡᠬᠦ ᠪᠡᠯᠡᠳᠬᠡᠮᠵᠢ ᠤᠭᠰᠠᠷᠠᠪᠠ᠃ ᠪᠣᠬᠢᠷ ᠤᠰᠤ | ᠰᠢᠢᠳᠪᠤᠷᠢᠯᠡᠬᠦ ᠦᠢᠯᠡᠳᠪᠤᠷᠢ ᠶᠢᠨ ᠳᠡᠰ ᠳᠡᠪᠰᠢᠬᠦ ᠥᠭᠡᠷᠡᠴᠢᠯᠡᠯᠲᠡ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ | ᠴᠡᠪᠡᠷᠵᠢᠭᠰᠡᠨ ᠤᠰᠤ ᠶᠢ ᠳᠠᠬᠢᠨᠬᠡᠷᠡᠭᠯᠡᠬᠦ ᠪᠦᠷᠬᠦᠴᠡ ᠶᠢᠨ ᠨᠣᠷᠮ᠎ᠠ 90% ᠠᠴᠠ ᠳᠡᠭᠡᠭᠰᠢ ᠳᠤ ᠬᠦᠷᠦᠭᠦᠯᠪᠡ᠃ | 200 ᠮᠦ ᠰᠢᠭᠠᠷᠤ ᠶᠢᠨ ᠲᠠᠯᠠᠪᠠᠢ ᠶᠢ ᠰᠢᠨ᠎ᠡ ᠪᠠᠷ ᠠᠰᠢᠭᠯᠠᠯᠲᠠ ᠳᠤ ᠣᠷᠤᠭᠤᠯᠪᠠ᠃ ᠲᠠᠷᠢᠶᠠᠯᠠᠩ ᠮᠠᠯ ᠠᠵᠤ | ᠠᠬᠤᠢ ᠶᠢᠨ ᠣᠯᠠᠨ ᠡᠬᠢᠲᠦ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠬᠢᠮᠢ ᠶᠢᠨ ᠪᠣᠷᠳᠣᠭᠤᠷ ᠲᠠᠷᠢᠶᠠᠨ ᠡᠮ ᠢ ᠬᠡᠷᠡᠭᠯᠡᠬᠦ | ᠬᠡᠮᠵᠢᠶᠡᠨ ᠤ ᠪᠠᠭᠤᠷᠠᠯ ᠢ ᠪᠡᠶᠡᠯᠡᠭᠦᠯᠪᠡ᠃ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠢᠩᠭᠠᠳᠬᠠᠵᠤ | ᠂ 8110 ᠲᠦᠮᠡᠨ ᠲᠣᠨ ᠪᠣᠷᠣᠭᠠᠨ ᠨᠡᠮᠡᠭᠳᠡᠭᠦᠯᠪᠡ᠃ ᠡᠯ᠎ᠡ ᠵᠦᠢᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ 15.19 ᠲᠦᠮᠡᠨ ᠮᠥ ᠪᠡᠶᠡᠯᠡᠭᠦᠯᠵᠦ᠂ ᠬᠤᠲᠠ ᠪᠠᠯᠭᠠᠰᠤᠨ ᠤ ᠡᠷᠬᠢᠨ | ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 24.76 ᠲᠦᠮᠡᠨ ᠮᠥ ᠵᠠᠭᠠᠭᠯᠠᠨ ᠲᠣᠭᠲᠠᠭᠠᠪᠠ᠃ | ︵ᠬᠤᠶᠠᠷ︶ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠪᠠ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ | 2019 ᠣᠨ ᠳᠤ ᠬᠤᠷ᠎ᠠ ᠪᠣᠷᠣᠭᠠᠨ ᠡᠯᠪᠡᠭ᠂ ᠲᠠᠷᠢᠶᠠᠯᠠᠩ ᠮᠠᠯ ᠠᠵᠤ ᠠᠬᠤᠶ ᠡᠯᠪᠡᠭ ᠬᠤᠷᠢᠶᠠᠯᠲᠠ ᠣᠯᠵᠤ᠂ ᠪᠥᠬᠦ | ᠰᠢᠶᠠᠨ ᠤ ᠠᠮᠤ ᠪᠤᠳᠠᠭᠠᠨ ᠤ ᠤᠨᠠᠯᠲᠠ 1.8 ᠳ᠋ᠦᠩᠰᠢᠭᠤᠷ ᠵᠢᠩ ᠳᠤ ᠬᠦᠷᠴᠦ᠂ ᠮᠢᠬᠠᠨ ᠤ ᠵᠦᠢᠯ ᠤᠨ ᠶᠡᠷᠦᠩᠬᠡᠶ | ᠭᠠᠷᠤᠯᠲᠠ 3.7 ᠲᠦᠮᠡᠨ ᠲᠣᠨ ᠳᠤ ᠬᠦᠷᠴᠦ᠂ ᠮᠠᠯ ᠠᠵᠤ ᠠᠬᠤᠶ ᠶᠢᠨ ᠣᠨ ᠤ ᠮᠠᠯ ᠤᠨ ᠭᠠᠷᠭᠠᠯᠲᠠ 88 ᠲᠦᠮᠡᠨ | ᠲᠣᠯᠣᠭᠠᠶ᠂ ᠪᠠᠶᠢᠭ᠎ᠠ ᠮᠠᠯ ᠨᠢ 43 ᠲᠦᠮᠡᠨ ᠲᠣᠯᠣᠭᠠᠶ ᠪᠠᠶᠢᠨ᠎ᠠ᠃ ᠤᠰᠤ ᠠᠷᠪᠢᠯᠠᠬᠤ ᠥᠨᠳᠥᠷ ᠪᠦᠲᠦᠮᠵᠢᠲᠡᠶ | ᠤᠰᠤᠯᠠᠯᠲᠠ ᠶᠢᠨ ᠲᠠᠷᠢᠶᠠᠨ ᠭᠠᠵᠠᠷ ᠢ 9.7 ᠲᠦᠮᠡᠨ ᠮᠦ ᠪᠠᠶᠢᠭᠤᠯᠵᠤ᠂ ᠪᠣᠬᠢᠷᠳᠤᠯ ᠦᠭᠡᠢ ᠪᠠᠷᠢᠮᠵᠢᠶᠠᠵᠢᠭᠤᠯᠤᠭᠰᠠᠨ | ᠲᠠᠷᠢᠬᠤ ᠲᠠᠯᠠᠪᠠᠢ ᠶᠢ 8.5 ᠲᠦᠮᠡᠨ ᠮᠦ ᠪᠠᠶᠢᠭᠤᠯᠵᠤ᠂ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 5 ᠲᠦᠮᠡᠨ | ᠮᠦ ᠳᠤ ᠬᠦᠷᠦᠭᠦᠯᠵᠦ᠂ ᠲᠥᠮᠥᠰᠥ ᠲᠠᠷᠢᠬᠤ ᠲᠠᠯᠠᠪᠠᠢ ᠶᠢ 10 ᠲᠦᠮᠡᠨ ᠮᠦ ᠠᠴᠠ ᠳᠡᠭᠡᠭᠰᠢ ᠪᠠᠶᠢᠯᠭᠠᠵᠤ᠂ | ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠳᠡᠯᠭᠡᠷᠡᠭᠦᠯᠬᠦ ᠲᠠᠯᠠᠪᠠᠢ ᠶᠢ 2 ᠲᠦᠮᠡᠨ ᠮᠦ ᠳᠤ ᠬᠦᠷᠦᠭᠦᠯᠪᠡ | ᠃ ᠪᠡᠭᠡᠵᠢᠩ ᠤᠨ ᠶᠢᠨ ᠳ᠋ᠢ ᠱᠢ ᠵᠢᠢ ᠪᠠ ᠰᠢᠨᠵᠢᠶᠠᠩ ᠤᠨ ᠰᠾᠢ ᠯᠦ ᠬᠤᠸᠠ ᠴᠢ ᠡᠯᠵᠢᠭᠡ ᠲᠡᠵᠢᠭᠡᠬᠦ ᠬᠤᠶᠠᠷ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠷᠢᠮᠵᠢᠶᠠᠵᠢᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ | ᠦᠢᠯᠡᠳᠪᠤᠷᠢ ᠶᠢ 84 ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠡᠳ᠋ᠰᠢᠭᠦᠯᠬᠦ ᠠᠵᠤ ᠠᠬᠤᠶᠢᠯᠠᠯ ᠢ 24 | ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠢ ᠪᠠᠶᠢᠭᠤᠯᠵᠤ ᠳᠠᠭᠤᠰᠬᠠᠪᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠴᠢᠳ ᠤᠨ ᠲᠤᠰᠬᠠᠶ ᠬᠤᠷᠰᠢᠶᠠᠵᠢᠯ 253 ᠪᠣᠯᠵᠤ᠂ ᠡᠭᠦᠨ ᠳᠤ | ᠤᠯᠤᠰ ᠤᠨ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ | ᠦᠵᠡᠭᠦᠯᠬᠦ ᠬᠤᠷᠰᠢᠶᠠᠵᠢᠯ 2᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 8 ᠪᠣᠶ᠃ | ᠬᠤᠸᠠᠳᠧ ᠶᠢᠨ ᠴᠠᠭᠠᠨ ᠨᠣᠭᠤᠭ᠎ᠠ᠂ ᠬᠤᠸᠠᠳᠧ ᠶᠢᠨ ᠬᠤᠨᠢᠨ ᠮᠢᠬ᠎ᠠ᠂ ᠬᠤᠸᠠᠳᠧ ᠶᠢᠨ ᠬᠠᠷ᠎ᠠ ᠴᠢᠨ᠋ᠸ᠎ᠠ ᠶᠢᠨ ᠬᠠᠷᠮᠠᠭ | ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠲᠤ | ᠠᠮᠵᠢᠯᠲᠠᠲᠠᠶ ᠣᠷᠤᠪᠠ᠃ ᠪᠥᠬᠦ ᠰᠢᠶᠠᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠦᠢᠯᠡᠳᠬᠦᠨ 15 | ᠪᠣᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 70% ᠳᠤ ᠬᠦᠷᠲᠡᠯ᠎ᠡ ᠳᠡᠭᠡᠭᠰᠢᠯᠡᠭᠦᠯᠪᠡ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠪᠡ᠃ ᠮᠠᠩᠭᠠᠨ ᠤ ᠰᠢᠷᠢᠰ | ᠰᠢᠨ᠎ᠡ ᠮᠠᠲ᠋ᠧᠷᠢᠶᠠᠯ ᠤᠨ ᠠᠵᠤ ᠦᠢᠯᠡᠰ᠃ ᠪᠣᠬᠢᠷᠲᠤᠯ ᠥᠬᠡᠶ ᠣᠷᠴᠢᠯᠳᠤᠭᠤᠯᠤᠨ ᠬᠥᠭᠵᠢᠭᠦᠯᠬᠦ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠠᠵᠤ ᠦᠢᠯᠡᠳᠪᠤᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠪᠦᠬᠦ ᠰᠢᠶᠠᠨ ᠤ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ 13 ᠪᠣᠯᠵᠤ᠂ | 30000 ᠸᠠᠯᠲ ᠠᠮᠫᠧᠷ ᠵᠢᠴᠢ ᠲᠡᠭᠦᠨ ᠠᠴᠠ ᠳᠡᠭᠡᠭᠰᠢᠬᠢ ᠠᠭᠤᠷᠬᠠᠢ ᠶᠢᠨ ᠢᠯᠴᠢ ᠶᠢᠨ ᠵᠤᠤᠬ᠎ᠠ 37 ᠰᠠᠭᠤᠷᠢ᠂ | ᠨᠠᠷᠢᠯᠢᠭ ᠪᠣᠯᠪᠠᠰᠤᠷᠠᠭᠤᠯᠬᠤ ᠵᠤᠤᠬ᠎ᠠ ᠶᠢ 15 ᠪᠠᠶᠢᠭᠤᠯᠵᠤ᠂ ᠦᠢᠯᠡᠳᠪᠦᠷᠢᠯᠡᠬᠦ ᠴᠢᠳᠠᠪᠤᠷᠢ ᠨᠢ 180 ᠲᠦᠮᠡᠨ | ᠲᠣᠨ ᠳᠤ ᠬᠦᠷᠪᠡ᠃ ᠬᠤᠸᠠ ᠴᠧᠨ ᠺᠣᠮᠫᠠᠨᠢ ᠶᠢᠨ ᠵᠢᠯ ᠳᠤ 100 ᠲᠦᠮᠡᠨ ᠲᠣᠨ ᠪᠣᠷᠵᠢᠨ ᠴᠢᠯᠠᠭᠤᠯᠢᠭ ᠤᠨ | ᠬᠠᠶᠠᠭᠳᠠᠮᠠᠯ ᠰᠢᠭᠠᠷᠤ ᠪᠣᠯᠪᠠᠰᠤᠷᠠᠭᠤᠯᠬᠤ ᠸᠠᠭᠠᠷ ᠱᠠᠭᠠᠵᠠᠩ ᠤᠨ ᠲᠦᠭᠦᠬᠡᠶ ᠮᠠᠲ᠋ᠧᠷᠢᠶᠠᠯ ᠪᠣᠯᠤᠨ ᠬᠢᠮᠡᠯ ᠥᠭᠡᠬᠦᠨ | ᠴᠢᠯᠠᠭᠤᠨ ᠬᠠᠪᠲᠠᠰᠤ ᠶᠢᠨ ᠲᠦᠭᠦᠬᠡᠶ ᠮᠠᠲ᠋ᠧᠷᠢᠶᠠᠯ ᠤᠨ ᠲᠥᠷᠥᠯ ᠵᠦᠢᠯ᠂ ᠰᠢᠶᠦ᠋ᠩ ᠸᠧᠢ ᠭᠤᠸᠠᠩ ᠳ᠋ᠠ ᠶᠢᠨ 50 | ᠰᠠᠶ᠎ᠠ ᠸᠠᠲ ᠤᠨ ᠭᠡᠭᠡᠭᠳᠡᠮᠡᠯ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠤᠨ ᠠᠵᠢᠯᠯᠠᠭᠤᠯᠪᠠ᠃ | ᠰᠢᠶᠦ᠋ᠩ ᠸᠧᠢ ᠭᠤᠸᠠᠩ ᠳ᠋ᠠ ᠺᠣᠮᠫᠠᠨᠢ ᠶᠢᠨ ᠵᠢᠯ ᠳᠤ 70 ᠲᠦᠮᠡᠨ ᠲᠣᠨ ᠪᠢᠴᠢᠯ ᠨᠡᠭᠦᠷᠡᠰᠦᠲᠥ᠋ᠷᠥᠭᠴᠢᠲᠦ | ᠬᠠᠶᠢᠯᠤᠰᠢ ᠦᠢᠯᠡᠳᠪᠦᠷᠢᠯᠡᠬᠦ ᠲᠦᠷᠦᠯ ᠵᠦᠢᠯ᠂ ᠵᠦᠩ ᠲᠠᠢ ᠺᠣᠮᠫᠠᠨᠢ ᠶᠢᠨ ᠵᠢᠯ ᠳᠤ 130 ᠲᠦᠮᠡᠨ ᠲᠣᠨ ᠥᠨᠳᠥᠷ | ᠨᠡᠭᠦᠷᠡᠰᠦᠲᠥ᠋ᠷᠥᠭᠴᠢᠲᠦ ᠾᠷᠣᠮ ᠲᠡᠮᠦᠷ ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠮᠡᠷᠭᠡᠵᠢᠯ ᠤᠨ | ᠥᠭᠡᠷᠡᠴᠢᠯᠡᠯᠲᠡ ᠬᠢᠵᠦ ᠥᠷᠭᠡᠳᠬᠡᠨ ᠪᠠᠶᠢᠭᠤᠯᠬᠤ ᠲᠦᠷᠦᠯ ᠵᠦᠢᠯ᠂ ᠺᠦᠨ ᠱᠧᠩ ᠺᠣᠮᠫᠠᠨᠢ ᠶᠢᠨ ᠵᠢᠯ ᠳᠤ 10 | ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠡᠯ ᠦᠢᠯᠡᠳᠪᠦᠷᠢᠯᠡᠬᠦ ᠵᠡᠷᠭᠡ ᠨᠢᠭᠡ ᠪᠦᠯᠦᠭ | ᠭᠤᠣᠯᠳᠠᠯᠭ᠎ᠠ ᠲᠠᠢ ᠲᠦᠷᠦᠯ ᠵᠦᠢᠯ ᠢ ᠠᠮᠵᠢᠯᠲᠠᠲᠠᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠬᠤᠪᠴᠠᠰᠤᠨ ᠤ | ᠠᠵᠤ ᠦᠢᠯᠡᠰ᠃ ᠬᠤᠪᠴᠠᠰᠤ ᠬᠤᠨᠠᠷ ᠤᠨ ᠠᠵᠤ ᠦᠢᠯᠡᠰ ᠣᠯᠠᠨ ᠨᠡᠶᠢᠲᠡ ᠶᠢᠨ ᠦᠢᠯᠡᠴᠢᠯᠡᠭᠡᠨ ᠤ ᠰᠢᠨᠵᠢᠯᠡᠬᠦ | ᠤᠬᠠᠭᠠᠨ ᠤ ᠰᠣᠳᠤᠯᠭᠠᠨ ᠤ ᠲᠠᠪᠴᠠᠩ ᠳᠤ ᠲᠦᠰᠢᠭᠯᠡᠨ10 ᠵᠦᠢᠯ ᠤᠨ ᠰᠢᠨ᠎ᠡ ᠬᠡᠯᠪᠡᠷᠢ ᠶᠢᠨ ᠤᠩᠭᠠᠷᠢᠯ | ᠢᠯᠳᠠᠰᠤ ᠶᠢ ᠰᠤᠳᠤᠯᠤᠨ ᠨᠡᠭᠡᠭᠡᠵᠦ᠂ 8 ᠵᠦᠢᠯ ᠨᠢ ᠲᠤᠰᠬᠠᠶ ᠠᠰᠢᠭ ᠤᠨ ᠠᠩᠬᠠᠨ ᠤ ᠬᠢᠨᠠᠯᠲᠠ ᠶᠢ ᠥᠩᠭᠡᠷᠡᠭᠡᠵᠦ᠂ | 1 ᠵᠦᠢᠯ ᠨᠢ ᠡᠭᠦᠳᠦᠯᠲᠡ ᠶᠢᠨ ᠲᠤᠰᠬᠠᠶ ᠠᠰᠢᠭ ᠢ ᠬᠢᠨᠠᠨ ᠵᠥᠪᠰᠢᠶᠡᠷᠡᠭᠦᠯᠪᠡ᠃ ᠪᠦᠬᠦ ᠵᠢᠯ ᠳᠤ 1500 ᠲᠦᠮᠡᠨ | ᠵᠠᠬ᠎ᠠ ᠡᠯ᠎ᠡ ᠲᠥᠷᠥᠯ ᠤᠨ ᠬᠤᠪᠴᠠᠰᠤ ᠬᠤᠨᠠᠷ ᠦᠢᠯᠡᠳᠪᠦᠷᠢᠯᠡᠵᠦ᠂ 12 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠪᠡ︔ ᠬᠤᠪᠴᠠᠰᠤ ᠬᠤᠨᠠᠷ ᠤᠨ ᠠᠵᠤ ᠦᠢᠯᠡᠰ ︽ᠰᠦᠯᠵᠢᠶᠡᠨ ᠳᠤ ᠭᠠᠷᠴᠤ | ᠡᠯᠧᠺᠲᠷᠦᠨ ᠬᠤᠳᠠᠯᠳᠤᠭ᠎ᠠ︾ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠬᠡᠮᠵᠢᠶ᠎ᠡ 2600 | ᠲᠦᠮᠡᠨ ᠲᠥᠭᠦᠷᠢᠭ ᠲᠤ ᠬᠦᠷᠪᠡ᠃ ᠴᠡᠪᠡᠷ ᠡᠨᠧᠷᠭᠢ ᠶᠢᠨ ᠠᠵᠤ ᠦᠢᠯᠡᠰ᠃ ᠶᠡᠷᠦᠩᠬᠡᠶ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠨᠢ 8 ᠲᠦᠮᠡᠨ ᠺᠢᠯᠣᠸᠠᠲ ᠤᠨ 3 ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ | ᠵᠦᠢᠯ ᠢ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠰᠢᠶᠠᠨ ᠤ ᠰᠠᠯᠬᠢᠨ ᠬᠦᠴᠦᠨ ᠤ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 75 ᠲᠦᠮᠡᠨ ᠺᠢᠯᠣᠸᠠᠲ ᠳᠤ ᠬᠦᠷᠴᠦ᠂ ᠵᠢᠯ ᠤᠨ ᠴᠠᠬᠢᠯᠭᠠᠨ ᠭᠠᠷᠭᠠᠭᠰᠠᠨ | ᠬᠡᠮᠵᠢᠶ᠎ᠡ ᠨᠢ 7.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 5.2 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠪᠡ᠃ ᠣᠳᠣ ᠦᠶ᠎ᠡ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠦᠢᠯᠡᠰ᠃ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ | ᠲᠦᠯᠦᠪᠵᠢᠭᠦᠯᠵᠦ᠂ 2.44 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ ᠵᠠᠪᠰᠠᠷ ᠤᠨ ᠡᠬᠡ ᠬᠠᠭᠤᠷᠠᠢ ᠶᠢᠨ | ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠴᠢᠬᠤᠯᠠ ᠥᠩᠭᠡᠲᠦ ᠲᠡᠮᠦᠷᠯᠢᠭ ᠤᠨ ᠬᠦᠳᠡᠷ ᠢ | ᠬᠤᠪᠢᠶᠠᠷᠢᠯᠠᠨ ᠰᠠᠯᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ︵ᠭᠤᠷᠪᠠ︶ ᠬᠤᠳᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠬᠦ ᠶᠢ | ᠲᠡᠭᠦᠯᠳᠡᠷᠵᠢᠭᠦᠯᠵᠦ᠂ ᠰᠠᠭᠤᠷᠢᠰᠢᠯ ᠤᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ | ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ︽ | ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ︵2017 — 2035︶︾ ᠶᠢ | ᠬᠤᠶᠠᠳᠠᠬᠢ ᠤᠳᠠᠭ᠎ᠠ ᠵᠠᠰᠠᠨ ᠨᠠᠶᠢᠷᠠᠭᠤᠯᠵᠤ ᠳᠠᠭᠤᠰᠬᠠᠪᠠ᠃ ︽ ᠲᠠᠢ ᠫᠢᠩ ᠨᠡᠶᠢᠭᠡᠮ ᠲᠣᠭᠤᠷᠢᠭ ᠤᠨ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠴᠢᠨᠠᠷᠲᠠᠶ ᠨᠠᠷᠢᠨ ᠲᠦᠯᠦᠪᠵᠢᠭᠦᠯᠭᠡ︾᠂ | 24 ᠵᠠᠰᠠᠭ ᠵᠠᠬᠢᠷᠭᠠᠨ ᠤ ᠲᠣᠰᠬᠤᠨ ᠤ ᠰᠢᠨ᠎ᠡ ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠠᠶᠢᠯ | ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠡ᠃ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ 3426 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠵᠡᠭᠡᠯᠢ ᠭᠤᠳᠤᠮᠵᠢ ᠶᠢ 9697 ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠵᠤ᠂ ᠭᠠᠵᠠᠷ ᠳᠣᠣᠷᠠᠬᠢ ᠬᠤᠭᠤᠯᠠᠢ | ᠲᠣᠣᠷ ᠢ 12.83 ᠺᠢᠯᠤᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠪᠠ︔ 2.8 ᠺᠢᠯᠤᠮᠧᠲᠷ ᠤᠨ ᠢᠯᠴᠢ ᠬᠠᠩᠭᠠᠬᠤ | ᠬᠤᠭᠤᠯᠠᠢ ᠲᠣᠣᠷ ᠢ ᠥᠭᠡᠷᠡᠴᠢᠯᠡᠵᠦ᠂ ᠤᠮᠠᠷᠠᠲᠤ ᠣᠷᠣᠨ ᠤ ᠦᠶᠡᠷ ᠢ ᠰᠡᠷᠭᠡᠶᠢᠯᠡᠬᠦ ᠰᠤᠪᠠᠭ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠠᠬᠢᠭᠤᠯᠵᠤ᠂ ᠰᠢᠨ᠎ᠡ ᠬᠠᠭᠤᠴᠢᠨ ᠲᠣᠭᠤᠷᠢᠭ ᠤᠨ1.4 ᠺᠢᠯᠤᠮᠧᠲᠷ ᠤᠨ ᠲᠦᠷᠭᠡᠨ | ᠳᠠᠪᠬᠢᠬᠤ ᠵᠠᠮ ᠢ ᠬᠤᠯᠪᠣᠬᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ 293 ᠡᠷᠦᠬᠡ ᠶᠢᠨ ᠳᠥᠭᠦᠮ | ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠥᠭᠡᠷᠡᠴᠢᠯᠡᠨ ᠰᠢᠨᠡᠳᠬᠡᠭᠰᠡᠨ | ᠲᠠᠯᠠᠪᠠᠢ ᠨᠢ 4.39 ᠲᠡᠭᠰᠢ ᠳᠥᠷᠪᠡᠯᠵᠢᠨ ᠮᠧᠲᠷ ᠬᠦᠷᠴᠡᠢ᠃ ᠬᠤᠲᠠ ᠶᠢᠨ ᠲᠣᠭᠤᠷᠢᠭ ᠤᠨ ᠬᠤᠲᠠ ᠶᠢᠨ ᠳᠦᠷᠢ | ᠲᠥᠷᠬᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠦ᠂ ᠠᠷᠠᠳ ᠲᠤ ᠳᠥᠭᠦᠮ ᠦᠵᠡᠭᠦᠯᠬᠦ | ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ 287 ᠡᠷᠦᠬᠡ ᠵᠡᠭᠡᠯᠢ ᠳᠠᠭᠠᠤ ᠬᠤᠳᠠᠯᠳᠤᠭ᠎ᠠ ᠶᠢ ᠰᠢᠩᠭᠡᠭᠡᠨ ᠠᠪᠴᠤ᠂ | ᠲᠣᠭᠲᠠᠭᠠᠯ ᠠᠴᠠ ᠵᠥᠷᠢᠴᠡᠭᠰᠡᠨ ᠡᠭᠦᠳᠡᠨ ᠫᠠᠶᠢᠰᠠ ᠶᠢᠨ ᠢᠯᠡᠷᠬᠡᠶᠢᠯᠡᠯ᠂ ᠲᠣᠭᠲᠠᠭᠠᠯ ᠠᠴᠠ ᠵᠥᠷᠢᠴᠡᠭᠰᠡᠨ ᠳ᠋ᠧᠩ ᠤᠨ | ᠬᠠᠶᠢᠷᠴᠠᠭᠲᠤ ᠵᠠᠷ ᠮᠡᠳᠡᠭᠡ ᠵᠡᠷᠭᠡ 2100 ᠭᠠᠷᠤᠢ ᠬᠡᠰᠡᠭ ᠢ ᠪᠠᠭᠤᠯᠭᠠᠨ ᠠᠪᠴᠤ᠂ 2400 ᠭᠠᠷᠤᠢ ᠡᠷᠦᠬᠡ ᠶᠢᠨ | ᠡᠭᠦᠳᠡᠨ ᠲᠡᠮᠳᠡᠭ ᠢ ᠰᠣᠯᠢᠵᠤ᠂ ᠴᠣᠬᠤᠶᠢᠳᠠᠭᠰᠠᠨ ᠬᠡᠷᠡᠮ ᠤᠨ ᠲᠠᠯᠠᠪᠠᠢ ᠪᠠᠷᠤᠭ 30000 ᠲᠡᠭᠰᠢ ᠳᠥᠷᠪᠡᠯᠵᠢᠨ | ᠮᠧᠲᠷ ᠬᠦᠷᠴᠤ᠂ ᠬᠤᠲᠠ ᠶᠢᠨ ᠦᠵᠡᠮᠵᠢ ᠂ ᠣᠷᠴᠢᠨ ᠲᠣᠭᠤᠷᠢᠨ ᠲᠠᠰᠤᠷᠠᠯᠲᠠ ᠦᠭᠡᠢ ᠰᠠᠶᠢᠵᠢᠷᠠᠵᠤ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠴᠡᠴᠡᠷᠯᠢᠭ ᠤᠨ ᠰᠢᠶᠠᠨ ᠤ ᠬᠤᠲᠠ᠂ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠯᠠᠮ ᠨᠢᠭᠡ ᠠᠯᠬᠤᠮ ᠪᠠᠬᠢᠵᠢᠪᠡ᠃ ᠬᠥᠳᠡᠭᠡ | ᠲᠣᠰᠬᠤᠨ ᠤ ᠰᠠᠭᠤᠷᠢᠰᠢᠯ ᠤᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠲᠣᠰᠬᠤᠨ ᠳᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠨᠣᠷᠮ᠎ᠠ᠂ ᠲᠠᠷᠢᠶᠠᠴᠢᠨ ᠡᠷᠦᠬᠡ ᠳᠤ | ᠴᠠᠬᠢᠯᠭᠠᠨ ᠨᠡᠪᠲᠡᠷᠡᠭᠦᠯᠬᠦ ᠨᠣᠷᠮ᠎ᠠ᠂ ᠷᠠᠳᠢᠣ᠋ ᠲᠧᠯᠸᠢᠰ ᠪᠣᠯᠤᠨ ᠰᠢᠯᠵᠢᠮᠡᠯ ᠲᠣᠤᠷ ᠰᠦᠯᠵᠢᠶᠡᠨ ᠤ ᠪᠦᠷᠬᠦᠴᠡ ᠶᠢᠨ | ᠨᠣᠷᠮ᠎ᠠ ᠶᠢ ᠴᠥᠮ 100% ᠳᠤ ᠬᠦᠷᠦᠭᠦᠯᠵᠦ᠂ 86 ᠵᠠᠰᠠᠭ ᠵᠠᠬᠢᠷᠭᠠᠨ ᠤ ᠲᠣᠰᠬᠤᠨ ᠳᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠠᠰᠤᠭ᠂ ᠰᠣᠶᠣᠯ ᠤᠨ ᠠᠵᠢᠯᠯᠠᠭᠠᠨ ᠤ ᠲᠠᠰᠤᠭ ᠪᠣᠯᠤᠨ ᠠᠷᠠᠳ ᠲᠤ ᠳᠥᠭᠦᠮ ᠦᠵᠡᠭᠦᠯᠬᠦ | ᠴᠢᠯᠦᠭᠡᠲᠤ ᠳᠡᠯᠭᠡᠭᠦᠷ ᠢ ᠪᠦᠬᠦᠨ ᠢ ᠪᠠᠶᠢᠭᠤᠯᠵᠤ᠂ ︽ᠵᠣᠷᠯᠣᠩ ᠤᠨ ᠬᠤᠪᠢᠰᠬᠠᠯ︾ ᠢ ᠲᠦᠯᠬᠢᠨ ᠠᠬᠢᠭᠤᠯᠵᠤ᠂ | ᠡᠷᠦᠬᠡ ᠶᠢᠨ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠴᠢᠭ ᠤᠨ 649 ᠡᠷᠦᠬᠡ ᠶᠢ ᠪᠡᠶᠡᠯᠡᠭᠦᠯᠪᠡ᠃ | ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ | ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ | ᠂ ᠨᠤᠷᠠᠩᠬᠠᠢ ᠬᠡᠷᠡᠮ ᠢ 3065 ᠲᠠᠰᠤᠯᠭ᠎ᠠ ᠨᠤᠷᠠᠭᠠᠵᠤ᠂ ᠡᠯ᠎ᠡ ᠲᠥᠷᠥᠯ ᠤᠨ ᠬᠤᠭ ᠨᠣᠪᠰᠢ ᠶᠢ 2 ᠲᠦᠮᠡ ᠭᠠᠷᠤᠶ | ᠲᠣᠨ ᠴᠡᠪᠡᠷᠯᠡᠨ ᠲᠡᠭᠡᠭᠡᠪᠦᠷᠢᠯᠡᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠰᠢᠢᠳᠪᠤᠷᠢᠯᠡᠬᠦ | ᠲᠥᠷᠥᠯ ᠵᠦᠢᠯ ᠢ ᠬᠡᠷᠡᠭᠵᠢᠭᠦᠯᠦᠨ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠲᠦᠷᠭᠡᠳᠬᠡᠵᠦ᠂ ᠪᠦᠷᠬᠦᠯᠲᠡ ᠶᠢᠨ | ᠨᠣᠷᠮ᠎ᠠ 24.5% ᠳᠤ ᠬᠥᠷᠪᠡ᠃ ᠮᠢᠨ ᠯᠧ ᠲᠣᠰᠬᠤᠨ ᠨᠢ ᠲᠠᠷᠢᠶᠠᠯᠠᠩ ᠤᠨ ᠶᠠᠮᠤᠨ ᠠᠴᠠ ︽ᠪᠦᠬᠦ ᠤᠯᠤᠰ ᠤᠨ | ᠨᠢᠭᠡ ᠲᠣᠰᠬᠤᠨ ᠳᠤ ᠨᠢᠭᠡ ᠦᠢᠯᠡᠳᠬᠦᠨ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠲᠤᠭᠲᠠᠭᠠᠭᠳᠠᠪᠠ᠃ | ᠡᠯ᠎ᠡ ᠲᠣᠰᠬᠤᠨ ︽ᠲᠣᠰᠬᠤᠨ ᠤ ᠲᠦᠷᠢᠮ ᠠᠷᠠᠳ ᠤᠨ ᠭᠡᠷ᠎ᠡ︾ ︽ᠡᠷᠡᠭᠦᠯ ᠬᠠᠮᠠᠭᠠᠯᠠᠯ ᠤᠨ ᠨᠡᠶᠢᠲᠡ ᠶᠢᠨ ᠭᠡᠷ᠎ᠡ︾ | ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠰᠤᠷᠠᠯᠳᠠ ᠦᠭᠡᠢ | ᠠᠷᠢᠯᠭᠠᠵᠤ᠂ ᠨᠡᠶᠢᠭᠡᠮ ᠵᠢᠷᠤᠮ ᠤᠨ ᠰᠢᠨ᠎ᠡ ᠰᠤᠷᠲᠠᠯ ᠲᠥᠪ ᠰᠤᠷᠲᠠᠯ ᠢ ᠪᠤᠢ ᠪᠣᠯᠭᠠᠪᠠ᠃ | ︵ᠳᠥᠷᠪᠡ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠳᠡᠭᠡᠭᠰᠢᠯᠡᠵᠦ᠂ ᠨᠡᠶᠢᠭᠡᠮ ᠤᠨ ᠠᠵᠢᠯ | ᠦᠢᠯᠡᠰ ᠪᠦᠬᠦ ᠲᠠᠯ᠎ᠠ ᠪᠠᠷ ᠳᠠᠪᠰᠢᠪᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠦᠷᠭᠦᠯᠵᠢᠯᠡᠨ ᠴᠢᠩᠭᠠᠷᠠᠪᠠ᠃ ᠠᠷᠠᠳ ᠤᠨ ᠠᠮᠢᠳᠤᠷᠠᠯ | ᠪᠠ ᠨᠡᠶᠢᠭᠡᠮ ᠤᠨ ᠬᠦᠷᠢᠶᠡᠨ ᠤ ᠵᠠᠷᠤᠯᠭ᠎ᠠ ᠨᠢ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 80% ᠠᠴᠠ | ᠳᠡᠭᠡᠭᠰᠢᠬᠢ ᠶᠢ ᠡᠵᠡᠯᠡᠨ᠎ᠡ᠃ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠦᠷᠭᠦᠯᠵᠢᠯᠡᠨ ᠰᠠᠶᠢᠵᠢᠷᠠᠵᠤ᠂ | ᠬᠤᠲᠠ ᠪᠠᠯᠭᠠᠰᠤᠨ ᠤ 760 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ 1115 ᠲᠦᠮᠡᠨ ᠲᠥᠭᠦᠷᠢᠭ ᠲᠠᠯᠪᠢᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ28650 ᠬᠦᠮᠦᠨ ᠤᠳᠠᠭ᠎ᠠ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.0% ᠶᠢᠨ ᠳᠣᠲᠣᠷ᠎ᠠ ᠬᠢᠵᠠᠭᠠᠷᠯᠠᠨ᠎ᠠ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠪᠡ᠃ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠠᠵᠢᠯ ᠱᠠᠲᠤ ᠦᠶ᠎ᠡ ᠶᠢᠨ ᠴᠢᠨᠠᠷᠲᠠᠢ ᠠᠮᠵᠢᠯᠲᠠ ᠣᠯᠪᠠ᠃ | ᠨᠡᠶᠢᠭᠡᠮ ᠤᠨ ᠠᠪᠤᠷᠠᠨ ᠲᠤᠰᠠᠯᠠᠬᠤ ᠡᠯ᠎ᠡ ᠲᠥᠷᠥᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠪᠠᠷᠢᠮᠵᠢᠶ᠎ᠠ ᠶᠢ ᠪᠠᠭᠤᠷᠠᠭᠤᠯᠵᠤ᠂ | ᠳᠠᠩᠰᠠᠨ ᠲᠠᠶᠢᠯᠬᠤ ᠬᠠᠷᠢᠴᠠᠯ ᠳᠡᠭᠡᠭᠰᠢᠯᠡᠪᠡ᠃ ᠨᠡᠶᠢᠭᠡᠮ ᠤᠨ ᠦᠢᠯᠡᠰ ᠤᠷᠲᠤ ᠬᠤᠭᠤᠴᠠᠭᠠᠨ ᠤ ᠬᠦᠭᠵᠢᠯᠲᠡ ᠲᠠᠢ | ᠪᠣᠯᠪᠠ᠃ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ | ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠨᠡᠨ ᠬᠦ ᠡᠷᠬᠢᠯᠡᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠴᠡᠴᠡᠷᠯᠢᠭ ᠲᠤ ᠣᠷᠣᠬᠤ ᠨᠣᠷᠮ᠎ᠠ 95.2% ᠲᠤ ᠬᠦᠷᠴᠦ᠂ ᠣᠨᠴᠠᠭᠠᠢ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠭᠤᠷᠪᠠᠨ ᠵᠡᠮᠳᠡᠭ ᠬᠡᠤᠬᠡᠳ ᠤᠨ | ᠰᠤᠷᠭᠠᠭᠤᠯᠢ ᠳᠤ ᠣᠷᠣᠬᠤ ᠨᠣᠷᠮ᠎ᠠ 87.5% ᠳᠤ ᠬᠦᠷᠴᠡᠶ᠃ ᠰᠤᠷᠭᠠᠭᠤᠯᠢ ᠡᠷᠬᠢᠯᠡᠬᠦ ᠨᠥᠬᠦᠴᠡᠯ ᠢ ᠠᠯᠬᠤᠮ | ᠠᠯᠬᠤᠮ ᠢᠶᠠᠷ ᠰᠠᠶᠢᠵᠢᠷᠠᠭᠤᠯᠵᠤ᠂ ᠢᠦᠢ ᠼᠠᠢ᠂ ᠲᠠᠢ ᠾᠧ ᠬᠡᠤᠬᠡᠳ ᠤᠨ ᠴᠡᠴᠡᠷᠯᠢᠭ ᠢ ᠪᠠᠶᠢᠭᠤᠯᠵᠤ᠂ ᠰᠾᠢ ᠶᠤᠸᠠᠨ | ᠬᠡᠤᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠨ᠎ᠠ᠃ ᠪᠠᠭᠰᠢ ᠶᠢᠨ ᠡᠩᠨᠡᠭᠡᠨ ᠤ | ᠪᠦᠬᠦᠯᠢ ᠴᠣᠭᠴᠠ ᠶᠢᠨ ᠬᠡᠪ ᠴᠢᠨᠠᠷ ᠪᠦᠬᠦ ᠲᠠᠯ᠎ᠠ ᠪᠠᠷ ᠳᠡᠭᠡᠭᠰᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ | ᠪᠠᠭᠰᠢ 51 ᠡᠯᠰᠡᠵᠦ᠂ 110 ᠪᠠᠭᠰᠢ ᠳ᠋ᠦᠩᠴᠧᠩ ᠲᠣᠭᠤᠷᠢᠭ ᠤᠨ ᠰᠤᠷᠭᠠᠭᠤᠯᠢ ᠳᠤ ᠬᠦᠷᠴᠦ ᠠᠵᠢᠯ ᠤᠨ | ᠪᠠᠶᠢᠷᠢ ᠲᠠᠭᠠᠨ ᠪᠣᠯᠪᠠᠰᠤᠷᠠᠯ ᠬᠦᠷᠲᠡᠭᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠡᠮ ᠤᠨ | ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ︽ᠬᠤᠶᠠᠷ ᠪᠠᠷᠢᠮᠲᠠ ᠶᠢᠨ ᠳᠦᠷᠢᠮ︾ ᠢ ᠢᠳᠡᠪᠬᠢᠲᠡᠢ | ᠥᠷᠨᠢᠭᠦᠯᠵᠦ᠂ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠤᠪᠢᠶᠠᠷᠢ ᠬᠤᠷᠢᠶ᠎ᠠ ᠪᠠᠶᠢᠭᠤᠯᠬᠤ ᠪᠠ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠠᠶᠢᠳᠠᠨ ᠬᠠᠮᠢᠶᠠᠷᠤᠭᠤᠯᠬᠤ ᠰᠢᠨ᠎ᠡ ᠵᠠᠭᠪᠤᠷ | ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠢᠲᠠᠳ ᠡᠮᠨᠡᠯᠭᠡ ᠶᠢᠨ ᠣᠷᠳᠣᠨ ᠪᠠᠶᠢᠭᠤᠯᠵᠤ᠂ | ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠨᠡᠭᠡᠭᠡᠪᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ | ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠪᠦᠬᠦᠨ ᠢ ᠪᠠᠷᠢᠮᠵᠢᠶ᠎ᠠ ᠳᠤ ᠬᠦᠷᠦᠭᠦᠯᠪᠡ᠃ ᠰᠢᠶᠠᠨ ᠤ | ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ ᠢ ᠠᠰᠢᠭᠯᠠᠯᠲᠠ ᠳᠤ ᠣᠷᠤᠭᠤᠯᠵᠤ᠂ ᠬᠡᠦᠬᠡᠳ ᠤᠨ | ᠰᠠᠯᠠᠭᠠᠨ ᠤ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠭᠦᠯᠪᠡ᠃ ᠰᠣᠶᠣᠯ ᠵᠤᠭᠠᠴᠠᠯ ᠤᠨ ᠦᠢᠯᠡᠰ ᠥᠷᠨᠢᠨ | ᠬᠥᠭᠵᠢᠪᠡ᠃ ︽ᠬᠤᠸᠠᠳᠧ ᠰᠢᠶᠠᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵ | 2019 — 2020︶︾ ᠪᠣᠯᠣᠨ ᠮᠢᠨ ᠯᠧ ᠨᠠᠭᠤᠷ ᠤᠨ ᠬᠦᠳᠡᠭᠡ ᠲᠣᠰᠬᠤᠨ ᠤ ᠶᠡᠷᠦᠩᠬᠡᠶᠢᠯᠡᠭᠰᠡᠨ | ᠵᠢᠭᠤᠯᠴᠢᠯᠠᠯ ᠤᠨ ᠣᠷᠣᠨ᠂ ᠪᠠᠷᠠᠭᠤᠨ ᠠᠭᠤᠯᠠᠨ ᠤ ᠡᠬᠡ ᠦᠷᠡᠰ ᠤᠨ ᠬᠦᠷᠢᠶᠡᠯᠡᠩ ᠤᠨ ᠵᠢᠭᠤᠯᠴᠢᠯᠠᠯ ᠤᠨ ᠣᠷᠣᠨ᠂ | ᠴᠢᠦ ᠯᠢᠩ ᠭᠧᠤ ᠶᠢᠨ ᠴᠡᠷᠢᠭ ᠤᠨ ᠴᠠᠶᠢᠵᠠ ᠶᠢᠨ ᠰᠣᠶᠣᠯ ᠵᠢᠭᠤᠯᠴᠢᠯᠠᠯ ᠤᠨ ᠣᠷᠣᠨ ᠤ ᠲᠥᠷᠥᠯ ᠵᠦᠢᠯ ᠤᠨ | ᠰᠠᠨᠠᠭᠤᠯᠭ᠎ᠠ ᠶᠢᠨ ᠪᠢᠴᠢᠭ ᠢ ᠨᠠᠶᠢᠷᠠᠭᠤᠯᠤᠨ ᠵᠣᠬᠢᠶᠠᠪᠠ᠃ ᠨᠡᠶᠢᠭᠡᠮ ᠲᠣᠭᠤᠷᠢᠭ᠂ ᠵᠠᠰᠠᠭ ᠵᠠᠬᠢᠷᠭᠠᠨ ᠤ ᠲᠣᠰᠬᠤᠨ ᠤ | ᠰᠣᠶᠣᠯ ᠤᠨᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠤᠯᠠᠭᠠᠨᠮᠥ᠋ᠴᠢᠷ ᠤᠨ ᠠᠵᠢᠯ ᠦᠢᠯᠡᠰ ᠰᠢᠨ᠎ᠡ ᠳᠡᠭᠲᠡᠷ ᠲᠤ ᠭᠠᠷᠪᠠ᠃ ︽ᠰᠣᠶᠣᠯ ᠢ ᠬᠥᠳᠡᠭᠡ ᠪᠠᠭᠤᠯᠭᠠᠬᠤ︾ ︽ | ᠣᠶᠤᠨ ᠤᠬᠠᠭᠠᠨ ᠵᠣᠷᠢᠭ ᠬᠤᠶᠠᠷ ᠢ ᠲᠡᠳᠬᠦᠬᠦ︾ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠰᠣᠶᠣᠯ ᠤᠨ | ᠲᠣᠭᠯᠠᠯᠲᠠ︾᠂ ︽ᠣᠶᠤᠨ ᠤᠬᠠᠭᠠᠨ ᠵᠣᠷᠢᠭ ᠬᠤᠶᠠᠷ ᠢ ᠲᠡᠳᠬᠦᠬᠦ︾ ᠤᠬᠠᠭᠤᠯᠭ᠎ᠠ ᠬᠢᠵᠦ᠂ ᠶᠠᠳᠠᠭᠤ ᠠᠴᠠ | ᠠᠩᠭᠢᠵᠢᠷᠠᠬᠤ ᠥᠩᠭᠡ ᠭᠡᠷᠡᠯᠲᠦ ᠥᠷᠲᠡᠭ ᠤᠨ ᠤᠳᠤᠷᠢᠳᠤᠮᠵᠢ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃ | ᠶᠠᠩ ᠵᠢᠶᠠ ᠳ᠋ᠢ ᠶᠢᠨ ᠬᠡᠰᠡᠭ ᠤᠨ ᠠᠯᠲᠠᠨ ᠤᠯᠤᠰ ᠤᠨ ᠤᠲᠠᠰᠤᠨ ᠬᠡᠷᠡᠮ ᠤᠨ ᠠᠶᠤᠯ ᠠᠴᠠ ᠠᠪᠤᠷᠠᠵᠤ ᠪᠠᠬᠢᠵᠢᠭᠦᠯᠬᠦ | ᠢᠨᠵᠧᠨᠧᠷᠢᠩ ᠢ ᠪᠡᠶᠡᠯᠡᠭᠦᠯᠵᠦ᠂ ᠰᠾᠢ ᠮᠠ ᠭᠧᠦ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠨᠢ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ | ᠶᠠᠷᠢᠶᠠᠨ ᠤ ᠲᠠᠪᠴᠠᠩ · 2019 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ | ᠢᠯᠡᠷᠡᠭᠦᠯᠦᠯᠲᠡ ᠳᠤ ᠣᠷᠣᠪᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ | ᠬᠤᠲᠠ ᠶᠢᠨ ᠣᠷᠣᠰᠢᠭᠤᠯᠭ᠎ᠠ ᠶᠢᠨ ᠭᠠᠵᠠᠷ᠂ ᠰᠢᠶᠠᠩ ᠪᠠᠯᠭᠠᠰᠤᠨ ᠤ ᠨᠡᠶᠢᠲᠡ ᠶᠢᠨ ᠣᠩᠭᠤᠨ ᠳᠤ ᠬᠡᠷᠡᠭᠯᠡᠬᠦ | ᠭᠠᠵᠠᠷ ᠤᠨ ᠴᠢᠭ ᠢ ᠠᠭᠠᠷ ᠠᠴᠠ ᠬᠡᠮᠵᠢᠨ ᠵᠢᠷᠤᠬᠤ ᠠᠵᠢᠯ ᠢ ᠪᠡᠶᠡᠯᠡᠭᠦᠯᠪᠡ᠃ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠬᠦᠯᠦᠰᠦᠨ ᠠᠵᠢᠯᠴᠢᠨ ᠤ ︽ | ᠬᠤᠶᠠᠷ ᠮᠥᠩᠬᠦ ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ᠂ ︽ᠬᠦᠯᠦᠰᠦᠨ ᠠᠵᠢᠯᠴᠢᠨ ᠤ ᠴᠠᠯᠢᠩ ᠢ | ᠦᠷᠢᠲᠦᠬᠦ ᠶᠢ ᠴᠡᠭᠴᠡᠯᠡᠬᠦ︾ ᠠᠵᠢᠯ ᠢ ᠴᠢᠩᠭᠠᠷᠠᠭᠤᠯᠵᠤ᠂ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠭᠦᠨᠵᠡᠭᠡᠶ ᠠᠬᠢᠭᠤᠯᠵᠤ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠬᠠᠮᠠᠭᠠᠯᠠᠭᠴᠢ ᠶᠢ ᠠᠷᠢᠯᠭᠠᠵᠤ | ᠂ ᠣᠯᠠᠨ ᠲᠦᠮᠡᠨ ᠤ ᠠᠮᠤᠷ ᠲᠠᠶᠢᠪᠤᠩ ᠲᠦᠷᠦᠭᠳᠡᠯ ᠢᠯᠡᠳᠲᠡ ᠴᠢᠩᠭᠠᠷᠠᠪᠠ᠃ ᠵᠠᠬᠢᠳᠠᠯ ᠰᠤᠷᠪᠤᠯᠵᠢᠯᠠᠭ᠎ᠠ ᠶᠢᠨ | ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠲᠣᠬᠢᠲᠠᠶ ᠰᠢᠢᠳᠪᠤᠷᠢᠯᠡᠪᠡ᠃ ᠠᠶᠤᠯᠭᠦᠶ ᠦᠢᠯᠡᠳᠪᠤᠷᠢᠯᠡᠯ ᠤᠨ ᠠᠵᠢᠯ ᠢ | ᠴᠢᠩᠭᠠᠳᠬᠠᠵᠤ᠂ ᠪᠦᠬᠦ ᠵᠢᠯ ᠳᠤ ᠠᠶᠤᠯᠭᠦᠶ ᠦᠢᠯᠡᠳᠪᠤᠷᠢᠯᠡᠯ ᠤᠨ ᠬᠦᠨᠳᠦ ᠶᠡᠭᠡ ᠡ᠊ᠨᠳᠡᠯ ᠭᠠᠷᠤᠭᠰᠠᠨ ᠦᠭᠡᠢ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠰᠦᠯᠵᠢᠶᠡᠨ ᠳᠡᠭᠡᠷᠡᠬᠢ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠪᠡ᠃ | ᠲᠤᠭ᠎ᠠ ᠪᠦᠷᠢᠳᠬᠡᠯ᠂ ᠠᠮᠤ ᠪᠤᠳᠠᠭ᠎ᠠ᠂ ᠴᠠᠭ ᠠᠭᠤᠷ᠂ ᠭᠠᠵᠠᠷ ᠬᠥᠳᠡᠯᠦᠯᠲᠡ᠂ ᠠᠷᠠᠳ ᠤᠨ ᠠᠭᠠᠷ ᠤᠨ | ᠰᠡᠷᠭᠡᠶᠢᠯᠡᠯᠲᠡ᠂ ᠠᠬᠠᠮᠠᠳ ᠺᠠᠳ᠋ᠷ ᠵᠡᠷᠭᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠨᠠᠰᠤᠲᠠᠶᠢᠴᠤᠳ ᠪᠠ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ | ᠪᠣᠯᠪᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠡᠯ᠎ᠡ ᠦᠨᠳᠦᠰᠦᠲᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ | ᠬᠥᠭᠵᠢᠭᠰᠡᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠡᠳᠦᠷ ᠢᠷᠡᠬᠦᠶ᠎ᠡ ᠴᠢᠩᠭᠠᠷᠠᠪᠠ | ᠪᠦᠬᠦ ᠵᠢᠯ ᠳᠤ 35 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠬᠠᠷᠢᠴᠠᠩᠭᠤᠶ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ ᠤᠨ ᠠᠵᠢᠯ ᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ᠂ ᠰᠢᠶᠠᠩ ᠪᠠᠯᠭᠠᠰᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠤ | ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠰᠢᠶᠠᠨ ᠤ ᠲᠣᠰ ᠱᠠᠲᠤᠨ ᠤ ᠰᠦᠯᠵᠢᠶᠡᠨ ᠳᠡᠭᠡᠷ᠎ᠡ | ᠭᠦᠢᠴᠡᠳᠬᠡᠵᠦ ᠪᠣᠯᠬᠤ ᠨᠣᠷᠮ᠎ᠠ ᠶᠢ 85% ᠳᠤ ᠬᠦᠷᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠠᠮᠠᠯᠠᠯᠲᠠ ᠶᠢᠨ ᠴᠠᠭ ᠬᠢᠵᠠᠭᠠᠷ ᠢ 30% ᠪᠠᠷ ᠪᠠᠭᠠᠰᠬᠠᠪᠠ᠃ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ 1120 ᠨᠡᠮᠡᠭᠳᠡᠵᠦ᠂ ᠪᠦᠬᠦ ᠰᠢᠶᠠᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ 7315 ᠪᠣᠯᠪᠠ᠃ ᠠᠵᠤ ᠠᠬᠤᠶᠢᠯᠠᠯ ᠤᠨ ᠭᠠᠵᠠᠷ ᠰᠢᠷᠣᠶ ᠶᠢ ᠡᠷᠴᠢᠮᠯᠢᠭ ᠭᠠᠮᠲᠠᠶ ᠬᠡᠷᠡᠭᠯᠡᠬᠦ ᠶᠢ | ᠵᠢᠷᠤᠮᠵᠢᠭᠤᠯᠵᠤ᠂ 743 ᠮᠦ ᠰᠤᠯᠠ ᠲᠠᠯᠪᠢᠵᠤ ᠪᠠᠶᠢᠭ᠎ᠠ ᠠᠵᠤ ᠦᠢᠯᠡᠳᠪᠤᠷᠢ ᠳᠤ ᠬᠡᠷᠡᠭᠯᠡᠬᠦ ᠭᠠᠵᠠᠷ ᠢ | ᠠᠮᠢᠯᠠᠭᠤᠯᠪᠠ᠃ ᠳᠠᠷᠤᠭᠠᠰᠤ ᠶᠢ ᠬᠥᠩᠭᠡᠷᠡᠭᠦᠯᠵᠦ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ | ᠲᠥᠷᠥ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ | ᠳᠠᠷᠤᠭᠠᠰᠤ ᠶᠢ ᠦᠷᠬᠦᠯᠵᠢᠯᠡᠨ ᠬᠥᠩᠭᠡᠷᠡᠭᠦᠯᠵᠦ᠂ ᠡᠨᠡ ᠵᠢᠯ 1.93 ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ | ᠭᠦᠨᠵᠡᠭᠡᠶ ᠲᠦᠯᠬᠢᠨ ᠠᠬᠢᠭᠤᠯᠵᠤ᠂ ᠳᠠᠭᠠᠳᠬᠠᠯ ᠳᠤ ᠣᠷᠤᠯᠴᠠᠭᠰᠠᠨ ᠠᠵᠤ ᠠᠬᠤᠶᠢᠯᠠᠯ ᠨᠢ 500 ᠭᠠᠷᠤᠶ ᠲᠦᠮᠡᠨ | ᠲᠥᠭᠦᠷᠢᠭ ᠤᠨ ᠰᠦᠢᠳᠬᠡᠯ ᠢ ᠪᠠᠭᠤᠷᠠᠭᠤᠯᠪᠠ᠃ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠺᠠᠩ | ᠳ᠋ᠧ ᠶᠢᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ 3᠂ 4 ᠳ᠋ᠦᠭᠡᠷ ᠨᠣᠮᠧᠷᠲᠤ ᠭᠤᠣᠯ | ᠬᠤᠪᠢᠰᠤᠯᠲᠠ ᠶᠢᠨ ᠪᠠᠭᠲᠠᠭᠠᠮᠵᠢ ᠶᠢ ᠦᠷᠭᠡᠳᠬᠡᠪᠡ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶ ᠬᠡᠷᠡᠭᠵᠢᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠨᠤᠷᠮ᠎ᠠ᠂ ᠦᠨᠡᠮᠯᠡᠯ ᠣᠯᠭᠤᠬᠤ | ᠨᠤᠷᠮ᠎ᠠ ᠶᠢ ᠴᠥᠮ 95.68% ᠳᠤ ᠬᠦᠷᠭᠡᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠪᠠ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠤᠷᠪᠠᠳᠤᠭᠠᠷ | ᠤᠳᠠᠭᠠᠨ ᠤ ᠪᠠᠶᠢᠴᠠᠭᠠᠯᠲᠠ ᠶᠢᠨ ᠠᠵᠢᠯ ᠲᠡᠭᠦᠰ ᠠᠮᠵᠢᠯᠲᠠ ᠲᠠᠢ ᠲᠡᠭᠦᠰᠪᠡ᠃ ᠬᠥᠳᠡᠭᠡ ᠲᠣᠰᠬᠤᠨ ᠤ ᠡᠳ᠋ | ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠪᠦᠷᠢᠯᠳᠦᠬᠦᠨ ᠤ ᠪᠡᠶ᠎ᠡ ᠶᠢᠨ ᠭᠠᠷᠤᠯ ᠢ ᠨᠤᠲᠠᠯᠠᠬᠤ ᠠᠵᠢᠯ ᠢ | ᠪᠦᠬᠦᠨ ᠢ ᠪᠡᠶᠡᠯᠡᠭᠦᠯᠪᠡ᠃ ᠭᠠᠳᠠᠭᠠᠳᠤ ᠨᠡᠭᠡᠭᠡᠯᠲᠡ ᠪᠣᠳᠠᠲᠤ ᠦᠷ᠎ᠡ ᠪᠦᠲᠦᠮᠵᠢ ᠣᠯᠵᠤ᠂ ᠮᠧᠩ ᠳ᠋ᠠ ᠲᠢᠲ᠋ᠠᠨ | ᠦᠢᠯᠡᠰ ᠤᠨ ᠭᠠᠳᠠᠭᠠᠳᠤ ᠭᠠᠷᠭᠠᠯᠲᠠ 680 ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠵᠠᠢ᠃ | ᠠᠩᠬᠠᠳᠤᠭᠠᠷ ᠬᠤᠭᠤᠴᠠᠭᠠᠨ ᠤ ᠰᠣᠶᠣᠯ ᠤᠨ ᠠᠮᠲᠠᠲᠤ ᠢᠳᠡᠭᠡᠨ ᠤ ᠨᠠᠶᠢᠷ ᠪᠠ ᠬᠤᠶᠠᠳᠤᠭᠠᠷ ᠬᠤᠭᠤᠴᠠᠭᠠᠨ ᠤ | ᠴᠢᠭᠤᠯᠭᠠᠲᠤ ᠬᠠᠭᠠᠯᠭ᠎ᠠ— ᠬᠦᠷᠢᠶ᠎ᠡ ᠬᠦᠷᠬᠦ ᠶᠡᠭᠡ ᠵᠠᠮ ᠢᠶᠠᠷ ᠳᠠᠬᠢᠨ ᠶᠠᠪᠤᠬᠤ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠵᠦ᠂ ᠭᠠᠳᠠᠭᠠᠲᠤ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ | ︵ᠵᠢᠷᠭᠤᠭ᠎ᠠ︶ ᠤᠯᠤᠰ ᠲᠥᠷᠦ ᠶᠢᠨ ᠪᠠᠶᠢᠭᠤᠯᠤᠯᠲᠠ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ | ᠰᠢ ᠵᠢᠨᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢ ᠪᠠᠲᠤ | ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠎ᠡ᠃ ︽ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠪᠠᠲᠤᠲᠠᠶ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ | ᠠᠬᠢᠭᠤᠯᠬᠤ︾ ᠪᠠ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠣᠪᠣᠷ ᠰᠤᠷᠲᠠᠯ ᠢᠶᠠᠨ ᠬᠤᠪᠢᠷᠠᠭᠤᠯᠬᠤ᠂ | ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠲᠠᠰᠤᠷᠠᠯᠲᠠ | ᠥᠬᠡᠶ ᠪᠣᠶ ᠪᠣᠯᠭᠠᠪᠡ᠃ ᠨᠢᠭᠡ ᠠᠵᠢᠯ ᠤᠨ ᠪᠠᠶᠢᠷᠢ ᠳᠠᠬᠢ ᠬᠤᠶᠠᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠲᠦᠯᠬᠢᠨ ᠠᠬᠢᠭᠤᠯᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠲᠠᠯᠠᠨᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠵᠢᠨᠰᠢᠢᠳᠪᠤᠷᠢᠲᠤ ᠪᠤᠳᠤᠯᠭ᠎ᠠ | ᠲᠣᠭᠲᠠᠭᠠᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠰᠠᠬᠢᠯᠭ᠎ᠠ ᠪᠠᠲᠤ ᠶᠢ ᠴᠢᠩᠳᠠᠯᠠᠬᠤ ᠶᠢ ᠲᠡᠷᠢᠭᠦᠨ ᠳᠤ | ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ | ᠲᠠᠯᠪᠢᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 42 ᠬᠤᠪᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 79 ᠬᠤᠪᠢ ᠰᠢᠢᠳᠪᠤᠷᠢᠯᠡᠵᠦ᠂ | ᠰᠢᠢᠳᠪᠤᠷᠢᠯᠡᠵᠦ ᠳᠠᠭᠤᠰᠬᠠᠭᠰᠠᠨ ᠨᠤᠷᠮ᠎ᠠ 100% ᠳᠤ ᠬᠦᠷᠪᠡ᠃ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠠᠩᠬᠠᠷᠴᠤ | ᠪᠠᠶᠢᠭ᠎ᠠ ᠵᠥᠷᠢᠴᠡᠯ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠤᠷᠢᠯᠡᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠪᠠ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠤᠯᠠᠮ ᠨᠢᠭᠡ | ᠠᠯᠬᠤᠮ ᠳᠡᠭᠡᠭᠰᠢᠯᠡᠪᠡ᠃ | ᠲᠥᠯᠥᠭᠡᠯᠡᠭᠴᠢᠳ ᠡ᠂ ᠥᠩᠭᠡᠷᠡᠭᠰᠡᠨᠨᠢᠭᠡ ᠵᠢᠯ ᠳᠤ ᠪᠢᠳᠡ ᠡᠭᠦᠷᠭᠡᠯᠡᠯ ᠢᠶᠠᠷ ᠤᠭ ᠰᠠᠨᠠᠭ᠎ᠠ ᠪᠠᠨ | ᠲᠠᠶᠢᠯᠪᠤᠷᠢᠯᠠᠵᠤ᠂ ᠪᠣᠳᠠᠲᠠᠢ ᠠᠵᠢᠯᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠤᠰ | ᠲᠦᠷᠦ ᠶᠢᠨ ᠣᠷᠴᠢᠨ ᠢ ᠴᠡᠪᠡᠷᠰᠢᠭᠦᠯᠦᠨ ᠰᠡᠷᠭᠦᠭᠡᠵᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ ᠡᠯ᠎ᠡ | ᠵᠦᠢᠯ ᠤᠨ ᠠᠵᠢᠯ ᠢ ᠲᠤᠭᠲᠠᠪᠤᠷᠢᠵᠢᠭᠤᠯᠪᠠ᠃ ᠡᠨᠡ ᠨᠢᠭᠡ ᠵᠢᠯ ᠳᠤ ᠪᠢᠳᠡ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠣᠶ ᠶᠢ ᠪᠠᠶᠠᠷᠯᠠᠨ ᠤᠭᠲᠤᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ | ᠲᠠᠯ᠎ᠠ ᠪᠠᠷ ᠬᠠᠲᠠᠭᠤᠵᠢᠨ ᠳᠠᠪᠲᠠᠵᠦ᠂ ᠵᠣᠷᠢᠯᠭ᠎ᠠ ᠶᠢᠨ ᠤᠬᠠᠮᠰᠠᠷ ᠪᠠ ᠠᠷᠠᠳ ᠤᠨ ᠲᠥᠯᠥᠭᠡ ᠵᠢᠳᠬᠦᠬᠦ ᠰᠡᠳᠬᠢᠯᠭᠡ | ᠴᠢᠩᠭᠠᠷᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠴᠤᠭ ᠰᠦᠯᠳᠡ ᠶᠢ ᠪᠠᠳᠠᠷᠠᠭᠤᠯᠪᠠ᠃ ᠤᠯᠠᠨ ᠨᠡᠶᠢᠲᠡ ᠶᠢᠨ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ | ᠡᠮᠦᠨ᠎ᠡ ᠰᠢᠯᠭᠠᠯᠲᠠ ᠶᠢ ᠳᠠᠭᠠᠭᠠᠵᠤ ᠴᠢᠳᠠᠭᠰᠠᠨ ᠪᠠᠶᠢᠨ᠎ᠠ᠃ ᠥᠷᠭᠡᠨ ᠣᠯᠠᠨ ᠡᠮᠨᠡᠯᠭᠡ ᠶᠢᠨ ᠮᠡᠷᠭᠡᠵᠢᠯᠲᠡᠨ ᠪᠠ ᠺᠠᠳ᠋ᠷ | ᠣᠯᠠᠨ ᠲᠦᠮᠡᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠯᠠᠨ ᠢᠶᠠᠷ ᠢᠶᠠᠨ ᠰᠡᠳᠬᠢᠯ ᠨᠢᠭᠡᠳᠴᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠡᠷᠡᠰ ᠰᠢᠭᠤᠷᠬᠠᠶ ᠪᠠᠷ | ᠲᠤᠰᠠᠭᠠᠷᠯᠠᠵᠤ᠂ ᠬᠤᠯᠤᠭᠠᠨ᠎ᠠ ᠶᠢᠨ ᠬᠢᠵᠢᠭ ᠤᠨ ᠳᠡᠯᠭᠡᠷᠡᠬᠦ ᠶᠢ ᠰᠡᠷᠭᠡᠶᠢᠯᠡᠨ ᠡᠵᠡᠮᠳᠡᠵᠦ᠂ ᠨᠢᠭᠡᠨ ᠬᠤᠯᠤᠭᠠᠨ᠎ᠠ ᠶᠢᠨ | ᠬᠢᠵᠢᠭ ᠲᠤ ᠨᠡᠷᠪᠡᠭᠳᠡᠭᠰᠡᠨ ᠡᠪᠡᠳᠴᠢᠲᠡᠨ ᠢ ᠠᠮᠵᠢᠯᠲᠠ ᠲᠠᠢ ᠡᠮᠴᠢᠯᠡᠵᠦ᠂ 70 ᠵᠢᠯ ᠳᠤ ᠨᠢᠭᠡ ᠤᠳᠠᠭ᠎ᠠ | ᠲᠣᠬᠢᠶᠠᠯᠳᠤᠭᠰᠠᠨ ᠬᠤᠯᠤᠭᠠᠨ᠎ᠠ ᠶᠢᠨ ᠬᠢᠵᠢᠭ ᠢ ᠢᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ | ᠲᠦᠪᠰᠢᠨ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠂ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠥᠬᠢᠭᠦᠯᠦᠯ ᠢ ᠣᠯᠵᠠᠶ᠃ | ᠬᠠᠭᠤᠴᠢᠨ ᠲᠣᠭᠤᠷᠢᠭ ᠤᠨ ᠢᠯᠴᠢ ᠬᠠᠩᠭᠠᠬᠤ ᠦᠢᠯᠡᠳᠪᠤᠷᠢ ᠶᠢᠨ ᠳᠤᠯᠠᠭᠠᠯᠠᠭ᠎ᠠ ᠶᠢᠨ ᠬᠤᠭᠤᠯᠠᠶ ᠲᠣᠤᠷ ᠬᠠᠭᠠᠷᠠᠵᠤ | ᠂ ᠬᠠᠭᠤᠴᠢᠨ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠣᠷᠣᠨ ᠤ ᠳᠤᠯᠠᠭᠠᠯᠠᠭ᠎ᠠ ᠶᠢ | ᠵᠣᠭᠰᠣᠭᠰᠠᠨᠪᠠᠴᠢᠮ ᠪᠠᠶᠢᠳᠠᠯ ᠢ ᠠᠷᠭᠠᠴᠠᠵᠤ ᠠᠳᠡᠯ ᠢ ᠪᠦᠲᠦᠮᠵᠢᠲᠡᠶ ᠰᠢᠢᠳᠪᠤᠷᠢᠯᠡᠪᠡ᠃ ᠬᠤᠶᠠᠷ ᠤᠳᠠᠭᠠᠨ ᠤ | ᠤᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠢ ᠡᠷᠡᠰ ᠰᠢᠭᠤᠷᠬᠠᠢ ᠠᠷᠭᠠᠴᠠᠨ ᠰᠢᠢᠳᠪᠤᠷᠢᠯᠡᠭᠰᠡᠨ ᠨᠢ ᠡᠯ᠎ᠡ | ᠱᠠᠲᠤᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨᠵᠢᠯᠡᠬᠦ ᠤᠬᠠᠭᠠᠨᠴᠢ | ᠥᠨᠳᠥᠷ ᠪᠦᠲᠦᠮᠵᠢᠲᠡᠢ ᠪᠠᠷ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠢᠯᠡᠷᠡᠭᠦᠯᠦᠭᠰᠡᠨ ᠪᠠᠶᠢᠨ᠎ᠠ᠃ | ᠡᠨᠡ ᠨᠢ ᠮᠦᠨ ᠴᠤ ᠮᠠᠨ ᠤ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠲᠤ ᠨᠢᠭᠡ ᠤᠳᠠᠭᠠᠨ ᠤ ᠰᠡᠷᠡᠮᠵᠢ ᠪᠠ | ᠰᠡᠷᠡᠮᠵᠢᠯᠡᠭᠦᠯᠦᠯ ᠪᠣᠯᠬᠤ ᠪᠥᠭᠡᠳ ᠪᠠᠰᠠ ᠴᠤ ᠪᠢᠳᠡᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠠᠮᠤᠷ | ᠲᠦᠪᠰᠢᠨ ᠤ ᠬᠡᠷᠡᠭ ᠢ ᠠᠷᠭᠠᠴᠠᠬᠤ ᠨᠢᠭᠡ ᠤᠳᠠᠭᠠᠨ ᠤ ᠬᠠᠲᠠᠭᠤ ᠴᠢᠩᠭ᠎ᠠ ᠰᠢᠯᠭᠠᠯᠲᠠ ᠪᠣᠯᠤᠨ᠎ᠠ᠃ ᠡᠯ᠎ᠡ ᠱᠠᠲᠤᠨ ᠤ | ᠺᠠᠳ᠋ᠷᠴᠤᠳ ᠪᠣᠳᠠᠲᠤ ᠬᠡᠷᠡᠭ ᠪᠠ ᠦᠢᠯᠡ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ | ᠲᠠᠶᠢᠯᠪᠤᠷᠢᠯᠠᠵᠤ᠂ ᠠᠷᠠᠳ ᠤᠯᠠᠨ ᠳᠤ ᠥᠷᠭᠡᠨ ᠢᠶᠠᠷ ᠮᠡᠳᠡᠷᠡᠭᠳᠡᠵᠦ ᠮᠠᠭᠲᠠᠭᠠᠯ ᠰᠠᠶᠢᠰᠢᠶᠠᠯ ᠢ ᠨᠢ ᠣᠯᠤᠭᠰᠠᠨ ᠪᠠᠶᠢᠨ᠎ᠠ | ︕ | ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠪᠢᠳᠡ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ | ᠡᠷᠬᠢᠨᠪᠠᠶᠢᠴᠠᠭᠠᠬᠤ︾ ᠪᠠᠶᠢᠴᠠᠭᠠᠯᠲᠠ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠭᠠᠷ ᠮᠠᠨᠳᠠᠯ ᠤᠨ ᠪᠣᠬᠢᠷᠲᠤᠯ ᠤᠨ ᠪᠠᠶᠢᠳᠠᠯ ᠢ | ᠱᠠᠯᠠᠪᠳᠠᠭᠤᠯᠤᠨ ᠪᠠᠶᠢᠴᠠᠭᠠᠭᠰᠠᠨ ᠪᠠᠶᠢᠴᠠᠭᠠᠯᠲᠠ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠡᠷᠬᠢᠨ ᠪᠠᠶᠢᠴᠠᠭᠠᠬᠤ︾ ᠶᠢ ᠬᠦᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ | ᠠᠪᠬᠤ ᠪᠠ ᠤᠯᠤᠰ ᠤᠨ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠬᠢᠨᠠᠨ | ᠰᠢᠯᠭᠠᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠢ ᠪᠡᠶᠡᠯᠡᠭᠦᠯᠵᠦ᠂ ᠪᠢᠳᠡ | ᠰᠢᠯᠭᠠᠯᠲᠠ ᠶᠢ ᠳᠠᠭᠠᠭᠠᠵᠤ᠂ ᠳᠠᠷᠤᠯᠲᠠ ᠶᠢ ᠲᠤᠯᠵᠤ᠂ ᠶᠠᠳᠠᠭᠤ ᠮᠠᠯᠠᠭᠠᠢ ᠪᠠᠨ ᠲᠠᠶᠠᠭᠳᠠᠬᠤ ᠬᠠᠷᠠᠯᠲᠠ ᠶᠢ | ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | ᠥᠩᠭᠡᠷᠡᠭᠰᠡᠨ ᠨᠢᠭᠡ ᠵᠢᠯ ᠳᠤ ᠮᠠᠨ ᠤ ᠰᠢᠶᠠᠨ ᠤ ᠠᠵᠤ ᠠᠬᠤᠶ ᠳᠤ ᠲᠦᠪᠡᠭ ᠪᠤᠳᠤᠯᠢᠶᠠᠨᠲᠠᠶ ᠪᠠᠶᠢᠳᠠᠯ | ᠲᠤᠯᠭᠠᠷᠠᠵᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠡᠭᠡ ᠪᠠᠶᠢᠵᠤ᠂ ᠪᠢᠳᠡ ᠲᠣᠭᠲᠠᠭᠤᠨ ᠢᠶᠠᠷ | ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ᠬᠦᠴᠢᠷ ᠢ ᠰᠥᠷᠦᠨ ᠤᠷᠤᠭᠰᠢᠯᠠᠵᠤ᠂ | ᠬᠦᠨᠳᠦ ᠶᠢ ᠡᠭᠦᠷᠭᠡᠯᠡᠨ ᠬᠦᠴᠦᠷᠬᠡᠭᠵᠢᠬᠦ ᠪᠠᠷ ᠴᠢᠷᠮᠠᠶᠢᠵᠤ᠂ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ᠂ ᠬᠤᠪᠴᠠᠰᠤ | ᠬᠤᠨᠠᠷ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠶ ᠪᠣᠯᠪᠠᠰᠤᠷᠠᠭᠤᠯᠬᠤ ᠭᠤᠤᠯ ᠠᠵᠤ ᠦᠢᠯᠡᠰ ᠤᠨ | ᠲᠣᠭᠤᠷᠢᠨ ᠳᠤ᠂ ᠬᠤᠪᠴᠠᠰᠤ ᠬᠤᠨᠠᠷ᠂ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ᠂ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ᠂ ᠡᠬᠡ ᠬᠠᠭᠤᠷᠠᠢ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ᠂ | ᠪᠠᠷᠢᠯᠭ᠎ᠠ ᠶᠢᠨ ᠮᠠᠲ᠋ᠧᠷᠢᠶᠠᠯ ᠸᠠᠭᠠᠷ ᠱᠠᠭᠠᠵᠠᠩ ᠤᠨ ᠠᠵᠤ ᠦᠢᠯᠡᠰ ᠤᠨ ︽ᠲᠠᠪᠤᠨ ᠶᠡᠭᠡ ᠰᠠᠭᠤᠷᠢᠨ ᠭᠠᠵᠠᠷ︾ ᠢ | ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠯᠡᠳᠡᠭᠳᠡᠯ ᠬᠡᠢ ᠪᠠᠷ ᠴᠠᠬᠢᠯᠭᠠᠨ ᠭᠠᠷᠭᠠᠬᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠣᠷᠴᠢᠯ ᠠᠵᠤ | ᠠᠬᠤᠢ ᠶᠢ ᠬᠦᠭᠵᠢᠭᠦᠯᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠪ ᠳᠠᠭᠤᠷᠢᠶᠠᠯ ᠪᠤᠯᠵᠤ᠂ | ᠠᠮᠵᠢᠯᠲᠠ ᠪᠦᠲᠦᠮᠵᠢ ᠨᠢ ᠲᠤᠶᠢᠯ ᠤᠨ ᠨᠠᠨᠳᠢᠨ ᠪᠠᠶᠢᠵᠤ᠂ ᠬᠢᠯᠪᠠᠷ ᠪᠤᠰᠤ ᠪᠠᠷ ᠢᠷᠡᠭᠰᠡᠨ ᠶᠤᠮ᠃ ᠡ᠊ᠨᠳᠡ ᠪᠢ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠥᠷᠭᠡᠨ ᠤᠯᠠᠨ ᠺᠠᠳ᠋ᠷ ᠣᠯᠠᠨ | ᠲᠦᠮᠡᠨ᠂ ᠬᠤᠸᠠᠳᠧ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠡᠯ᠎ᠡ ᠡᠲᠡᠭᠡᠳ ᠤᠨ ᠬᠥᠮᠦᠰ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠢᠳᠡ ᠪᠠᠰᠠ ᠪᠦᠬᠦ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ ᠪᠠᠶᠢᠬᠤ ᠶᠢ | ᠰᠡᠷᠭᠡᠭ ᠢᠶᠠᠷ ᠲᠠᠨᠢᠵᠤ ᠤᠯᠪᠠ᠃ ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ᠂ ᠰᠢᠨ᠎ᠡ ᠶᠢ ᠡᠭᠦᠳᠬᠦ ᠴᠢᠳᠠᠪᠤᠷᠢ | ᠴᠢᠩᠭ᠎ᠠ ᠪᠢᠰᠢ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠴᠥᠭᠡᠨ ᠪᠤᠰᠤ ᠬᠦᠴᠢᠷᠳᠡᠯ | ᠲᠤᠯᠭᠠᠷᠠᠵᠤ ᠪᠠᠶᠢᠨ᠎ᠠ︔ ᠦᠯᠡᠳᠡᠭᠰᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠳᠤ ᠪᠠᠰᠠ ᠮᠠᠰᠢ ᠤᠯᠠᠨ ᠠᠰᠠᠭᠤᠳᠠᠯ ᠲᠤᠯᠭᠠᠷᠠᠵᠤ ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠬᠤ | ᠦᠷ᠎ᠡ ᠪᠦᠲᠦᠭᠡᠯ ᠢ ᠪᠠᠬᠢᠵᠢᠭᠦᠯᠬᠦ ᠡᠭᠦᠷᠭᠡ ᠬᠠᠲᠠᠭᠤ ᠪᠡᠷᠬᠡ ᠪᠠᠶᠢᠨ᠎ᠠ︔ ᠠᠷᠠᠳ ᠤᠨ ᠠᠮᠢᠳᠤᠷᠠᠯ ᠤᠨ ᠥᠷᠢ ᠰᠢᠷᠢ | ᠪᠠᠰᠠ ᠨᠡᠯᠢᠶᠡᠳ ᠤᠯᠠᠨ ᠪᠠᠶᠢᠵᠤ᠂ ᠤᠯᠠᠨ ᠲᠦᠮᠡᠨ ᠤ ᠰᠠᠨᠠᠵᠤ ᠬᠦᠰᠡᠵᠦ ᠪᠠᠶᠢᠬᠤ᠂ ᠪᠤᠬᠢᠨᠢᠳᠤᠵᠤ ᠪᠠᠶᠢᠭ᠎ᠠ | ᠠᠰᠠᠭᠤᠳᠠᠯ ᠪᠠᠰᠠ ᠴᠥᠭᠡᠨ ᠪᠤᠰᠤ ᠪᠠᠶᠢᠨ᠎ᠠ᠂ ᠢᠯᠠᠩᠭᠤᠶ᠎ᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠠᠮᠢ ᠠᠬᠤᠶ ᠶᠢᠨ ᠬᠠᠮᠠᠭᠠᠯᠠᠯᠲᠠ᠂ ᠲᠥᠪᠯᠡᠷᠡᠭᠦᠯᠦᠨ ᠢᠯᠴᠢ ᠬᠠᠩᠭᠠᠬᠤ᠂ ᠠᠶᠤᠯᠭᠦᠶ ᠦᠢᠯᠡᠳᠪᠤᠷᠢᠯᠡᠯ | ᠵᠡᠷᠭᠡ ᠬᠦᠷᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠡᠷᠬᠢᠯᠲᠡ ᠶᠢ ᠪᠠᠲᠤᠯᠠᠬᠤ᠂ ᠥᠭᠴᠡᠭᠡ ᠶᠢ | ᠲᠦᠯᠦᠬᠦ ᠪᠠ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠦᠢᠯᠡᠰ ᠵᠡᠷᠭᠡ ᠡᠷᠬᠡᠪᠰᠢ ᠪᠠᠲᠤᠯᠠᠬᠤ ᠵᠠᠷᠤᠳᠠᠯ ᠤᠨ | ᠳᠠᠷᠤᠯᠲᠠ ᠮᠠᠰᠢ ᠶᠡᠭᠡ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠡᠶᠢᠮᠦ ᠰᠢᠯᠢᠳᠡᠭᠵᠢᠭᠡᠳᠦᠶ | ᠪᠠᠶᠢᠵᠤ᠂ ᠵᠠᠰᠠᠭ ᠤᠨ ᠣᠷᠳᠣᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠶ᠂ ᠦᠢᠯᠡᠴᠢᠯᠡᠭᠡᠨ ᠤ ᠤᠬᠠᠮᠰᠠᠷ᠂ | ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠵᠠᠷᠢᠮ ᠬᠦᠷᠢᠶ᠎ᠡ ᠴᠠᠷ᠎ᠠ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠮᠥᠨ ᠯᠡ ᠨᠡᠯᠢᠶᠡᠳ ᠶᠡᠭᠡ ᠪᠠᠶᠢᠵᠤ᠂ ︽ᠳᠦᠷᠪᠡᠨ ᠰᠤᠷᠲᠠᠯ︾ ᠤᠨ ᠠᠰᠠᠭᠤᠳᠠᠯ ᠢᠯᠠᠩᠭᠤᠶ᠎ᠠ | ᠬᠡᠯᠪᠡᠷᠢᠴᠢ ᠦᠵᠡᠯ᠂ ᠨᠣᠶᠠᠨᠴᠢ ᠰᠤᠷᠲᠠᠯ ᠴᠠᠭᠠᠵᠠᠯᠠᠪᠠᠴᠤ ᠵᠣᠭᠰᠣᠬᠤ ᠦᠭᠡᠢ᠂ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠪᠠᠰᠠ ᠪᠠᠶᠢᠨ ᠪᠠᠶᠢᠨ ᠭᠠᠷᠴᠤ ᠪᠠᠶᠢᠬᠤ ᠵᠡᠷᠭᠡ ᠪᠣᠯᠤᠨ᠎ᠠ᠃ ᠡᠭᠦᠨ ᠳᠤ᠂ | ᠪᠢᠳᠡᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠦᠢᠯᠡᠳᠦᠯᠭᠡ ᠳᠤᠮᠳᠠ ᠪᠠᠨ ᠲᠠᠰᠤᠷᠠᠯᠲᠠ ᠥᠬᠡᠶ ᠰᠠᠶᠢᠵᠢᠷᠠᠭᠤᠯᠬᠤ ᠪᠠᠷ | ᠴᠢᠷᠮᠠᠶᠢᠬᠤ ᠬᠡᠷᠡᠭᠲᠡᠶ᠃ | ᠬᠤᠶᠠᠷ᠂ 2020 ᠤᠨ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠢᠪᠲᠤᠷᠠᠭ᠎ᠠ ᠶᠢᠨ ᠵᠢᠯ ᠮᠥᠨ᠂ ᠪᠠᠰᠠ ᠴᠤ ᠬᠢᠵᠢᠭ ᠤᠨ ᠨᠥᠯᠥᠭᠡ ᠶᠢ ᠪᠠᠭᠠᠰᠬᠠᠵᠤ᠂ | ᠪᠦᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ | ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ | ᠪᠥᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ︽ᠪᠠᠭᠠᠰᠬᠠᠨ ᠰᠢᠯᠵᠢᠭᠦᠯᠬᠦ᠂ | ᠲᠥᠪᠯᠡᠷᠡᠭᠦᠯᠦᠨ ᠬᠥᠭᠵᠢᠭᠦᠯᠬᠦ︾ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠵᠤ ᠦᠢᠯᠡᠰ ᠢ ᠠᠳᠬᠤᠬᠤ᠂ ᠲᠦᠷᠦᠯ | ᠵᠦᠢᠯ ᠢ ᠠᠳᠬᠤᠬᠤ᠂ ᠣᠷᠴᠢᠨ ᠲᠣᠭᠤᠷᠢᠨ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠶᠢ | ᠲᠤᠪᠤᠶᠢᠯᠭᠠᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠡᠬᠡ ᠤᠯᠤᠰ ᠤᠨ ᠤᠮᠠᠷᠠᠲᠤ | ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠪᠦᠳᠦᠬᠡᠨ ᠪᠠᠶᠢᠭᠤᠯᠵᠤ᠂ ᠰᠠᠶᠢᠲᠤᠷ | ᠰᠠᠬᠢᠨ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠠᠬᠢᠭᠤᠯᠵᠤ᠂ ᠬᠥᠭᠵᠢᠯᠲᠡ ᠶᠢ ᠴᠢᠩᠭ᠎ᠠ ᠠᠳᠬᠤᠬᠤ ᠶᠢ ᠲᠡᠪᠴᠢᠶᠡᠷᠢ ᠲᠠᠢ ᠪᠠᠲᠤᠯᠠᠵᠤ᠂ ᠥᠨᠳᠥᠷ | ᠰᠠᠨᠠᠭᠠᠴᠢᠯᠠᠭ᠎ᠠ ᠲᠠᠢ ᠵᠢᠳᠬᠦᠯ ᠴᠢᠷᠮᠠᠶᠢᠯᠭ᠎ᠠ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | 2020 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ ᠤᠨ ᠨᠡᠮᠡᠭᠳᠡᠯ ᠤᠨ ᠬᠤᠷᠳᠤᠴᠠ ᠶᠢ 7%︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠤᠨ | ᠬᠤᠷᠳᠤᠴᠠ ᠶᠢ 20%︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ | 20%︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 3% ᠪᠠᠷ | ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 10. | 5%︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 4.5%︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 11.9% ᠪᠣᠯᠭᠠᠨ᠎ᠠ᠃ ᠨᠢᠭᠡᠴᠢ | ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠭᠤᠯᠭ᠎ᠠ ᠶᠢᠨ | ᠪᠠᠭᠤᠯᠭᠠᠭᠰᠠᠨ ᠬᠠᠷᠠᠯᠲᠠ ᠶᠢ ᠪᠡᠶᠡᠯᠡᠭᠦᠯᠦᠨ᠎ᠡ᠃ | ᠵᠢᠯ ᠤᠨ ᠡᠬᠢᠨ ᠠᠴᠠ ᠨᠠᠰᠢ᠂ ᠭᠡᠨᠡᠳᠲᠡ ᠡᠭᠦᠰᠦᠭᠰᠡᠨ ᠨᠢᠭᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠪᠥᠬᠦ ᠤᠯᠤᠰ ᠢ ᠬᠠᠮᠤᠷᠴᠤ᠂ ᠮᠠᠨ ᠤ ᠰᠢᠶᠠᠨ ᠴᠤ ᠬᠢᠵᠢᠭ ᠤᠨ ᠬᠦᠨᠳᠦ | ᠬᠡᠴᠡᠭᠦᠤ ᠰᠢᠯᠭᠠᠯᠲᠠ ᠶᠢ ᠥᠩᠭᠡᠷᠡᠭᠦᠯᠦᠭᠰᠡᠨ ᠪᠠᠶᠢᠨ᠎ᠠ᠃ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠣᠯᠠᠨ ᠰᠡᠳᠬᠢᠯ ᠨᠢᠭᠡᠳᠦᠨ ᠬᠢᠵᠢᠭ ᠲᠠᠢ | ᠲᠡᠮᠡᠴᠡᠵᠦ᠂ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠴᠠᠭ ᠲᠤᠬᠠᠢ ᠳᠤᠨᠢ ᠲᠤᠰᠠᠭᠠᠷᠯᠠᠵᠤ᠂ | ᠭᠠᠳᠠᠨ᠎ᠠ ᠠᠴᠠ ᠣᠷᠤᠵᠤ ᠢᠷᠡᠭᠰᠡᠨ ᠬᠢᠵᠢᠭ ᠡᠪᠡᠳᠴᠢᠨ ᠲᠠᠢ ᠬᠤᠶᠠᠷ ᠡᠪᠡᠳᠴᠢᠲᠡᠨ ᠢ ᠠᠮᠵᠢᠯᠲᠠ ᠲᠠᠢ ᠠᠪᠤᠷᠠᠨ | ᠵᠠᠰᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠬᠦ ᠳᠤ ︽ᠲᠠᠷᠬᠠᠭᠰᠠᠨ ᠦᠭᠡᠢ︾᠂ ︽ | ᠦᠬᠦᠭᠰᠡᠨ ᠦᠭᠡᠢ︾᠂ ︽ ᠬᠠᠯᠳᠠᠪᠤᠷᠢᠯᠠᠯ ᠦᠭᠡᠢ︾ ᠵᠠᠩᠭᠢᠯᠠᠭ᠎ᠠ ᠶᠢᠨ ᠴᠢᠨᠠᠷᠲᠠᠢ ᠢᠯᠠᠯᠲᠠ ᠶᠢ ᠪᠡᠶᠡᠯᠡᠭᠦᠯᠪᠡ᠃ | ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ᠂ | ᠦᠢᠯᠡᠳᠪᠤᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠳᠬᠡᠨ ᠰᠡᠷᠭᠦᠭᠡᠵᠦ᠂ 3 ᠰᠠᠷ᠎ᠠ ᠶᠢᠨ ᠰᠡᠭᠦᠯᠴᠢ ᠪᠠᠷ | ᠦᠢᠯᠡᠳᠪᠤᠷᠢᠯᠡᠯ ᠢᠶᠠᠨ ᠰᠡᠷᠭᠦᠭᠡᠵᠦ ᠬᠡᠪ ᠤᠨ ᠪᠠᠶᠢᠳᠠᠯ ᠳᠠᠭᠠᠨ ᠣᠷᠤᠪᠠ᠃ ᠣᠳᠣᠬᠠᠨ ᠳᠤ ᠳᠡᠯᠡᠬᠡᠶ ᠶᠢᠨ ᠪᠠ | ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠦᠷᠬᠦᠯᠵᠢᠯᠡᠵᠦ ᠪᠠᠶᠢᠨ᠎ᠠ᠂ ᠢᠯᠠᠩᠭᠤᠶ᠎ᠠ ᠬᠢᠯᠢ ᠶᠢᠨ | ᠭᠠᠳᠠᠨᠠᠬᠢ ᠬᠢᠵᠢᠭ ᠤᠨ ᠪᠠᠶᠢᠳᠠᠯ ᠲᠦᠷᠭᠡᠨ ᠲᠠᠷᠬᠠᠨ ᠳᠡᠯᠭᠡᠷᠡᠬᠦ ᠪᠠᠶᠢᠳᠠᠯ ᠲᠠᠢ ᠪᠠᠶᠢᠵᠤ᠂ ᠭᠠᠳᠠᠨ᠎ᠠ ᠠᠴᠠ ᠣᠷᠤᠵᠤ | ᠢᠷᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠪᠢᠳᠡ ᠵᠠᠪᠠᠯ ᠡᠬᠢᠨ ᠠᠴᠠ ᠨᠢ ᠳᠠᠭᠤᠰᠲᠠᠯ᠎ᠠ ᠪᠣᠯᠭᠤᠮᠵᠢᠯᠠᠵᠤ | ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ | ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠠᠭ ᠪᠠ ᠪᠠᠶᠢᠳᠠᠯ ᠢ ᠨᠢ ᠦᠵᠡᠵᠦ | ᠪᠠᠶᠢᠭᠠᠳ ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠢᠯᠡᠷᠡᠬᠦ ᠶᠢ ᠰᠡᠷᠭᠡᠶᠢᠯᠡᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠪᠦᠬᠦ ᠲᠠᠯ᠎ᠠ ᠶᠢᠨ ᠳᠠᠶᠢᠨ᠂ ᠬᠤᠷᠢᠭᠯᠠᠨ ᠴᠣᠬᠢᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠤᠯᠬᠤ ᠬᠡᠷᠡᠭᠲᠡᠶ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ | ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ | ᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠶᠡᠭᠡ ᠶᠠᠪᠤᠳᠠᠯ ᠮᠥᠨ᠂ ᠨᠠᠷᠢᠯᠢᠭ ᠣᠨᠤᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠪᠣᠯ ᠡᠷᠬᠡᠪᠰᠢ ᠪᠡᠶᠡᠯᠡᠭᠦᠯᠬᠦ ᠤᠯᠤᠰ ᠲᠦᠷᠦ ᠶᠢᠨ ᠡᠭᠦᠷᠭᠡ ᠮᠥᠨ᠂ ᠪᠢᠳᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ᠃ ︽ | ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ | ᠦᠭᠡᠢ᠂ ᠭᠤᠷᠪᠠ ᠶᠢ ᠪᠠᠲᠤᠯᠠᠬᠤ︾ ᠲᠠᠢ ᠨᠢᠭᠲᠠ ᠤᠶᠠᠯᠳᠤᠭᠤᠯᠤᠨ ᠪᠦᠬᠦ ᠬᠦᠴᠦᠨ ᠢᠶᠠᠷ ᠢᠶᠠᠨ ᠳᠤᠲᠠᠭᠤᠳᠠᠯ | ᠪᠣᠯᠣᠨ ᠪᠠᠭᠤᠷᠠᠢ ᠪᠠᠨ ᠨᠥᠬᠦᠪᠥᠷᠢᠯᠡᠵᠦ᠂ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ ᠤᠬᠤᠷᠢᠨ ᠭᠠᠷᠬᠤ ᠶᠢ | ᠢᠯᠭᠠᠨ ᠲᠠᠨᠢᠬᠤ ᠨᠢ ᠨᠠᠷᠢᠯᠢᠭ ᠣᠨᠤᠴᠢᠲᠠᠢ᠂ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠠᠷᠢᠯᠢᠭ ᠣᠨᠤᠴᠢᠲᠠᠢ᠂ | ᠬᠠᠪᠰᠤᠷᠤᠨ ᠲᠡᠳᠬᠦᠬᠦ ᠬᠠᠷᠢᠭᠤᠴᠠᠯᠭ᠎ᠠ ᠨᠠᠷᠢᠯᠢᠭ ᠣᠨᠤᠴᠢᠲᠠᠢ ᠪᠠᠶᠢᠯᠭᠠᠬᠤ ᠳᠡᠭᠡᠷ᠎ᠡ ᠬᠦᠴᠦ ᠲᠠᠯᠪᠢᠵᠤ᠂ ᠣᠶᠤᠨ | ᠴᠢᠳᠠᠯ ᠢᠶᠠᠨ ᠲᠦᠪᠯᠡᠷᠡᠭᠦᠯᠦᠨ ᠣᠨᠳᠣᠣ ᠭᠠᠵᠠᠷ ᠲᠤ ᠨᠡᠭᠦᠯᠭᠡᠵᠦ ᠢᠵᠢ ᠪᠦᠷᠢᠳᠦᠭᠦᠯᠬᠦ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠦᠯᠡᠳᠡᠭᠰᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠶᠠᠳᠠᠭᠤ ᠡᠴᠠᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠤᠴᠠᠯᠲᠠ ᠦᠭᠡᠢ ᠤᠷᠤᠭᠰᠢᠯᠠᠵᠤ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠴᠢᠨ ᠳᠡᠭᠡᠨ ᠪᠣᠭᠤᠮᠲᠠ ᠰᠢᠪᠲᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠴᠢᠨᠡᠭᠡᠯᠢᠭᠵᠢᠭᠦᠯᠬᠦ ᠵᠠᠮ ᠳᠡᠭᠡᠷ᠎ᠡ ᠨᠢᠭᠡ ᠡᠷᠦᠬᠡ ᠶᠢ ᠴᠤ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ | ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠤᠰᠤ ᠤᠮᠳᠠ ᠶᠢᠨ ᠠᠮᠤᠷ ᠲᠦᠪᠰᠢᠨ᠂ ᠠᠮᠤᠷ ᠲᠦᠪᠰᠢᠨ | ᠣᠷᠣᠨ ᠰᠠᠭᠤᠴᠠ᠂ ᠦᠨᠳᠦᠰᠦᠨ ᠡᠮ ᠡᠮᠨᠡᠯᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠶᠡᠷᠦᠩᠬᠡᠶᠢᠯᠡᠭᠰᠡᠨ | ᠪᠠᠲᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠨᠠᠷᠢᠯᠢᠭ ᠣᠨᠤᠴᠢᠲᠠᠢ ᠬᠡᠷᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ | ︽5321︾ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠨᠡᠨᠬᠦ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠠᠳᠠᠭᠤᠷᠠᠬᠤ ᠶᠢ ᠰᠡᠷᠭᠡᠶᠢᠯᠡᠵᠦ ᠶᠠᠳᠠᠭᠤ ᠬᠦᠴᠢᠷᠳᠡᠯᠲᠡᠶ ᠡᠷᠦᠬᠡ ᠶᠢ | ᠪᠠᠭᠠᠰᠬᠠᠬᠤ ᠲᠣᠭᠲᠠᠴᠠ ᠶᠢ ᠪᠠᠶᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠣᠷᠣᠯᠭ᠎ᠠ ᠶᠢ | ᠬᠥᠳᠡᠯᠦᠩᠭᠦᠶ ᠪᠠᠷ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠵᠠᠬ᠎ᠠ ᠬᠢᠵᠠᠭᠠᠷ ᠡᠷᠦᠬᠡ 442 | ᠡᠷᠦᠬᠡ 816 ᠬᠥᠮᠦᠨ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ 335 ᠡᠷᠦᠬᠡ 764 | ᠬᠥᠮᠦᠨ ᠳᠤ ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠪᠤᠰᠤ ᠶᠠᠳᠠᠭᠤ ᠠᠴᠠ | ᠠᠩᠭᠢᠵᠢᠷᠠᠭᠰᠠᠨ ᠡᠷᠦᠬᠡ᠂ ᠶᠠᠳᠠᠭᠤ ᠬᠦᠴᠢᠷᠳᠡᠯᠲᠡᠶ ᠪᠤᠰᠤ ᠣᠷᠣᠯᠭ᠎ᠠ ᠪᠠᠭᠠᠲᠠᠶ ᠡᠷᠦᠬᠡ ᠶᠢᠨ ᠡᠪᠡᠳᠴᠢᠨ ᠠᠴᠠ | ᠪᠣᠯᠵᠤ᠂ ᠰᠤᠷᠭᠠᠭᠤᠯᠢ ᠳᠤ ᠰᠠᠭᠤᠬᠤ ᠠᠴᠠ ᠪᠣᠯᠵᠤ᠂ ᠭᠠᠮᠰᠢᠭ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ | ᠰᠡᠷᠭᠡᠶᠢᠯᠡᠯᠲᠡ ᠶᠢᠨ ᠱᠤᠭᠤᠮ ᠢ ᠡᠬᠢ ᠡᠭᠦᠰᠦᠯ ᠠᠴᠠ ᠨᠢ ᠪᠠᠲᠤ ᠪᠠᠬᠢ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠲᠣᠭᠲᠠᠭᠤᠨ ᠪᠠᠶᠢᠯᠭᠠᠬᠤ᠂ ᠳᠠᠬᠢᠨ ᠬᠦᠨᠳᠦᠷᠡᠭᠦᠯᠬᠦ ᠥᠬᠡᠶ ᠪᠠᠶᠢᠬᠤ ᠶᠢ | ᠦᠨᠡᠨᠬᠦ ᠪᠠᠲᠤᠯᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢ ᠶᠢ ᠪᠠᠬᠢᠵᠢᠭᠦᠯᠵᠦ᠂ ᠠᠵᠤ ᠦᠢᠯᠡᠰ ᠢ | ᠬᠥᠭᠵᠢᠭᠦᠯᠬᠦ ᠦᠷ ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠭᠤᠣᠯ ᠭᠠᠷᠳᠠᠴᠠ ᠪᠣᠯᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠥᠮᠥᠷᠭᠡ ᠶᠢ | ᠲᠡᠭᠦᠯᠳᠡᠷᠵᠢᠭᠦᠯᠵᠦ᠂ ᠳᠦᠷᠪᠡᠨ ᠶᠡᠭᠡ ᠲᠥᠷᠥᠯ᠂ 18 ᠶᠠᠳᠠᠭᠤ ᠶᠢ ᠲᠡᠳᠬᠦᠬᠦ ᠲᠥᠷᠥᠯ ᠵᠦᠢᠯ ᠢ ᠭᠤᠤᠯᠳᠠᠯᠭ᠎ᠠ ᠲᠠᠢ | ᠬᠡᠷᠡᠭᠵᠢᠭᠦᠯᠵᠦ᠂ ᠪᠣᠶ ᠪᠥᠬᠦᠶ ᠶᠠᠳᠠᠭᠤ ᠬᠦᠴᠢᠷᠳᠡᠯᠲᠡᠶ ᠡᠷᠦᠬᠡ ᠶᠢ ᠬᠠᠮᠤᠷᠤᠨ᠎ᠠ᠃ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ | ᠲᠣᠭᠲᠠᠭᠰᠠᠨ ᠴᠢᠭ ᠪᠦᠬᠦᠢ ᠬᠠᠪᠰᠤᠷᠤᠨ ᠲᠡᠳᠬᠦᠬᠦ ᠪᠠ ᠳ᠋ᠦᠩ ᠴᠧᠩ ᠲᠣᠭᠤᠷᠢᠭ ᠤᠨ ᠠᠵᠢᠯ ᠲᠥᠷᠥᠯ ᠤᠨ | ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠠ ᠲᠣᠬᠢᠶᠠᠯ ᠢ ᠴᠢᠩᠭ᠎ᠠ ᠠᠳᠬᠤᠵᠤ᠂ ᠪᠡᠯᠡ ᠮᠥᠩᠭᠦ ᠲᠥᠷᠥᠯ ᠵᠦᠢᠯ ᠢ | ᠢᠳᠡᠪᠬᠢᠲᠡᠢ ᠲᠡᠮᠡᠴᠡᠨ ᠣᠯᠵᠤ᠂ ᠬᠤᠸᠠᠳᠧ ᠪᠣᠯᠤᠨ ᠳ᠋ᠦᠩ ᠴᠧᠩ ᠲᠣᠭᠤᠷᠢᠭ ᠤᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠦᠵᠡᠭᠦᠯᠦᠯᠭᠡ ᠶᠢᠨ ᠣᠷᠳᠣᠨ ᠢ ᠲᠦᠷᠭᠡᠳᠬᠡᠨ ᠪᠠᠶᠢᠭᠤᠯᠵᠤ᠂ ︽ | ᠬᠤᠶᠠᠷ ᠣᠷᠳᠣᠨ ᠨᠢᠭᠡ ᠱᠤᠭᠤᠮ︾ ᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ | ᠪᠣᠷᠣᠯᠠᠭᠤᠯᠬᠤ ᠵᠠᠭᠪᠤᠷ ᠢ ᠪᠤᠢ ᠪᠣᠯᠭᠠᠵᠤ᠂ ᠨᠡᠶᠢᠰᠯᠡᠯ ᠤᠨ ᠠᠷᠠᠳ ᠲᠦᠮᠡᠨ ᠤ ᠴᠢᠨᠠᠷ ᠰᠠᠶᠢᠲᠠᠶ ᠠᠮᠤᠷ ᠲᠦᠪᠰᠢᠨ | ᠶᠠᠳᠠᠭᠤ ᠶᠢ ᠲᠡᠳᠬᠦᠬᠦ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠦᠨ᠎ᠡ᠃ ︽ᠲᠦᠮᠡᠨ | ᠠᠵᠤ ᠠᠬᠤᠶᠢᠯᠠᠯ ᠲᠦᠮᠡᠨ ᠲᠣᠰᠬᠤᠨ ᠢ ᠲᠡᠳᠬᠦᠬᠦ︾ ᠨᠠᠷᠢᠯᠢᠭ ᠣᠨᠤᠴᠢᠲᠠᠢ ᠪᠠᠷ ᠶᠠᠳᠠᠭᠤ ᠶᠢ ᠲᠡᠳᠬᠦᠬᠦ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠱᠠᠲᠤᠨ ᠤ ᠬᠠᠪᠰᠤᠷᠤᠨ ᠲᠡᠳᠬᠦᠬᠦ ᠡᠬᠢ ᠪᠠᠶᠠᠯᠢᠭ ᠤᠨ ᠬᠦᠴᠦᠨ ᠢ | ᠭᠦᠢᠴᠡᠳ ᠰᠠᠶᠢᠲᠤᠷ ᠠᠰᠢᠭᠯᠠᠨ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠭᠡᠳᠬᠡᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠪᠠ ᠥᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠦᠨᠡᠨᠬᠦ ᠨᠡᠮᠡᠭᠳᠡᠭᠦᠯᠦᠨ᠎ᠡ᠃ ᠪᠥᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠲᠠᠢ | ᠤᠶᠠᠯᠳᠤᠭᠤᠯᠤᠨ ᠫᠠᠶᠢᠰᠠ ᠡᠯᠭᠦᠨ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠪᠠᠶᠢᠴᠠᠭᠠᠬᠤ︾᠂ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ | ᠬᠢᠨᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠵᠢᠴᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠪᠣᠶ ᠪᠥᠬᠦᠶ | ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠲᠤᠭᠤᠰᠢᠲᠠᠶ ᠰᠠᠶᠢᠵᠢᠷᠠᠭᠤᠯᠬᠤ ᠶᠢ ᠦᠨᠡᠨ ᠬᠦ | ᠪᠠᠲᠤᠯᠠᠵᠤ᠂ ᠳᠣᠤᠷ᠎ᠠ ᠬᠠᠭᠠᠰ ᠵᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ | ᠪᠠᠲᠤᠯᠠᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠨ᠎ᠠ᠃ | ᠡᠩ ᠤᠨ ᠴᠢᠨᠠᠷᠲᠠᠢ ᠵᠠᠷᠤᠯᠭ᠎ᠠ ᠶᠢ ᠡᠷᠡᠰ ᠪᠠᠭᠠᠰᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠳ᠋ ᠬᠥᠷᠥᠩᠭᠡ ᠶᠢᠨ ᠥᠷᠢ ᠥᠭᠴᠡᠭᠡ ᠶᠢ ᠲᠥᠯᠥᠬᠦ᠂ ᠥᠷᠢ ᠥᠭᠴᠡᠭᠡ ᠶᠢ | ᠳᠠᠬᠢᠨ ᠵᠣᠬᠢᠶᠠᠨ ᠪᠠᠶᠢᠭᠤᠯᠬᠤ᠂ ᠤᠯᠤᠰ ᠤᠨᠦᠮᠴᠢᠯᠡᠯᠲᠤ ᠡᠳ᠋ ᠬᠥᠷᠥᠩᠭᠡ ᠶᠢ ᠢᠯᠡ ᠪᠠᠷ ᠦᠨ᠎ᠡ ᠬᠠᠶᠠᠨ | ᠬᠤᠳᠠᠯᠳᠤᠬᠤ᠂ ᠲᠥᠰᠦᠪ ᠤᠨ ᠲᠣᠬᠢᠷᠠᠭᠤᠯᠤᠯᠲᠠ ᠵᠡᠷᠭᠡ ᠬᠠᠮ ᠠᠷᠭ᠎ᠠ ᠪᠠᠷᠢᠯ ᠢ ᠰᠠᠶᠢᠲᠤᠷ ᠬᠡᠷᠡᠭᠵᠢᠭᠦᠯᠵᠦ᠂ | ᠦᠯᠡᠳᠡᠭᠡᠯ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠵᠦ᠂ ᠪᠦᠬᠦ ᠵᠢᠯ ᠳᠤ 3. | 8849 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠠᠷᠢᠯᠭᠠᠨ᠎ᠠ᠃ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠤ ᠵᠣᠭᠤᠰ ᠢ 2.6716 ᠳ᠋ᠦᠩᠰᠢᠭᠤᠷ ᠲᠥᠭᠦᠷᠢᠭ | ᠲᠥᠯᠥᠬᠦ ᠶᠢ ᠪᠠᠲᠤᠯᠠᠨ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠠᠷᠢᠯᠭᠠᠬᠤ | ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶᠠᠲᠤ ᠣᠷᠣᠨ ᠤ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠬᠦ ᠳᠠᠯᠳᠠ ᠴᠢᠨᠠᠷᠲᠠᠶ ᠥᠷᠢ ᠥᠭᠴᠡᠭᠡ ᠶᠢ ᠴᠢᠩᠭ᠎ᠠ ᠡᠵᠡᠮᠳᠡᠵᠦ᠂ | ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ | ᠠᠪᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠢ ᠵᠥᠷᠢᠴᠡᠨ | ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ | ᠲᠥᠷᠥᠯ ᠵᠦᠢᠯ ᠨᠢ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠶᠢ ᠴᠢᠩᠭ᠎ᠠ ᠬᠡᠷᠡᠭᠵᠢᠭᠦᠯᠵᠦ᠂ ᠲᠥᠰᠦᠪ ᠢ ᠲᠣᠬᠢᠷᠠᠭᠤᠯᠤᠭᠰᠠᠨ ᠦᠭᠡᠢ᠂ ᠪᠡᠯᠡ ᠮᠥᠩᠭᠦ ᠶᠢᠨ | ᠢᠷᠡᠯᠲᠡ ᠨᠢ ᠲᠣᠳᠣᠷᠬᠠᠶ ᠦᠭᠡᠢ ᠲᠥᠷᠥᠯ ᠵᠦᠢᠯ ᠢ ᠴᠥᠮ ᠬᠢᠨᠠᠨ ᠵᠦᠪᠰᠢᠶᠡᠷᠡᠬᠦ ᠦᠭᠡᠢ᠃ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠵᠦ ᠲᠡᠮᠡᠴᠡᠨ ᠤᠯᠬᠤ ᠠᠵᠢᠯ ᠢ ᠰᠠᠶᠢᠲᠤᠷ ᠬᠢᠨ᠎ᠠ᠃ ᠭᠠᠵᠠᠷ | ᠰᠢᠷᠣᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠢᠶᠠᠷ ᠴᠢᠯᠥᠭᠡᠲᠡᠶ | ᠪᠣᠯᠭᠠᠵᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠨ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠬᠤ ᠶᠢ | ᠪᠠᠷᠢᠮᠲᠠᠯᠠᠨ ᠪᠡᠯᠡ ᠮᠥᠩᠭᠦ ᠣᠷᠣᠭᠤᠯᠬᠤ᠂ ᠥᠮᠴᠢᠯᠡᠬᠦ ᠡᠷᠬᠡ ᠶᠢᠨ ᠥᠷᠢ ᠥᠭᠴᠡᠭᠡ ᠶᠢ ᠳᠠᠬᠢᠨ ᠵᠣᠬᠢᠶᠠᠨ | ᠪᠠᠶᠢᠭᠤᠯᠬᠤ᠂ ᠦᠢᠯᠡᠳᠪᠤᠷᠢᠯᠡᠯ ᠢᠶᠠᠨ ᠬᠤᠪᠢᠷᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠤᠯᠠ ᠪᠠᠶᠢᠭ᠎ᠠ | ᠦᠷ᠎ᠡ ᠠᠰᠢᠭ ᠢᠶᠠᠷ ᠳᠣᠤᠷ᠎ᠠ ᠭᠠᠵᠠᠷ ᠢ ᠢᠯᠭᠠᠷᠠᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠵᠤ | ᠪᠡᠯᠡ ᠲᠣᠬᠢᠷᠠᠭᠤᠯᠬᠤ ᠲᠠᠪᠴᠠᠩ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠳᠠᠲᠤ ᠴᠣᠭᠴᠠᠲᠤ | ᠡᠵᠡᠩᠨᠡᠯᠲᠡ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠡᠷᠡᠭᠦᠯ ᠪᠤᠰᠤ ᠵᠢᠭᠡᠯᠡᠯᠭᠡ ᠶᠢ ᠰᠢᠢᠳᠪᠤᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠬᠦᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠢᠳᠡᠪᠬᠢᠲᠡᠢ | ᠯᠠᠪᠳᠠᠭᠤᠨ ᠢᠶᠠᠷ ᠠᠬᠢᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠰᠢᠨ᠎ᠡ | ᠬᠥᠭᠵᠢᠯᠲᠡ ᠵᠢᠨᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠠᠬᠢᠭᠤᠯᠤᠨ᠎ᠠ᠃ ᠵᠢᠯ ᠤᠨ ᠳᠣᠲᠣᠷ᠎ᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ | ᠢᠨᠵᠧᠨᠧᠷᠢᠩ 30000 ᠮᠦ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ ᠢᠨᠵᠧᠨᠧᠷᠢᠩ 6500 ᠮᠦ᠂ | ᠰᠢᠷᠭᠤᠯᠵᠢ ᠶᠢᠨ ᠣᠢ ᠰᠢᠭᠤᠶ ᠶᠢᠨ ᠲᠥᠷᠥᠯ ᠵᠦᠢᠯ 20000 ᠮᠦ᠂ ᠮᠠᠭᠤᠳᠠᠭᠰᠠᠨ ᠣᠢ ᠰᠢᠭᠤᠶ᠂ ᠨᠤᠲᠤᠭ | ᠪᠡᠯᠴᠢᠭᠡᠷ ᠢ ᠰᠡᠷᠭᠦᠭᠡᠬᠦ ᠲᠥᠷᠥᠯ ᠵᠦᠢᠯ 17000 ᠮᠦ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ 3000 ᠮᠦ᠂ ᠠᠶᠢᠯ ᠲᠣᠰᠬᠤᠨ ᠤ ᠨᠣᠭᠤᠭᠠᠷᠠᠭᠤᠯᠤᠯᠲᠠ 5400 ᠮᠦ ᠵᠡᠷᠭᠡ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠪᠣᠯᠤᠨ ᠲᠡᠵᠢᠭᠡᠯ ᠡᠪᠡᠰᠦ ᠪᠣᠷᠳᠤᠭ᠎ᠠ ᠲᠠᠷᠢᠬᠤ ᠶᠢ ᠣᠷᠭᠠᠨᠢᠭ ᠢᠶᠠᠷ ᠤᠶᠠᠯᠳᠤᠭᠤᠯᠵᠤ᠂ ᠠᠵᠤ | ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢ 3000 ᠮᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ | ᠭᠠᠵᠠᠷ ᠢ 15000 ᠮᠦ ᠪᠠᠷ ᠪᠦᠲᠦᠭᠡᠨ ᠪᠠᠶᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠤᠭ ᠤᠨ ᠴᠢᠩᠭ᠎ᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠣᠰᠬᠤᠨ ᠢᠶᠠᠷ ᠨᠢᠭᠡᠴᠢ ᠪᠣᠯᠭᠠᠨ ᠮᠠᠯ ᠤᠨ ᠳᠠᠭᠠᠭᠠᠴᠠ ᠶᠢ ᠬᠢᠨᠠᠨ | ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠠᠷ ᠠᠵᠠ ᠲᠣᠬᠢᠶᠠᠯ | ᠪᠣᠯᠭᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ ᠳᠡᠭᠡᠭᠰᠢᠯᠡᠭᠦᠯᠬᠦ ︽ᠭᠤᠷᠪᠠᠨ ᠶᠡᠭᠡ ᠬᠠᠤᠯᠢ | ᠬᠡᠷᠡᠭᠵᠢᠭᠦᠯᠬᠦ ᠠᠵᠢᠯ ᠤᠨ ᠣᠨ︾ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠢᠳᠡᠪᠬᠢᠲᠡᠢ ᠠᠬᠢᠭᠤᠯᠵᠤ᠂ | ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠵᠠᠰᠠᠯᠲᠠ ᠶᠢᠨ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠬᠤᠲᠠ ᠶᠢᠨ ᠲᠣᠭᠤᠷᠢᠭ ᠲᠠᠬᠢ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠵᠢᠵᠢᠭ ᠭᠦᠸᠧᠯᠦ ᠶᠢ ᠡᠷᠡᠰ ᠴᠠᠭᠠᠵᠠᠯᠠᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠤᠯᠤᠰ ᠤᠨ ᠲᠡᠰ ᠤᠨ ᠠᠮᠢ | ᠠᠬᠤᠢ ᠶᠢᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠬᠦᠭᠵᠢᠯᠲᠡ ᠶᠢᠨ ᠵᠢᠯᠣᠭᠤᠳᠬᠤ | ᠵᠢᠭᠰᠠᠭᠠᠯᠲᠠ︾ ᠶᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠤᠷᠣᠭᠳᠠᠯ ᠢ ᠪᠠᠭᠠᠰᠬᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ | ︽ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠥᠭᠡᠷᠡᠴᠢᠯᠡᠨ ᠦᠷᠭᠡᠳᠬᠡᠬᠦ ᠲᠥᠷᠥᠯ ᠵᠦᠢᠯ ᠨᠢ ᠡᠷᠬᠡᠪᠰᠢ ᠡᠨᠧᠷᠭᠢ ᠶᠢᠨ ᠬᠤᠷᠣᠭᠳᠠᠭᠤᠯᠭ᠎ᠠ ᠶᠢ ᠲᠡᠩᠴᠡᠭᠦᠤ | ᠬᠡᠮᠵᠢᠶ᠎ᠡ ᠪᠠᠷ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠪᠠᠷ ᠣᠷᠣᠭᠤᠯᠵᠤ ᠢᠷᠡᠭᠰᠡᠨ ᠲᠥᠷᠥᠯ | ᠵᠦᠢᠯ ᠨᠢ ᠰᠡᠭᠦᠯ ᠤᠨ ᠬᠡᠢ᠂ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠣᠨᠤᠭ | ᠲᠦᠬᠦᠭᠡᠷᠦᠮᠵᠢ ᠶᠢ ᠲᠦᠬᠦᠷᠵᠢᠭᠦᠯᠵᠦ᠂ ᠠᠵᠤ ᠠᠬᠤᠶᠢᠯᠠᠯ ᠤᠨ ᠳᠣᠲᠣᠭᠠᠳᠤ ᠳᠠᠭᠠᠨ ᠡᠷᠭᠢᠯᠳᠦᠭᠦᠯᠦᠨ ᠠᠰᠢᠭᠯᠠᠬᠤ ᠶᠢ | ᠪᠡᠶᠡᠯᠡᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠤᠣᠯ ᠮᠥᠷᠡᠨ ᠤ | ᠳᠠᠷᠤᠭ᠎ᠠ ᠶᠢᠨ ᠳᠦᠷᠢᠮ᠂ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠣᠯ ᠮᠥᠷᠡᠨ ᠨᠠᠭᠤᠷ ᠲᠣᠭᠤᠷᠢᠮ ᠤᠨ ᠠᠮᠢ ᠠᠬᠤᠢ ᠶᠢᠨ ᠣᠷᠴᠢᠨ ᠲᠣᠭᠤᠷᠢᠨ ᠪᠠ ᠵᠠᠰᠠᠨ ᠰᠡᠷᠭᠦᠭᠡᠬᠦ ᠠᠵᠢᠯ ᠢ | ᠲᠦᠷᠭᠡᠳᠬᠡᠨ ᠠᠬᠢᠭᠤᠯᠵᠤ᠂ ᠭᠤᠣᠯ ᠮᠥᠷᠡᠨ ᠨᠠᠭᠤᠷ ᠲᠣᠭᠤᠷᠢᠮ ᠤᠨ ︽ᠳᠦᠷᠪᠡᠨ ᠪᠣᠬᠢᠷ ᠪᠠᠶᠢᠳᠠᠯ ᠢ ᠴᠡᠪᠡᠷᠯᠡᠬᠦ︾ | ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠰᠤᠨ ᠳᠤ ᠬᠤᠯᠪᠣᠭᠳᠠᠭᠰᠠᠨ ︽ᠠᠷᠪᠠᠨ ᠵᠢᠵᠢᠭ︾ ᠠᠵᠤ ᠠᠬᠤᠶᠢᠯᠠᠯ ᠢ | ᠴᠠᠭᠠᠵᠠᠯᠠᠵᠤ᠂ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤᠨ ᠤ | ᠪᠣᠬᠢᠷᠲᠤᠯ ᠢ ᠰᠢᠢᠳᠪᠤᠷᠢᠯᠡᠬᠦ ᠲᠥᠬᠦᠭᠡᠷᠦᠮᠵᠢ ᠤᠭᠰᠠᠷᠠᠭᠤᠯᠤᠨ᠎ᠠ᠃ ᠭᠤᠤᠯᠳᠠᠯᠭ᠎ᠠ ᠲᠠᠢ ᠰᠠᠪᠠ ᠭᠠᠵᠠᠷ ᠤᠨ | ᠵᠠᠰᠠᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠪᠣᠬᠢᠷ ᠤᠰᠤᠨ ᠤ | ᠭᠠᠳᠠᠭᠰᠢᠯᠠᠭᠤᠯᠤᠯᠲᠠ ᠶᠢᠨ ᠪᠣᠬᠢᠷᠲᠤᠯ ᠢ ᠵᠠᠰᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠪᠣᠬᠢᠷ ᠤᠰᠤ | ᠰᠢᠢᠳᠪᠤᠷᠢᠯᠡᠬᠦ ᠪᠡᠯᠡᠳᠬᠡᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠶᠢ ᠴᠢᠩᠭᠠᠳᠬᠠᠵᠤ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠳᠠᠭᠠᠭᠠᠴᠠ ᠶᠢᠨ ᠨᠣᠷᠮ᠎ᠠ᠂ | ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠣᠯᠤᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠤᠰᠤᠨ ᠤ ᠡᠬᠢ | ᠪᠠᠶᠠᠯᠢᠭ ᠢ ᠨᠡᠭᠡᠭᠡᠨ ᠮᠠᠯᠲᠠᠬᠤ ᠶᠢ ᠬᠢᠨᠠᠨ ᠵᠥᠪᠰᠢᠶᠡᠷᠡᠬᠦ ᠪᠠ ᠤᠰᠤ ᠠᠪᠬᠤ ᠵᠥᠪᠰᠢᠶᠡᠷᠡᠯ ᠤᠨ ᠳᠦᠷᠢᠮ ᠢ ᠡᠷᠡᠰ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠬᠦ ᠪᠠ ᠦᠷᠭᠦᠯᠵᠢᠯᠡᠨ ᠠᠰᠢᠭᠯᠠᠬᠤ ᠶᠢ | ᠪᠡᠶᠡᠯᠡᠭᠦᠯᠦᠨ᠎ᠡ᠃ ᠨᠡᠷᠡᠨ ᠡᠭᠡᠪᠤᠷ ᠤᠨ ᠤᠰᠤᠨ ᠰᠤᠷᠪᠤᠯᠵᠢ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ ᠤᠤᠭᠤᠬᠤ | ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ | ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠬᠦ ᠪᠠ ᠴᠢᠳᠬᠤᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠣᠷᠭᠠᠨᠢᠭ ᠲᠠᠷᠢᠮᠠᠯ ᠢ ᠬᠥᠭᠵᠢᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠤᠨ ᠤᠰᠤ᠂ ᠪᠤᠷᠳᠤᠭᠤᠷ᠂ ᠡᠮ᠂ ᠰᠦᠯᠢᠶᠣᠣ | ᠪᠦᠷᠬᠦᠪᠴᠢ ᠳᠤ ᠬᠡᠷᠡᠭᠯᠡᠬᠦ ᠬᠡᠮᠵᠢᠶ ᠡ ᠶᠢ ᠦᠷᠭᠦᠯᠵᠢᠯᠡᠨ ᠰᠥᠭᠡᠷᠭᠦ ᠨᠡᠮᠡᠭᠳᠡᠯ ᠢ ᠠᠬᠢᠭᠤᠯᠤᠨ᠎ᠠ᠃ ᠦᠯᠡᠳᠡᠭᠳᠡᠯ | ᠪᠦᠷᠬᠦᠪᠴᠢ ᠶᠢ ᠬᠤᠷᠢᠶᠠᠨ ᠠᠪᠬᠤ ᠲᠥᠷᠥᠯ ᠵᠦᠢᠯ ᠪᠠ ᠬᠤᠭ ᠨᠣᠪᠰᠢ ᠶᠢ ᠰᠢᠲᠠᠭᠠᠨ ᠰᠢᠢᠳᠪᠦᠷᠢᠯᠡᠬᠦ ᠲᠦᠷᠦᠯ | ᠵᠦᠢᠯ ᠢ ᠲᠦᠷᠭᠡᠳᠬᠡᠨ ᠬᠡᠷᠡᠭᠵᠢᠭᠦᠯᠵᠦ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ | ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 85% ᠳᠤ ᠬᠦᠷᠭᠡᠨ᠎ᠡ᠃ ᠬᠠᠶᠢᠷ ᠴᠢᠯᠠᠭᠤᠨ ᠤ ᠠᠵᠢᠯ ᠲᠥᠷᠥᠯ ᠢ ᠴᠡᠭᠴᠡᠯᠡᠬᠦ ᠠᠵᠢᠯ ᠢ | ᠥᠷᠨᠢᠭᠦᠯᠵᠦ᠂ ᠬᠠᠶᠢᠷ ᠴᠢᠯᠠᠭᠤᠨ ᠤ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠵᠢᠷᠤᠮᠵᠢᠭᠤᠯᠤᠨ᠎ᠠ᠃ ᠠᠭᠤᠷᠬᠠᠢ ᠶᠢᠨ | ᠣᠷᠤᠨ ᠤ ᠣᠷᠴᠢᠨ ᠲᠣᠭᠤᠷᠢᠨ ᠢ ᠵᠠᠰᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠥᠷᠨᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠡᠬᠢ ᠪᠠᠶᠠᠯᠢᠭ ᠢ | ᠨᠡᠭᠡᠭᠡᠨ ᠬᠦᠭᠵᠢᠭᠦᠯᠬᠦ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠲᠤᠰᠬᠠᠶ ᠵᠦᠢᠯ ᠤᠨ | ᠬᠠᠤᠯᠢ ᠬᠡᠷᠡᠭᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ | ᠪᠣᠬᠢᠷᠲᠤᠯ︾ ᠠᠵᠤ ᠠᠬᠤᠶᠢᠯᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠠᠮᠢ ᠠᠬᠤᠶ ᠪᠠ ᠬᠥᠳᠡᠭᠡ | ᠲᠣᠰᠬᠤᠨ ᠤ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠬᠦᠳᠡᠯᠭᠡᠬᠦ ᠬᠦᠴᠦᠨ ᠢ ᠭᠦᠢᠴᠡᠳ ᠪᠠᠳᠠᠷᠠᠭᠤᠯᠤᠨ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠠᠷᠢᠴᠠᠩᠭᠤᠶ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠪᠠ ᠰᠢᠶᠠᠩ ᠪᠠᠯᠭᠠᠰᠤ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ | ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠰᠢᠰᠲ᠋ᠧᠮᠵᠢ ᠶᠢ ᠪᠦᠬᠦ ᠬᠦᠴᠦᠨ ᠢᠶᠠᠷ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠲᠦᠷᠭᠡᠳᠬᠡᠨ ᠠᠬᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠴᠢᠩᠭᠠᠳᠬᠠᠨ ︽ᠨᠢᠭᠡ ᠰᠦᠯᠵᠢᠶ᠎ᠡ᠂ ᠨᠢᠭᠡ ᠥᠷᠲᠡᠭᠡ᠂ ᠨᠢᠭᠡ ᠤᠳᠠᠭ᠎ᠠ︾ ᠶᠢᠨ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠤᠭ ᠠᠷᠪᠢᠨ ᠳᠠᠭᠠᠨ | ᠨᠢᠭᠡ ᠯᠡ ᠤᠳᠠᠭ᠎ᠠ ᠭᠦᠶᠦᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠬᠤᠲᠠ ᠳᠤ ᠨᠡᠶᠢᠳᠡᠮ ᠭᠦᠢᠴᠡᠳᠬᠡᠬᠦ᠂ | ᠬᠢᠨᠠᠨ ᠬᠠᠷᠭᠤᠭᠤᠯᠬᠤ ᠶᠢ ᠨᠢᠭᠡᠳᠬᠡᠬᠦ᠂ ᠤᠯᠠᠨ ᠦᠨᠡᠮᠯᠡᠯ ᠢ ᠨᠢᠭᠡᠳᠬᠡᠬᠦ᠂ ᠲᠦᠬᠦᠮ ᠢᠶᠠᠷ ᠬᠦᠴᠦᠨ ᠦᠭᠡᠢ ᠪᠣᠯᠭᠠᠬᠤ | ᠵᠡᠷᠭᠡ ᠠᠷᠠᠳ ᠲᠤ ᠲᠦᠬᠦᠮ ᠦᠵᠡᠭᠦᠯᠬᠦ ᠠᠵᠤ ᠠᠬᠤᠶᠢᠯᠠᠯ ᠳᠤ ᠲᠦᠬᠦᠮ ᠦᠵᠡᠭᠦᠯᠬᠦ ᠠᠷᠭ ᠠ ᠬᠡᠮᠵᠢᠶ᠎ᠡ ᠶᠢ | ᠭᠦᠨᠵᠡᠭᠡᠢ ᠠᠬᠢᠭᠤᠯᠤᠨ᠎ᠠ︔ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ᠂ ᠴᠣᠮᠬᠠᠳᠬᠠᠭᠰᠠᠨ | ᠦᠢᠯᠡᠴᠢᠯᠡᠭᠡ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ | ᠭᠡᠷᠡᠴᠢ ᠦᠨᠡᠮᠯᠡᠯ ᠢ ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠨᠡᠶᠢᠳᠡᠮ ᠭᠦᠢᠴᠡᠳᠬᠡᠬᠦ ᠶᠢ ᠬᠡᠷᠡᠭᠵᠢᠭᠦᠯᠵᠦ | ᠂ ︽ᠭᠡᠷᠡᠴᠢᠯᠡᠯᠭᠡ ᠠᠪᠤᠭᠰᠠᠨ ᠤ ᠳᠠᠷᠠᠭ᠎ᠠ ᠦᠨᠡᠮᠯᠡᠯ ᠬᠠᠰᠤᠬᠤ︾ ᠶᠢ ᠢᠳᠡᠪᠬᠢᠲᠡᠶ ᠰᠦᠪᠡᠭᠴᠢᠯᠡᠨ᠎ᠡ︔ | ᠬᠤᠳᠠᠯᠳᠤᠭᠠᠨ ᠤ ᠶᠠᠪᠤᠳᠠᠯ ᠤᠨ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ︔ ︽ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠥᠷᠨᠢᠭᠦᠯᠦᠨ᠎ᠡ︔ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ᠂ | ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠵᠡᠷᠭᠡ ᠰᠢᠨ᠎ᠡ ᠬᠡᠯᠪᠡᠷᠢ ᠶᠢᠨ ᠬᠢᠨᠠᠨ ᠬᠠᠮᠢᠶᠠᠷᠬᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠨᠠᠩ ᠴᠢᠨᠠᠷ ᠰᠠᠶᠢᠲᠠᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ | ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠲᠥᠪ ᠤᠨ ︽ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠰᠠᠨᠠᠯ︾ ᠪᠣᠯᠤᠨ ᠲᠥᠷᠥ ᠶᠢᠨ | ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠤᠨ | ᠵᠣᠷᠢᠭ ᠰᠠᠨᠠᠭ᠎ᠠ ᠶᠣᠰᠣᠭᠠᠷ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ | ᠣᠨ︾ ᠢ ᠡᠬᠢᠯᠡᠭᠦᠯᠵᠦ᠂ ︽ᠬᠤᠸᠠᠳᠧ ᠰᠢᠶᠠᠨ ᠤ 2020 ᠣᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠣᠯᠯᠠᠭᠴᠢ ᠡᠲᠡᠭᠡᠳ ᠤᠨ ᠰᠠᠨᠠᠭ᠎ᠠ ᠠᠮᠤᠷ ᠡᠵᠡᠩᠨᠡᠬᠦ᠂ ᠰᠠᠨᠠᠭ᠎ᠠ ᠠᠮᠤᠷ ᠪᠠᠯᠠ ᠣᠷᠣᠭᠤᠯᠬᠤ᠂ ᠨᠢᠭᠡ ᠰᠡᠳᠬᠢᠯ ᠢᠶᠠᠷ | ᠠᠳᠠᠯ ᠦᠢᠯᠡᠰ ᠴᠣᠭᠴᠠᠯᠠᠬᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠡᠭᠡᠯᠢᠲᠡᠢ ᠴᠢᠬᠡᠴᠢ | ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ︽ᠬᠦᠳᠡᠭᠡ ᠠᠵᠤ ᠠᠬᠤᠢ ︵ᠮᠠᠯ ᠠᠵᠤ ᠠᠬᠤᠶ︶ᠮᠠᠯᠴᠢᠨ ᠲᠠᠷᠢᠶᠠᠴᠢᠨ ᠬᠦᠳᠡᠭᠡ | ᠲᠣᠰᠬᠤᠨ ︵ᠮᠠᠯᠵᠢᠬᠤ ᠣᠷᠣᠨ︶︾᠂ ᠳᠤᠮᠳᠠ ᠵᠢᠵᠢᠭ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠲᠤᠯᠠᠬᠤ ᠶᠢ ᠨᠢ ᠪᠠᠲᠤᠯᠠᠵᠤ ᠳᠠᠷᠤᠯᠲᠠ | ᠥᠭᠬᠦ ᠶᠢ ᠨᠢ ᠥᠭᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ᠂ ᠥᠷᠢ | ᠥᠭᠴᠡᠭᠡ ᠶᠢ ᠠᠷᠢᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠣᠷᠴᠢᠨ | ᠠᠬᠤᠶ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠡᠨ ᠳᠠᠬᠢ ᠣᠷᠣᠭᠤᠯᠤᠯᠲᠠ ᠶᠢ | ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ | ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠰᠢᠪᠲᠤᠷᠭᠠᠨ ᠤ ᠠᠵᠢᠯ ᠢ ᠰᠠᠶᠢᠲᠤᠷ ᠠᠳᠬᠤᠵᠤ᠂ | ᠤᠯᠤᠰ ᠠᠴᠠ ᠨᠡᠶᠢᠲᠡᠯᠡᠭᠰᠡᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ ᠤᠨ ᠲᠥᠷᠥ ᠶᠢᠨ | ᠪᠣᠳᠣᠯᠭ᠎ᠠ ᠪᠠ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ | ᠰᠠᠶᠢᠲᠤᠷ ᠠᠰᠢᠭᠯᠠᠨ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ | ᠪᠠᠳᠠᠷᠠᠭᠤᠯᠤᠨ᠎ᠠ᠃ ᠭᠠᠵᠠᠷ ᠰᠢᠷᠣᠶ ᠶᠢᠨ ᠡᠷᠭᠢᠯᠲᠡ ᠶᠢ ᠲᠦᠷᠭᠡᠳᠬᠡᠵᠦ᠂ ᠰᠢᠶᠠᠨ ᠤ ᠱᠠᠲᠤᠨ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠠᠵᠢᠯ ᠤᠨ ᠬᠤᠷᠰᠢᠯᠴᠠᠭᠠᠨ ᠤ ᠵᠢᠱᠢᠶ᠎ᠡ ᠦᠵᠡᠭᠦᠯᠬᠦ ᠬᠤᠷᠰᠢᠶ᠎ᠠ ᠪᠣᠯᠤᠨ | ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠭᠤᠤᠯᠳᠠᠯᠭ᠎ᠠ ᠲᠠᠢ ᠪᠤᠶᠢᠵᠢᠭᠤᠯᠵᠤ᠂ | ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠮᠲᠤ ᠶᠢᠨ ᠠᠵᠤ ᠠᠬᠤᠢ ᠶᠢ ᠦᠷᠭᠦᠯᠵᠢᠯᠡᠨ | ᠪᠤᠵᠠᠭᠠᠶᠢᠷᠠᠭᠤᠯᠤᠨ᠎ᠠ︔ ᠤᠢ ᠶᠢᠨ ᠬᠤᠷᠮᠣᠶ ᠶᠢᠨ ᠠᠵᠤ ᠠᠬᠤᠶ᠂ ᠭᠡᠷ ᠬᠦᠷᠢᠶᠡᠯᠡᠩ ᠤᠨ ᠤᠨᠳᠤᠷᠤᠯᠭ᠎ᠠ ᠶᠢ ᠶᠡᠬᠡᠪᠡᠷ | ᠬᠥᠭᠵᠢᠭᠦᠯᠦᠨ᠎ᠡ᠃ | ︵ᠭᠤᠷᠪᠠ︶ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠬᠡᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠪᠠᠷᠢᠯᠭ᠎ᠠ ᠶᠢᠨ ᠮᠠᠲ᠋ᠧᠷᠢᠶᠡᠯ ᠸᠠᠭᠠᠷ ᠱᠠᠭᠠᠵᠠᠩ᠂ ᠰᠣᠶᠣᠯ ᠵᠢᠭᠤᠯᠴᠢᠯᠠᠯ᠂ ᠴᠢᠬᠤᠯᠠ ᠶᠡᠭᠡ ᠰᠠᠭᠤᠷᠢ ᠪᠡᠯᠡᠳᠬᠡᠮᠵᠢ | ᠵᠡᠷᠭᠡ ᠶᠢᠨ ᠲᠣᠭᠤᠷᠢᠨ ᠳᠤ ᠠᠵᠤ ᠦᠢᠯᠡᠰ ᠤᠨ ᠲᠥᠯᠥᠪᠵᠢᠭᠦᠯᠭᠡ ᠳᠤ ᠨᠡᠶᠢᠴᠡᠭᠰᠡᠨ᠂ ᠡᠨᠧᠷᠭᠢ ᠶᠢᠨ | ᠬᠤᠷᠣᠭᠳᠠᠯ ᠢᠶᠠᠷ ᠳᠣᠤᠷ᠎ᠠ᠂ ᠨᠡᠮᠡᠯᠲᠡ ᠥᠷᠲᠡᠭ ᠢᠶᠠᠷ ᠥᠨᠳᠥᠷ ᠨᠢᠭᠡ ᠪᠦᠯᠦᠭ ᠲᠥᠷᠥᠯ ᠵᠦᠢᠯ ᠢ ᠣᠷᠣᠭᠤᠯᠵᠤ | ᠢᠷᠡᠨ᠎ᠡ᠃ ᠭᠤᠤᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠡᠷᠲᠡᠬᠡᠨ ᠠᠵᠢᠯ | ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠵᠢᠯ ᠤᠨ ᠳᠣᠲᠣᠷ᠎ᠠ 23 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠲᠦᠮᠵᠢᠲᠡᠢ ᠳᠠᠶᠢᠴᠢᠯᠠᠨ᠎ᠠ᠃ | ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠴᠠᠩ ᠱᠦᠨ ᠪᠠᠯᠭᠠᠰᠤᠨ ᠤ 220 ᠺᠢᠯᠣᠸᠠᠲ ᠤᠨ | ᠬᠦᠴᠦᠳᠡᠯ ᠬᠤᠪᠢᠰᠬᠠᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠮᠡᠭᠳᠡᠯ | ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠢᠭ ᠤᠨ ᠲᠥᠷᠥᠯ ᠵᠦᠢᠯ ᠪᠣᠯᠤᠨ 500 | ᠺᠢᠯᠣᠸᠠᠲ ᠤᠨ ᠬᠦᠴᠦᠳᠡᠯ ᠬᠤᠪᠢᠰᠬᠠᠬᠤ ᠥᠷᠲᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠦᠨ᠎ᠡ᠃ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ | ᠨᠠᠶᠢᠷᠠᠭᠤᠯᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ | ᠬᠢᠨᠠᠨ ᠪᠠᠶᠢᠴᠠᠭᠠᠯᠲᠠ ᠶᠢ ᠪᠡᠶᠡᠯᠡᠭᠦᠯᠵᠦ᠂ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠵᠢᠴᠢ ᠳᠣᠣᠷᠠᠳᠤ ᠲᠠᠯ᠎ᠠ ᠶᠢᠨ | ᠪᠦᠲᠦᠭᠡᠭᠳᠡᠭᠦᠨ ᠢᠶᠠᠷ ᠭᠤᠤᠯ ᠪᠣᠯᠭᠠᠨ ᠲᠣᠨᠣᠭᠯᠠᠯ ᠦᠢᠯᠡᠳᠬᠦ ᠲᠣᠭᠤᠷᠢᠭ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢᠶᠠᠷ ᠬᠠᠪᠰᠤᠷᠤᠮᠵᠢ ᠪᠣᠯᠭᠠᠭᠰᠠᠨ ᠣᠷᠴᠢᠯ ᠬᠥᠭᠵᠢᠯᠲᠡ ᠶᠢᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠣᠶ ᠪᠣᠯᠭᠠᠨ᠎ᠠ᠃ | ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ ᠠᠵᠤ ᠦᠢᠯᠡᠰ᠃ ᠰᠢᠨ᠎ᠡ ᠬᠥᠭᠵᠢᠯᠲᠡ ᠶᠢᠨ ᠣᠨᠣᠯᠵᠢᠬᠤᠨ ᠢ | ᠦᠢᠯᠡᠳᠦᠯᠭᠡᠵᠢᠭᠦᠯᠵᠦ᠂ ᠪᠣᠬᠢᠷᠲᠤᠯ ᠥᠬᠡᠶ ᠡᠨᠧᠷᠭᠢ ᠠᠷᠪᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠥᠨᠳᠥᠷ | ᠦᠷ᠎ᠡ ᠠᠰᠢᠭ ᠢᠶᠠᠷ ᠤᠷᠢᠲᠠᠯ ᠪᠣᠯᠭᠠᠬᠤ ᠶᠢ ᠪᠠᠷᠢᠮᠲᠠᠯᠠᠵᠤ᠂ ᠳᠡᠭᠡᠳᠦ ᠲᠠᠰ ᠤᠨ ᠮᠠᠩᠭᠠᠨ ᠤ ᠰᠢᠰᠲ᠋ᠧᠮ ᠤᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠴᠥᠬᠦᠷᠡᠰᠢ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠰᠡᠭᠦᠯ ᠤᠨ ᠬᠡᠢ ᠶᠢᠨ ᠦᠯᠡᠳᠡᠪᠦᠷᠢ ᠢᠯᠴᠢ ᠶᠢ ᠶᠡᠷᠦᠩᠬᠡᠶᠢᠯᠡᠨ ᠳᠠᠬᠢᠨ ᠠᠰᠢᠭᠯᠠᠬᠤ ᠶᠢ | ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠣᠬᠢᠷᠲᠤᠯ ᠦᠭᠡᠢ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ | ᠵᠦᠩ ᠲᠠᠢ ᠺᠣᠮᠫᠠᠨᠢ ᠶᠢᠨ ᠵᠢᠯ ᠳᠤ 130 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ | ᠦᠢᠯᠡᠳᠪᠦᠷᠢᠯᠡᠬᠦ ᠮᠡᠷᠭᠡᠵᠢᠯ ᠤᠨ ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠮᠧᠩ | ᠳ᠋ᠠ ᠲᠢᠲ᠋ᠠᠨ ᠦᠢᠯᠡᠰ ᠤᠨ ᠵᠢᠯ ᠳᠤ 25 ᠲᠦᠮᠡᠨ ᠲᠣᠨ ᠥᠨᠳᠥᠷ ᠲᠢᠲ᠋ᠠᠨ ᠰᠢᠭᠠᠷᠤ ᠦᠢᠯᠡᠳᠪᠦᠷᠢᠯᠡᠬᠦ | ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ᠂ ᠳ᠋ᠠ ᠳᠠᠩ ᠯᠦᠩ ᠳ᠋ᠧ ᠶᠢᠨ ᠪᠢᠲᠡᠭᠦᠮᠵᠢᠯᠡᠭᠰᠡᠨ | ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ᠂ | ᠰᠢᠨ ᠰᠢᠨ ᠽᠧ ᠶᠢᠨ ᠪᠦᠷᠢᠨ ᠪᠢᠲᠡᠭᠦᠮᠵᠢᠯᠡᠭᠰᠡᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ | ᠢᠯᠴᠢ ᠶᠢᠨ ᠵᠤᠤᠬ᠎ᠠ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠤᠨ᠎ᠠ᠃ | ᠲᠢᠶᠠᠨ ᠴᠧᠩ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠪᠦᠲᠦᠭᠡᠨ | ᠪᠠᠶᠢᠭᠤᠯᠤᠯᠲᠠ ᠪᠣᠯᠤᠨ ᠦᠯᠡᠳᠡᠪᠦᠷᠢ ᠢᠯᠴᠢ ᠶᠢ ᠶᠡᠷᠦᠩᠬᠡᠶᠢᠯᠡᠨ ᠠᠰᠢᠭᠯᠠᠬᠤ᠂ ᠹᠦ᠋ ᠾᠧ ᠮᠠᠩᠭᠠᠨ ᠤ ᠰᠢᠷᠢᠰ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠤᠸᠠ ᠴᠧᠨ ᠤᠨ ᠵᠢᠯ ᠳᠤ 100 ᠲᠦᠮᠡᠨ ᠲᠣᠨ ᠪᠣᠷᠵᠢᠨ | ᠴᠢᠯᠠᠭᠤᠯᠢᠭ ᠤᠨ ᠬᠠᠶᠠᠭᠳᠠᠮᠠᠯ ᠰᠢᠭᠠᠷᠤ ᠶᠢ ᠪᠣᠯᠪᠠᠰᠤᠷᠠᠭᠤᠯᠬᠤ ᠲᠥᠷᠥᠯ ᠵᠦᠢᠯ ᠤᠨ ︵ᠬᠤᠶᠠᠳᠤᠭᠠᠷ ᠬᠤᠭᠤᠴᠠᠭ᠎ᠠ︶ | ᠂ ᠵᠢᠯ ᠳᠤ 50 ᠲᠦᠮᠡᠨ ᠲᠣᠨ ᠬᠠᠲᠠᠭᠤ ᠪᠡᠶᠡᠲᠦ ᠬᠠᠶᠠᠭᠳᠠᠮᠠᠯ ᠢ ᠰᠢᠢᠳᠪᠤᠷᠢᠯᠡᠬᠦ ᠡᠬᠢ ᠪᠠᠶᠠᠯᠢᠭᠵᠢᠭᠤᠯᠬᠤ ᠵᠢᠴᠢ | ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ | ᠡᠰᠢᠵᠢᠭᠦᠯᠦᠨ ᠬᠥᠭᠵᠢᠭᠦᠯᠬᠦ᠂ ᠣᠷᠴᠢᠯᠳᠤᠭᠤᠯᠤᠨ ᠠᠰᠢᠭᠯᠠᠬᠤ ᠰᠢᠨ᠎ᠡ ᠮᠠᠶ᠋ᠢᠭ ᠤᠨ ᠠᠵᠤ ᠦᠢᠯᠡᠳᠪᠤᠷᠢ ᠶᠢᠨ | ᠰᠢᠰᠲ᠋ᠧᠮᠵᠢ ᠶᠢ ᠪᠤᠢ ᠪᠣᠯᠭᠠᠨ᠎ᠠ᠃ ᠴᠢᠨᠠᠷ ᠰᠠᠶᠢᠲᠠᠶ ᠴᠠᠬᠢᠭᠤᠷ ᠴᠢᠯᠠᠭᠤ᠂ ᠺᠠᠯᠢᠲᠤ ᠨᠠᠲᠷᠢ ᠶᠢᠨ ᠤᠷᠲᠤ ᠴᠢᠯᠠᠭᠤ᠂ | ᠬᠠᠶᠢᠯᠤᠭᠤᠷ ᠵᠤᠩᠰᠢ ᠵᠡᠷᠭᠡ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠤ ᠦᠢᠯᠡᠰ ᠪᠣᠯᠤᠨ ᠭᠤᠷᠪᠠᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠳᠠᠬᠢᠨ ᠠᠰᠢᠭᠯᠠᠬᠤ ᠲᠥᠷᠥᠯ ᠵᠦᠢᠯ ᠢ | ᠶᠡᠬᠡᠪᠡᠷ ᠬᠥᠭᠵᠢᠭᠦᠯᠦᠨ᠎ᠡ᠃ ︽ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠵᠢᠯᠣᠭᠤᠳᠬᠤ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠢᠶᠠᠷ ᠬᠥᠮᠦᠨ ᠢ ᠣᠷᠣᠯᠠᠭᠤᠯᠬᠤ ᠠᠵᠢᠯᠯᠠᠭ᠎ᠠ ᠶᠢ | ᠬᠡᠷᠡᠭᠵᠢᠭᠦᠯᠦᠨ ᠠᠵᠤ ᠠᠬᠤᠶᠢᠯᠠᠯ ᠤᠨ ᠦᠢᠯᠡᠳᠪᠤᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ | ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠠᠵᠤ ᠠᠬᠤᠶᠢᠯᠠᠯ ᠤᠨ ᠠᠶᠦᠯᠬᠦᠢ ᠦᠢᠯᠡᠳᠪᠤᠷᠢᠯᠡᠯ ᠤᠨ | ᠲᠦᠭᠰᠢᠭᠦᠷᠢ ᠶᠢ ᠪᠠᠭᠤᠷᠠᠭᠤᠯᠤᠨ᠎ᠠ᠃ 25500KVA ᠠᠴᠠ ᠳᠣᠷᠣᠭᠰᠢᠬᠢ ᠬᠠᠭᠠᠰ ᠪᠢᠲᠡᠭᠦᠮᠵᠢᠯᠡᠬᠦ ᠵᠤᠤᠬ᠎ᠠ ᠶᠢ | ᠪᠢᠲᠡᠭᠦᠮᠵᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠵᠢᠯ ᠤᠨ ᠳᠣᠲᠣᠷ᠎ᠠ ᠰᠢᠨ ᠳ᠋ᠡ ᠳ᠋ᠢ᠂ ᠦ᠋ ᠺᠤᠸᠠᠩ ᠬᠤ᠋ ᠲᠢᠶᠧ | ᠵᠡᠷᠭᠡ 6 6 ᠡᠷᠦᠬᠡ 16500KVA ᠠᠴᠠ ᠳᠡᠭᠡᠭᠰᠢᠬᠢ ᠬᠠᠭᠠᠰ ᠪᠢᠲᠡᠭᠦᠮᠵᠢᠯᠡᠬᠦ ᠠᠭᠤᠷᠬᠠᠢ ᠶᠢᠨ ᠢᠯᠴᠢ ᠶᠢᠨ | ᠵᠤᠤᠬ᠎ᠠ ᠶᠢ ᠪᠦᠬᠦᠨ ᠢ ᠨᠢᠭᠲᠠ ᠪᠢᠲᠡᠭᠦᠮᠵᠢᠯᠡᠬᠦ ᠬᠡᠯᠪᠡᠷᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠪᠣᠯᠭᠠᠨ | ᠥᠭᠡᠷᠡᠴᠢᠯᠡᠵᠦ᠂ 5 ᠰᠠᠭᠤᠷᠢ 12500KVA ᠠᠭᠤᠷᠬᠠᠢ ᠶᠢᠨ ᠢᠯᠴᠢ ᠶᠢᠨ ᠵᠤᠤᠬ᠎ᠠ ᠶᠢ ᠠᠯᠬᠤᠮ ᠠᠯᠬᠤᠮ ᠢᠶᠠᠷ | ᠵᠠᠬ᠎ᠠ ᠳᠡᠯᠭᠡᠭᠦᠷ ᠠᠴᠠ ᠭᠠᠷᠭᠠᠨ᠎ᠠ᠃ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 250 ᠲᠦᠮᠡᠨ ᠲᠣᠨ ᠢ | ᠳᠠᠪᠠᠭᠤᠯᠤᠨ᠎ᠠ᠃ | ᠬᠤᠪᠴᠠᠰᠤ ᠬᠤᠨᠠᠷ ᠤᠨ ᠠᠵᠤ ᠦᠢᠯᠡᠰ ᠢ ᠰᠢᠯᠢᠳᠡᠭᠵᠢᠭᠦᠯᠦᠨ ᠳᠠᠭᠠᠭᠤᠯᠤᠭᠴᠢ᠂ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠤᠩᠭᠠᠷᠢᠯ ᠢᠯᠲᠠᠰᠤ ᠶᠢ ᠰᠤᠳᠤᠯᠤᠨ ᠨᠡᠭᠡᠭᠡᠵᠦ | ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠵᠤ᠂ ᠳᠤᠮᠳᠠ ᠳᠡᠭᠡᠳᠦ ᠲᠠᠰ ᠤᠨ ᠬᠤᠨᠢ ᠲᠡᠮᠡᠭᠡᠨ ᠨᠣᠯᠤᠤᠷ ᠤᠨ | ᠬᠤᠪᠴᠠᠰᠤ ᠬᠤᠨᠠᠷ ᠤᠨ ᠦᠢᠯᠡᠳᠬᠦᠨ ᠢ ᠬᠥᠭᠵᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ ᠬᠠᠭᠤᠷᠮᠠᠭ ᠮᠠᠭᠤ ᠦᠢᠯᠡᠳᠬᠦᠨ ᠳᠤ ᠡᠷᠡᠰ ᠴᠣᠬᠢᠯᠲᠠ ᠥᠭᠴᠦ᠂ | ᠬᠤᠪᠴᠠᠰᠤ ᠬᠤᠨᠠᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ | ᠬᠦᠴᠦᠨ ᠨᠡᠮᠡᠷᠢᠯᠡᠨ᠎ᠡ᠃ ᠬᠤᠪᠴᠠᠰᠤᠨ ᠤ ᠨᠠᠷᠠᠲᠤ ᠲᠥᠷᠥᠯ ᠲᠡᠮᠳᠡᠭᠵᠢᠭᠦᠯᠬᠦ ᠪᠠᠶᠢᠭᠤᠯᠤᠯᠲᠠ ᠶᠢ ᠶᠡᠬᠡᠪᠡᠷ ᠠᠬᠢᠭᠤᠯᠵᠤ | ᠂ ᠬᠤᠪᠴᠠᠰᠤ ᠬᠤᠨᠠᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠬᠠᠩᠭᠠᠨ᠎ᠠ᠃ ᠭᠠᠳᠠᠭᠠᠳᠤ ᠠᠷᠠᠯᠵᠢᠶ᠎ᠠ ᠪᠠ ᠰᠦᠯᠵᠢᠶᠡᠨ ᠤ ᠪᠣᠷᠣᠯᠠᠭᠤᠯᠭ᠎ᠠ ᠶᠢ ᠥᠷᠭᠡᠳᠬᠡᠵᠦ᠂ ︽ᠨᠢᠭᠡ ᠪᠦᠰᠡ | ᠨᠢᠭᠡ ᠵᠠᠮ︾ ᠳᠤ ᠲᠦᠷᠭᠡᠨ ᠠᠭᠤᠰᠤᠯᠴᠠᠵᠤ᠂ ᠡᠷᠢᠶᠡᠨ ᠪᠣᠭᠤᠮᠲᠠ᠂ ᠳᠤᠮᠳᠠᠳᠤ ᠣᠷᠣᠰ ᠮᠣᠩᠭᠤᠯ ᠤᠨ | ᠨᠡᠪᠲᠡᠷᠡᠯᠴᠡᠭᠡ ᠶᠢ ᠠᠰᠢᠭᠯᠠᠨ ᠬᠤᠪᠴᠠᠰᠤ ᠬᠤᠨᠠᠷ ᠤᠨ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠡᠭᠦᠯᠡᠨ | ᠦᠢᠯᠡᠴᠢᠯᠡᠭᠡ ᠬᠦᠷᠲᠡᠬᠦ ᠶᠢ ᠠᠬᠢᠭᠤᠯᠵᠤ᠂ ᠠᠯᠲᠠᠨ ᠲᠡᠮᠡᠭᠡᠳᠤ ᠲᠡᠮᠳᠡᠭᠲᠦ ᠬᠤᠪᠴᠠᠰᠤ ᠬᠤᠨᠠᠷ ᠵᠡᠷᠭᠡ ᠬᠤᠪᠴᠠᠰᠤ | ᠬᠤᠨᠠᠷ ᠤᠨ ᠠᠵᠤ ᠠᠬᠤᠶᠢᠯᠠᠯ ᠢ ᠬᠠᠪᠰᠤᠷᠤᠨ᠂ ᠣᠷᠣᠰ᠂ ᠮᠣᠩᠭᠤᠯ ᠤᠯᠤᠰ ᠤᠨ ᠵᠠᠬ᠎ᠠ ᠳᠡᠯᠭᠡᠭᠦᠷ ᠢ ᠨᠡᠭᠡᠭᠡᠨ᠎ᠡ᠃ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠪᠣᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ | ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠃ ︽ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠣᠶ ᠪᠣᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠤᠯᠠᠭᠠᠨᠴᠠᠪ | ᠬᠤᠲᠠ ᠶᠢᠨ ᠭᠠᠳᠠᠭᠠᠳᠤ ᠠᠵᠤ ᠠᠬᠤᠶ ᠠᠷᠠᠯᠵᠢᠶᠠᠨ ᠤ ᠲᠦᠷᠭᠡᠨ ᠬᠦᠭᠵᠢᠯᠲᠡ ᠶᠢ ᠠᠬᠢᠭᠤᠯᠬᠤ ᠡᠳᠦᠶ ᠲᠡᠳᠦᠶ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠣᠰᠣᠭᠠᠷ᠂ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ | ᠦᠢᠯᠡᠳᠬᠦᠨ ᠢ ᠭᠠᠳᠠᠭᠠᠳᠤ ᠳᠤ ᠭᠠᠷᠭᠠᠵᠤ ᠭᠤᠪᠢᠭᠤᠯᠭ᠎ᠠ ᠤᠯᠬᠤ ᠶᠢ ᠥᠷᠭᠡᠳᠬᠡᠨ᠎ᠡ᠃ ᠵᠠᠪᠰᠠᠷ ᠤᠨ ᠬᠠᠭᠤᠷᠠᠶ | ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠠᠰᠢᠭᠯᠠᠯᠲᠠ | ᠳᠤ ᠣᠷᠤᠭᠤᠯᠬᠤ ᠪᠠᠷ ᠴᠢᠷᠮᠠᠶᠢᠵᠤ᠂ ᠬᠤᠸᠠᠳᠧ ᠶᠢ ᠤᠯᠠᠭᠠᠨᠴᠠᠪ ᠬᠤᠲᠠ᠂ ᠴᠢᠨᠠᠭᠰᠢᠯᠠᠪᠠᠯ ᠪᠥᠬᠦ ᠣᠷᠣᠨ ᠤ | ᠴᠢᠬᠤᠯᠠ ᠥᠩᠭᠡᠲᠦ ᠲᠡᠮᠦᠷᠯᠢᠭ ᠤᠨ ᠬᠦᠳᠡᠷ ᠬᠤᠪᠢᠶᠠᠷᠢᠯᠠᠨ ᠰᠠᠯᠭᠠᠬᠤ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ | ᠵᠠᠰᠠᠮᠠᠯ ᠵᠠᠮ ᠤᠨ ᠪᠠᠷᠠᠭᠠᠨ ᠤ ᠭᠦᠢᠯᠭᠡᠭᠡᠨ ᠢ ᠲᠦᠷᠭᠡᠳᠬᠡᠨ ᠬᠥᠭᠵᠢᠭᠦᠯᠵᠦ᠂ ᠮᠠᠰᠢᠨ ᠲᠡᠷᠭᠡᠨ ᠤ ᠶᠡᠷᠦᠩᠬᠡᠶᠢᠯᠡᠭᠰᠡᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ | ᠭᠤᠷᠪᠠᠳᠠᠬᠢ ᠡᠲᠡᠭᠡᠳ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠠᠪᠬᠤ᠂ ᠣᠷᠣᠨ | ᠪᠦᠰᠡ ᠳᠤ ᠰᠠᠯᠭᠠᠨ ᠥᠭᠬᠦ᠂ ᠲᠤᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠵᠣᠷᠢᠭᠵᠢᠭᠤᠯᠵᠤ᠂ ᠭᠡᠷ ᠤᠨ | ᠬᠡᠷᠡᠭᠰᠡᠯ ᠪᠠ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠦᠢᠯᠡᠳᠬᠦᠨ ᠪᠠ ᠬᠠᠶᠢᠯᠤᠰᠢ ᠵᠡᠷᠭᠡ ᠶᠢᠨ ᠲᠤᠰᠬᠠᠶ | ᠵᠠᠬ᠎ᠠ ᠳᠡᠯᠭᠡᠭᠦᠷ ᠢ ᠪᠤᠶᠢᠵᠢᠭᠤᠯᠤᠨ᠎ᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠰᠢᠶᠠᠨ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠤᠯᠠᠮ | ᠨᠢᠭᠡ ᠠᠯᠬᠤᠮ ᠪᠦᠷᠢᠨᠰᠢᠭᠦᠯᠦᠨ᠎ᠡ᠃ ᠮᠤᠵᠢ ᠶᠢᠨ ᠬᠤᠭᠤᠷᠣᠨᠳᠣᠬᠢ ᠨᠡᠪᠲᠡᠷᠡᠯ ᠵᠠᠮ ᠤᠨ ᠬᠤᠸᠠᠳᠧ ᠶᠢᠨ ᠬᠡᠰᠡᠭ ᠤᠨ | ᠲᠥᠷᠭᠡᠨ ᠤ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠰᠥᠨᠢᠳ ᠪᠠᠷᠠᠭᠤᠨ ᠬᠤᠰᠢᠭᠤ ᠠᠴᠠ ᠬᠤᠸᠠᠳᠧ ᠬᠦᠷᠬᠦ | ᠬᠡᠰᠡᠭ ᠤᠨ ᠲᠦᠷᠭᠡᠨ ᠤ ᠵᠠᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ | ᠬᠤᠸᠠᠳᠧ ᠰᠢᠶᠠᠨ ᠤ ᠨᠡᠶᠢᠲᠡ ᠪᠠᠷ ᠬᠡᠷᠡᠭᠯᠡᠬᠦ ᠨᠢᠰᠬᠡᠯ ᠤᠨ ᠪᠠᠭᠤᠳᠠᠯ ᠤᠨ ᠠᠵᠢᠯ ᠡᠬᠢᠯᠡᠬᠦ ᠶᠢ ᠲᠦᠷᠭᠡᠳᠬᠡᠨ᠎ᠡ᠃ | ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ 8 ᠲᠦᠮᠡᠨ | ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠵᠢᠯ ᠤᠨ30 ᠲᠦᠮᠡᠨ | ᠲᠣᠨ ᠤ ᠬᠡᠯᠪᠡᠷᠢ ᠶᠢᠨ ᠨᠡᠭᠦᠷᠡᠰᠦ ᠦᠢᠯᠡᠳᠪᠦᠷᠢᠯᠡᠬᠦ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠤᠯᠠᠭᠠᠨᠴᠠᠪ ᠬᠤᠲᠠ ᠶᠢᠨ 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠭᠡᠷᠡᠯ ᠭᠠᠵᠠᠷ ᠤᠨ ᠢᠯᠴᠢ ᠶᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠴᠡᠪᠡᠷ | ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠵᠤᠭᠠᠴᠠᠯ ᠤᠨ ᠦᠢᠯᠡᠰ ᠢ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ | ᠪᠣᠯᠭᠠᠨ ᠪᠤᠶᠢᠵᠢᠭᠤᠯᠤᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠤᠤᠭᠠᠯ ᠠᠮᠢ ᠠᠬᠤᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ︽ᠢᠦᠢ ᠮᠢᠨ ᠤ ᠰᠣᠶᠣᠯ︾᠂ ︽ᠴᠢᠭᠤᠯᠭᠠᠲᠤ ᠬᠠᠭᠠᠯᠭ᠎ᠠ— ᠬᠦᠷᠢᠶ᠎ᠡ ᠬᠦᠷᠬᠦ ᠶᠡᠭᠡ ᠵᠠᠮ︾᠂ | ︽ᠤᠯᠠᠭᠠᠨ ᠴᠡᠷᠢᠭ ᠤᠨ ᠰᠣᠶᠣᠯ︾᠂ ︽ᠴᠠᠬᠠᠷ ᠤᠨ ᠬᠠᠭᠠᠨ ᠤ ᠮᠠᠯᠵᠢᠯ ᠤᠨ ᠲᠠᠯᠠᠪᠠᠢ︾ ᠶᠢᠨ ᠰᠣᠶᠣᠯ ᠤᠨ | ᠦᠢᠯᠡᠳᠦᠯ ᠢ ᠴᠢᠩᠭᠠᠳᠬᠠᠵᠤ᠂ ︽ᠬᠤᠸᠠ ᠮᠦ ᠯᠠᠨ — ᠭᠠᠨ ᡁᠢ ᠮᠧᠢ︾ ᠶᠢᠨ ᠵᠣᠷᠢᠭ ᠰᠠᠨᠠᠭᠠᠨ ᠤ | ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠦᠵᠡᠰᠭᠦᠯᠡᠩᠲᠦ ᠬᠤᠸᠠᠳᠧ ᠶᠢ ᠪᠦᠬᠦ ᠬᠦᠴᠦᠨ ᠢᠶᠠᠷ ᠴᠣᠭᠴᠠᠯᠠᠨ᠎ᠠ᠃ | ︽ᠳ᠋ᠦᠩ ᠴᠧᠩ ᠤᠨ ᠪᠣᠯᠵᠤᠯ — ᠬᠤᠸᠠᠳᠧ ᠶᠢᠨ ᠠᠭᠤᠯᠵᠠᠯᠲᠠ︾ ᠭᠡᠬᠦ ᠵᠤᠭᠠᠴᠠᠯ ᠤᠨ ᠲᠥᠯᠥᠪᠯᠡᠭᠡ ᠶᠢ | ᠠᠬᠢᠭᠤᠯᠵᠤ᠂ ᠪᠡᠭᠡᠵᠢᠩ — ᠵᠠᠩᠪᠧᠢ — ᠬᠤᠸᠠᠳᠧ ᠶᠢᠨ ︽ᠵᠢᠵᠢᠭ ᠠᠮᠠᠷᠠᠯᠲᠠ᠂ ᠰᠡᠯᠡᠭᠦᠴᠡᠯ︾ | ᠵᠤᠭᠠᠴᠠᠯ ᠤᠨ ᠵᠠᠮ ᠱᠤᠭᠤᠮ ᠢ ᠪᠠᠶᠢᠭᠤᠯᠵᠤ᠂ ᠵᠤᠭᠠᠴᠠᠯ ᠢᠶᠠᠷ ᠬᠡᠷᠡᠭᠯᠡᠭᠡ ᠶᠢ ᠳᠠᠶᠢᠴᠢᠯᠠᠨ ᠵᠤᠭᠠᠴᠠᠯ ᠤᠨ ᠠᠵᠤ | ᠦᠢᠯᠡᠰ ᠤᠨ ᠪᠦᠬᠦ ᠰᠢᠶᠠᠨ ᠤ ᠰᠢᠨ᠎ᠡ ᠪᠠᠷ ᠮᠠᠨᠳᠤᠭᠰᠠᠨ ᠲᠤᠯᠭᠠᠭᠤᠷᠢ ᠠᠵᠤ ᠦᠢᠯᠡᠰ ᠪᠣᠯᠬᠤ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ ᠲᠥᠪ᠂ ᠨᠣᠮ ᠤᠨ ᠰᠠᠩ᠂ | ᠮᠦᠽᠧᠶ᠂ ᠤᠷᠠᠨ ᠵᠢᠷᠤᠭ ᠤᠨ ᠣᠷᠳᠣᠨ᠂ ᠤᠯᠠᠭᠠᠨᠮᠦ᠋ᠴᠢᠷ ᠤᠨ ᠪᠣᠯᠪᠠᠰᠤᠷᠠᠯ ᠤᠨ ᠲᠢᠩᠬᠢᠮ᠂ ᠲᠣᠭᠯᠠᠯᠲᠠ ᠶᠢᠨ | ᠲᠥᠪ ᠢᠶᠠᠷ ᠨᠢᠭᠡ ᠴᠣᠭᠴᠠᠵᠢᠭᠤᠯᠤᠭᠰᠠᠨ ︽ᠰᠣᠶᠣᠯ ᠤᠨ ᠲᠣᠮᠣ ᠬᠦᠷᠢᠶᠡᠯᠡᠩ︾ ᠢ ᠪᠠᠶᠢᠭᠤᠯᠤᠨ᠎ᠠ᠃ ᠰᠢᠨᠬᠤᠸᠠ | ᠨᠣᠮ ᠤᠨ ᠳᠡᠯᠭᠡᠭᠦᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ | ᠰᠣᠶᠣᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠣᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠬᠤᠶᠠᠳᠤᠭᠠᠷ ᠬᠤᠭᠤᠴᠠᠭᠠᠨ ᠤ ᠰᠣᠶᠣᠯ ᠤᠨ ᠠᠮᠲᠠᠲᠤ | ᠢᠳᠡᠭᠡᠨ ᠤ ᠨᠠᠶᠢᠷ ᠪᠠ ᠭᠤᠷᠪᠠᠳᠤᠭᠠᠷ ᠬᠤᠭᠤᠴᠠᠭᠠᠨ ᠤ ᠴᠢᠭᠤᠯᠭᠠᠲᠤ ᠬᠠᠭᠠᠯᠭ᠎ᠠ— ᠬᠦᠷᠢᠶ᠎ᠡ ᠬᠦᠷᠬᠦ ᠶᠡᠭᠡ | ᠵᠠᠮ ᠢᠶᠠᠷ ᠳᠠᠬᠢᠨ ᠶᠠᠪᠠᠭᠠᠨ ᠶᠠᠪᠤᠬᠤ ᠠᠵᠢᠯᠯᠠᠭ᠎ᠠ ᠶᠢ ᠡᠷᠬᠢᠯᠡᠨ᠎ᠡ᠃ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠪᠠᠶ ᠳᠤ ᠣᠯᠠᠨ | ᠤᠯᠤᠰ ᠤᠨ ᠲᠣᠮᠣ ᠪᠠᠭᠤᠳᠠᠯ ᠢ ᠪᠠᠶᠢᠭᠤᠯᠵᠤ ᠡᠵᠡᠩᠨᠡᠯᠲᠡ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ | ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠰᠢᠶᠠᠨ ᠤ | ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 3630 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠯᠢᠶᠠᠨ ᠳ᠋ᠧ ᠨᠠᠰᠤᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠯᠢᠶᠠᠨ ᠳ᠋ᠧ ᠡᠮᠴᠢᠯᠡᠭᠡ | ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠪᠣᠳᠠᠲᠤ ᠬᠦᠴᠦᠨ ᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠭᠤᠤᠯ ᠴᠣᠭᠴᠠ ᠪᠣᠯᠭᠠᠵᠤ᠂ ᠨᠠᠰᠤᠲᠠᠨ ᠢ ᠠᠰᠠᠷᠠᠬᠤ | ᠬᠦᠷᠢᠶᠡᠯᠡᠩ ᠢᠶᠠᠷ ᠭᠤᠣᠯᠳᠠᠭᠤᠯᠵᠤ᠂ ᠠᠰᠠᠷᠠᠮᠵᠢ ᠶᠢᠨ ᠬᠦᠷᠢᠶᠡᠯᠡᠩ ᠢᠶᠠᠷ ᠨᠥᠬᠦᠪᠥᠷᠢ ᠪᠣᠯᠭᠠᠵᠤ᠂ ᠡᠮᠴᠢᠯᠡᠭᠡ | ᠰᠤᠪᠢᠯᠠᠯᠲᠠ ᠶᠢ ᠨᠢᠭᠡ ᠴᠣᠭᠴᠠᠵᠢᠭᠤᠯᠤᠨ ᠵᠣᠯᠭᠠᠯᠳᠤᠭᠤᠯᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠪᠤᠶᠢᠵᠢᠭᠤᠯᠵᠤ᠂ ᠭᠠᠳᠠᠭᠰᠢ ᠬᠤᠳᠠᠯᠳᠤᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠲᠦᠷᠭᠡᠨ ᠬᠦᠷᠭᠡᠬᠦ ᠵᠡᠷᠭᠡ ᠠᠵᠢᠯ ᠲᠥᠷᠥᠯ ᠤᠨ ᠵᠢᠷᠤᠮᠵᠢᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠎ᠡ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ | ᠦᠷ᠎ᠡ ᠠᠰᠢᠭ ᠢ ᠨᠡᠮᠡᠭᠳᠡᠭᠦᠯᠬᠦ ᠪᠣᠯᠣᠨᠲ᠋ᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ | ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠰᠤᠨ ᠤ ᠠᠵᠢᠯ ᠢ ᠭᠦᠢᠴᠡᠳ | ᠬᠢᠵᠦ᠂ ᠪᠣᠬᠢᠷᠲᠤᠯ ᠥᠬᠡᠶ ᠫᠠᠶᠢᠰᠠ ᠶᠢ ᠰᠠᠶᠢᠲᠤᠷ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠰᠢᠶᠠᠨ ᠤ ᠲᠠᠷᠢᠬᠤ ᠲᠠᠯᠠᠪᠠᠢ ᠶᠢ 85 ᠲᠦᠮᠡᠨ ᠮᠦ ᠣᠷᠴᠢᠮ ᠳᠤ | ᠲᠣᠭᠲᠠᠪᠤᠷᠢᠵᠢᠭᠤᠯᠵᠤ᠂ 20 ᠲᠦᠮᠡᠨ ᠮᠦ ᠲᠥᠮᠥᠰᠥ᠂ 3 ᠲᠦᠮᠡᠨ ᠮᠦ ᠢᠳᠡᠰᠢᠨ ᠨᠣᠭᠤᠭ᠎ᠠ ᠶᠢ ᠬᠥᠭᠵᠢᠭᠦᠯᠵᠦ᠂ | ᠴᠢᠬᠤᠯᠠ ᠪᠦᠬᠦᠢ ᠢᠳᠡᠰᠢᠨ ᠨᠣᠭᠤᠭ᠎ᠠ ᠦᠢᠯᠡᠳᠪᠦᠷᠢᠯᠡᠬᠦ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠡᠪᠡᠰᠦ ᠪᠣᠷᠳᠤᠭ᠎ᠠ᠂ ᠵᠢᠩᠬᠢᠨᠢ ᠡᠮ ᠤᠨ ᠮᠠᠲ᠋ᠧᠷᠢᠶᠠᠯ ᠲᠠᠷᠢᠬᠤ ᠬᠡᠪᠴᠢᠶ᠎ᠡ ᠶᠢ ᠨᠡᠮᠡᠭᠳᠡᠭᠦᠯᠵᠦ᠂ ᠵᠢᠩᠬᠢᠨᠢ ᠡᠮ ᠤᠨ | ᠮᠠᠲ᠋ᠧᠷᠢᠶᠠᠯ 13 ᠲᠦᠮᠡᠨ ᠮᠦ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢ 7 ᠲᠦᠮᠡᠨ ᠮᠦ ᠲᠠᠷᠢᠵᠤ᠂ 10 ᠲᠦᠮᠡᠨ | ᠮᠦ ᠬᠠᠷᠭᠠᠨ᠎ᠠ ᠲᠠᠷᠢᠨ᠎ᠠ᠃ ᠮᠠᠯ ᠠᠵᠤ ᠠᠬᠤᠢ ᠶᠢᠨ ᠮᠠᠯ ᠤᠨ ᠶᠡᠷᠦᠩᠬᠡᠢ ᠲᠤᠭ᠎ᠠ ᠲᠣᠯᠤᠭᠠᠢ ᠶᠢ 75 ᠲᠦᠮᠡ ᠳᠤ | ᠬᠦᠷᠭᠡᠵᠦ᠂ ᠵᠢᠯ ᠤᠨ ᠪᠣᠷᠤᠯᠠᠭᠤᠯᠭ᠎ᠠ ᠶᠢ 90 ᠲᠦᠮᠡᠨ ᠲᠣᠯᠤᠭᠠᠢ ᠳᠤ ᠬᠦᠷᠦᠭᠦᠯᠵᠦ᠂ ᠮᠢᠬᠠᠨ ᠤ ᠶᠡᠷᠦᠩᠬᠡᠢ | ᠭᠠᠷᠤᠯᠲᠠ ᠶᠢ 3.7 ᠲᠦᠮᠡᠨ ᠲᠣᠨ ᠳᠤ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ ᠣᠷᠭᠠᠨᠢᠭ ᠬᠠᠭᠤᠷᠠᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠣᠷᠭᠠᠨᠢᠭ ᠬᠠᠭᠤᠷᠠᠶ | ᠪᠤᠭᠤᠳᠠᠶ ᠲᠠᠷᠢᠬᠤ ᠵᠢᠱᠢᠶ᠎ᠡ ᠦᠵᠡᠭᠦᠯᠬᠦ ᠣᠷᠣᠨ ᠤ ᠲᠠᠯᠠᠪᠠᠶ ᠶᠢ 7 ᠲᠦᠮᠡᠨ ᠮᠦ ᠬᠡᠷᠡᠭᠵᠢᠭᠦᠯᠦᠨ᠎ᠡ᠃ ᠥᠨᠳᠥᠷ | ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ | ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠦᠷ᠎ᠡ ᠶᠢᠨ ᠢᠨᠵᠧᠨᠧᠷᠢᠩ ᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠮᠠᠯ ᠠᠵᠤ ᠠᠬᠤᠶ ᠵᠢᠨᠰᠠᠶᠢᠨ | ᠡᠭᠦᠯᠳᠡᠷ ᠢ ᠦᠷᠡᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠷᠭᠠᠨ᠎ᠠ ᠲᠠᠷᠢᠬᠤ ᠪᠠ | ᠡᠪᠡᠰᠦ ᠪᠣᠷᠳᠤᠭ᠎ᠠ ᠡᠳ᠋ᠰᠢᠭᠦᠯᠬᠦ ᠦᠢᠯᠡᠰ ᠢ ᠬᠥᠭᠵᠢᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠥᠷᠲᠡᠭᠡᠨ ᠤ | ᠲᠥᠷᠥᠯ ᠵᠦᠢᠯ ᠪᠣᠯᠤᠨ ᠬᠠᠷᠭᠠᠨ᠎ᠠ ᠵᠡᠷᠭᠡ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠬᠦ ᠦᠢᠯᠡᠳᠪᠤᠷᠢ ᠶᠢᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠰᠠᠶᠢᠨ ᠡᠭᠦᠯᠳᠡᠷ ᠨᠠᠷᠢᠯᠢᠭ ᠠᠷᠠᠴᠢᠯᠠᠬᠤ᠂ ᠬᠠᠰᠢᠶᠠᠯᠠᠨ ᠲᠡᠵᠢᠭᠡᠵᠦ ᠥᠨᠳᠥᠷ | ᠦᠷ᠎ᠡ ᠪᠦᠲᠦᠮᠵᠢᠲᠡᠶ ᠲᠡᠵᠢᠭᠡᠨ ᠦᠷᠡᠵᠢᠭᠦᠯᠬᠦ ᠦᠢᠯᠡᠰ ᠤᠨ ᠵᠠᠮ ᠢᠶᠠᠷ ᠵᠠᠮᠨᠠᠨ᠎ᠠ᠃ ᠶᠢᠨ ᠳ᠋ᠢ ᠱᠢ ᠵᠢᠢ ᠪᠣᠯᠣᠨ ᠰᠾᠢ | ᠯᠦ ᠬᠤᠸᠠ ᠴᠢ ᠬᠤᠶᠠᠷ ᠡᠯᠵᠢᠭᠡ ᠲᠡᠵᠢᠭᠡᠬᠦ ᠲᠥᠷᠥᠯ ᠵᠦᠢᠯ᠂ ᠦᠬᠡᠷ ᠬᠤᠨᠢ ᠲᠠᠬᠢᠶ᠎ᠠ ᠶᠢ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠬᠡᠨ ᠪᠠᠶᠢᠭᠤᠯᠵᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠭᠠᠯᠠᠭᠤ ᠲᠡᠵᠢᠭᠡᠬᠦ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ | ᠱᠠᠨᠳᠦ᠋ᠩ ᠤᠨ ᠷᠦᠩ ᠳ᠋ᠠ ᠺᠣᠮᠫᠠᠨᠢ ᠶᠢᠨ ᠭᠠᠯᠠᠭᠤ ᠲᠡᠵᠢᠭᠡᠬᠦ ᠲᠥᠷᠥᠯ ᠵᠦᠢᠯ ᠢ ᠡᠷᠲᠡᠬᠡᠨ ᠰᠠᠭᠤᠷᠢᠰᠢᠭᠤᠯᠵᠤ᠂ | ᠪᠠᠷᠢᠯᠭ᠎ᠠ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠶᠢᠨ ᠹᠧᠩ ᠬᠤᠷᠰᠢᠶᠠᠵᠢᠯ ᠤᠨ ᠲᠠᠷᠢᠶᠠᠯᠠᠩ ᠤᠨ ᠨᠢᠭᠡ | ᠴᠣᠭᠴᠠᠵᠢᠭᠰᠠᠨ ᠦᠢᠯᠡᠴᠢᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠬᠤᠸᠠ ᠳ᠋ᠦ᠋ ᠶᠢᠨ ᠠᠮᠲᠠᠯᠠᠭᠴᠢ᠂ ᠺᠣᠷᠢᠶᠠ ᠶᠢᠨ ᠳᠠᠷᠤᠰᠢᠯᠠᠭᠰᠠᠨ ᠨᠣᠭᠤᠭ᠎ᠠ᠂ ᠮᠧᠩ ᠵᠦᠩ ᠳ᠋ᠤᠤ ᠳ᠋ᠢ ᠡᠮ ᠤᠨ | ᠮᠠᠲ᠋ᠧᠷᠢᠶᠠᠯ᠂ ᠬᠠᠨ ᠰᠧᠨ ᠠᠷᠢᠬᠢᠨ ᠤ ᠦᠢᠯᠡᠰ ᠤᠨ ᠲᠠᠷᠢᠶᠠᠯᠠᠩ ᠤᠨ ᠨᠡᠭᠡᠭᠡᠨ ᠬᠥᠭᠵᠢᠭᠦᠯᠬᠦ ᠬᠠᠮᠲᠤᠷᠠᠯᠴᠠᠭᠠᠨ ᠤ | ᠲᠥᠷᠥᠯ ᠵᠦᠢᠯ ᠢ ᠪᠣᠳᠠᠲᠠᠶᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠲᠦᠷᠭᠡᠪᠴᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ | + ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ︾ ᠶᠢ ᠲᠦᠷᠭᠡᠳᠬᠡᠨ ᠠᠬᠢᠭᠤᠯᠵᠤ᠂ ᠡᠯᠧᠺᠲᠷᠦᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ︽ | ᠳ᠋ᠧ ᠴᠧᠩ ᠱᠠᠨ ᠯᠢ︾ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠰᠠᠶᠢᠲᠤᠷ ᠠᠰᠢᠭᠯᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠵᠢᠴᠢ ᠮᠠᠯᠵᠢᠬᠤ | ᠲᠠᠷᠢᠶᠠᠯᠠᠬᠤ ᠡᠷᠦᠬᠡ ᠶᠢᠨ ᠡᠯ᠎ᠡ ᠲᠥᠷᠥᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠠᠪᠴᠠᠩ ᠳᠤ | ᠣᠷᠤᠩᠨᠠᠬᠤ ᠶᠢ ᠲᠡᠳᠬᠦᠨ ᠳᠡᠮᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭ᠎ᠠ ᠶᠢᠨ ᠠᠷᠭ᠎ᠠ | ᠵᠠᠮ ᠢ ᠨᠡᠪᠲᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠢᠳᠪᠤᠷᠢᠯᠡᠨ᠎ᠡ᠃ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠨᠠᠭᠠᠳᠬᠤ︾ | ᠵᠢᠭᠤᠯᠴᠢᠯᠠᠯ ᠤᠨ ᠬᠦᠴᠦᠨ ᠵᠦᠢᠯ ᠤᠨ ᠲᠣᠭᠤᠷᠢᠨ ᠳᠤ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠪᠣᠶ | ᠪᠣᠯᠭᠠᠵᠤ᠂ ᠰᠠᠬᠢᠨ ᠬᠠᠮᠠᠭᠠᠯᠠᠯᠲᠠ ᠶᠢᠨ ᠨᠢᠭᠡᠳᠦᠭᠡᠷ ᠳ᠋ᠢᠸᠢᠽᠢ ᠶᠢᠨ ᠴᠡᠷᠢᠭ ᠤᠨ ᠵᠢᠭᠤᠯᠴᠢᠯᠠᠯ ᠤᠨ ᠬᠠᠭᠤᠴᠢᠨ | ᠪᠠᠭᠤᠷᠢ ᠵᠢᠴᠢ ᠴᠠᠢ ᠶᠢᠨ ᠵᠠᠮ ᠤᠨᠲ᠋ᠡᠮᠡᠭᠡᠨ ᠵᠢᠩ ᠤᠨ ᠥᠷᠲᠡᠭᠡ᠂ ᠠᠷᠠᠳ ᠤᠨ ᠣᠷᠣᠨ ᠰᠠᠭᠤᠴᠠ᠂ ᠬᠠᠮ | ᠲᠡᠷᠭᠡ ᠶᠢᠨ ᠪᠠᠭᠤᠳᠠᠯ ᠵᠡᠷᠭᠡ ᠰᠠᠭᠤᠷᠢ ᠪᠡᠯᠡᠳᠬᠡᠮᠵᠢ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠪᠠ | ᠥᠭᠡᠷᠡᠴᠢᠯᠡᠨ ᠪᠠᠶᠢᠭᠤᠯᠵᠤ᠂ ᠵᠠᠮ ᠳᠠᠭᠠᠤ ᠣᠨᠴᠠᠯᠢᠭᠲᠤ ᠳᠠᠷᠢᠵᠤ ᠲᠡᠵᠢᠭᠡᠨ ᠦᠷᠡᠵᠢᠭᠦᠯᠬᠦ ᠦᠵᠡᠮᠦᠷᠢ ᠶᠢᠨ ᠣᠷᠣᠨ ᠢ | ᠪᠣᠶ ᠪᠣᠯᠭᠠᠵᠤ᠂ ᠡᠷᠬᠢᠨ ᠲᠣᠭᠤᠷᠢᠨ ᠤ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠢᠳᠡᠭᠡᠨ | ᠤᠮᠳᠠᠭᠠᠨ᠂ ᠬᠤᠨᠤᠭ ᠪᠠᠭᠤᠳᠠᠯ ᠵᠢᠴᠢ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ | ᠨᠣᠭᠤᠭᠠᠷᠠᠭᠤᠯᠤᠯᠲᠠ ᠪᠠ ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠲᠤ ᠠᠰᠢᠭ | ᠬᠦᠷᠲᠡᠭᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠤᠨ ᠡᠵᠡᠩᠨᠡᠯᠲᠡ ᠳᠤ ᠣᠷᠣᠬᠤ ᠶᠢ ᠬᠦᠴᠦᠯᠡᠨ ᠠᠬᠢᠭᠤᠯᠵᠤ᠂ ᠠᠷᠠᠳ ᠲᠤ ᠠᠰᠢᠭ ᠣᠯᠭᠤᠵᠤ ᠠᠷᠠᠳ ᠲᠤ | ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳ᠋ᠠ ᠬᠤᠣ ᠾᠧ ᠱᠠᠨ᠂ ᠭᠥᠸᠧ ᠼᠣᠣ | ᠶᠤᠸᠠᠨ᠂ ᠮᠧᠩ ᠶᠢᠨ ᠶᠤᠸᠠᠨ᠂ ᠨᠢᠤ ᠰᠢᠶᠣᠤ ᠴᠢᠶᠠᠩ ᠵᠡᠷᠭᠡ 14 ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠵᠢᠶᠠᠩᠶ᠋ᠢᠦ ᠨᠣᠭᠤᠭ᠎ᠠ᠂ ᠳᠠᠷᠤᠰᠢᠯᠠᠭᠰᠠᠨ | ᠨᠣᠭᠤᠭ᠎ᠠ᠂ ᠡᠯᠵᠢᠭᠡᠨ ᠰᠦ᠂ ᠮᠢᠬᠠᠨ ᠢᠳᠡᠭᠡᠨ᠂ ᠲᠡᠵᠢᠭᠡᠯ ᠪᠣᠷᠳᠤᠭ᠎ᠠ᠂ ᠡᠮ ᠤᠨ ᠮᠠᠲ᠋ᠧᠷᠢᠶᠠᠯ ᠪᠣᠯᠤᠨ ᠬᠠᠷ᠎ᠠ | ᠴᠢᠨ᠋ᠸ᠎ᠠ ᠶᠢᠨ ᠬᠠᠷᠮᠠᠭ ᠵᠡᠷᠭᠡ ᠠᠵᠤ ᠦᠢᠯᠡᠰ ᠤᠨ ᠬᠦᠷᠢᠶᠡᠯᠡᠩ ᠳᠤ ᠣᠷᠣᠬᠤ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ᠂ ᠠᠵᠤ ᠠᠬᠤᠶᠢᠯᠠᠯ ᠤᠨ | ᠨᠠᠷᠠᠲᠤ ᠲᠥᠷᠥᠯ ᠲᠡᠮᠳᠡᠭᠲᠦ ᠪᠠ ᠦᠢᠯᠡᠳᠬᠦᠨ ᠤ ᠨᠠᠷᠠᠲᠤ ᠲᠥᠷᠥᠯ ᠲᠡᠮᠳᠡᠭᠲᠦ ᠶᠢᠨ ︽ᠭᠤᠷᠪᠠᠨ ᠲᠥᠷᠥᠯ | ᠲᠡᠮᠳᠡᠭᠲᠦ ᠶᠢ ᠵᠡᠷᠭᠡᠪᠡᠷ ᠡᠭᠦᠳᠬᠦ︾ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ᠂ ᠬᠤᠷᠰᠢᠶᠠᠵᠢᠯ ᠢ | ᠵᠣᠷᠢᠭᠵᠢᠭᠤᠯᠵᠤ ᠪᠠᠶᠢᠭᠠᠳ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠢᠳᠡᠪᠬᠢᠲᠡᠶ ᠪᠠᠷ | ᠭᠤᠶᠤᠴᠢᠯᠠᠨ ᠮᠡᠳᠡᠭᠦᠯᠵᠦ᠂ ︽ᠳ᠋ᠧ︾ ᠥᠰᠥᠭ ᠤᠨ ᠲᠡᠮᠳᠡᠭᠲᠦ ᠦᠢᠯᠡᠳᠬᠦᠨᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠠᠯᠳᠠᠷᠰᠢᠯ ᠪᠠ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠲᠡᠰ ᠤᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠪᠠᠷ | ᠢᠳᠡᠪᠬᠢᠯᠡᠨ ᠴᠢᠷᠮᠠᠶᠢᠨ᠎ᠠ᠃ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠥᠭᠵᠢᠯᠲᠡ ᠶᠢᠨ | ᠪᠣᠳᠠᠲᠤ ᠪᠠᠶᠢᠳᠠᠯ ᠳᠤ ᠰᠠᠭᠤᠷᠢᠯᠠᠨ ᠡᠯ᠎ᠡ ᠲᠥᠷᠥᠯ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠬᠥᠳᠡᠭᠡ | ᠪᠠᠭᠤᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠠᠨ ᠵᠢᠯᠤᠭᠤᠳᠤᠭᠴᠢ ᠶᠢᠨ ᠲᠦᠷᠢᠮ ᠢ | ᠲᠡᠭᠦᠯᠳᠡᠷᠵᠢᠭᠦᠯᠦᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠶᠡᠬᠡᠪᠡᠷ ᠪᠤᠶᠢᠵᠢᠭᠤᠯᠵᠤ᠂ ︽ | ᠬᠥᠳᠡᠭᠡ ᠲᠣᠰᠬᠤᠨ ᠢ ᠬᠠᠶᠢᠷᠠᠯᠠᠬᠤ᠂ ᠮᠡᠷᠭᠡᠵᠢᠯ ᠢ ᠮᠡᠳᠡᠬᠦ᠂ ᠡᠵᠡᠩᠨᠡᠬᠦ ᠳᠡᠭᠡᠨ ᠴᠢᠳᠠᠮᠠᠭᠠᠶ︾ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠣᠶ ᠪᠣᠯᠭᠠᠨ᠎ᠠ᠃ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠦᠨ᠎ᠡ᠃ ᠶᠡᠷᠦᠩᠬᠡᠶ ᠱᠦᠵᠢ | ᠰᠢ ᠶᠢᠨ ᠫᠢᠩ ᠤᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠲᠠᠭᠤᠳᠠᠯ ᠪᠠ ᠪᠠᠭᠤᠷᠠᠶ | ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠤᠨ᠎ᠠ᠃ ᠬᠥᠳᠡᠭᠡ | ᠲᠣᠰᠬᠤᠨ ᠤ 385 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠬᠦᠳᠡᠭᠡ | ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ 56 ᠢᠨᠵᠧᠨᠧᠷᠢᠩ ᠢ | ᠬᠡᠷᠡᠭᠵᠢᠭᠦᠯᠦᠨ᠎ᠡ︔ 6 ᠵᠤᠷᠪᠤᠰ 45 ᠺᠢᠯᠤᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠵᠠᠰᠠᠵᠤ᠂ ᠬᠥᠳᠡᠭᠡ | ᠲᠣᠰᠬᠤᠨ ᠢ ᠪᠠᠶᠠᠵᠢᠭᠤᠯᠬᠤ ᠵᠠᠮ ᠢ ᠨᠡᠪᠲᠡᠷᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ 4G ᠶᠢᠨ ᠰᠦᠯᠵᠢᠶᠡᠨ ᠤ ᠪᠠᠭᠲᠠᠭᠠᠮᠵᠢ ᠶᠢ | ᠥᠷᠭᠡᠳᠬᠡᠬᠦ᠂ ᠴᠡᠭ ᠨᠥᠬᠦᠪᠥᠷᠢᠯᠡᠬᠦ ᠢᠨᠵᠧᠨᠧᠷᠢᠩ ᠢ ᠲᠦᠯᠬᠢᠨ ᠠᠬᠢᠭᠤᠯᠵᠤ᠂ ᠰᠦᠯᠵᠢᠶᠡᠨ ᠤ ᠳᠤᠬᠢᠶ᠎ᠠ ᠶᠢᠨ | ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠰᠤᠷᠭᠠᠨ | ᠬᠥᠮᠦᠵᠢᠯ᠂ ᠰᠣᠶᠣᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠰᠠᠶᠢᠲᠤᠷ | ᠬᠠᠮᠢᠶᠠᠷᠴᠤ ᠰᠠᠶᠢᠲᠤᠷ ᠬᠡᠷᠡᠭᠯᠡᠨ᠎ᠡ᠃ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ | ᠠᠶᠢᠯ ᠲᠣᠰᠬᠤᠨ ᠳᠤ 3604 ᠰᠠᠭᠤᠷᠢ ᠵᠣᠷᠯᠤᠩ ᠢ ᠪᠥᠲᠥᠭᠡᠨ ᠪᠠᠶᠢᠭᠤᠯᠤᠨ᠎ᠠ︔ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ ᠠᠶᠢᠯ ᠲᠣᠰᠬᠤᠨ ᠤ ︽ᠪᠤᠵᠠᠷ ᠮᠠᠭᠤᠬᠠᠢ︾ ᠠᠰᠠᠭᠤᠳᠠᠯ ᠢ ᠰᠢᠢᠳᠪᠦᠷᠢᠯᠡᠨ᠎ᠡ︔ ᠠᠮᠢᠳᠤᠷᠠᠯ ᠤᠨ | ᠪᠣᠬᠢᠷ ᠤᠰᠤ ᠶᠢ ᠵᠠᠰᠠᠬᠤ ᠶᠢ ᠠᠬᠢᠭᠤᠯᠵᠤ᠂ ᠪᠣᠬᠢᠷ ᠤᠰᠤ ᠶᠢ ᠵᠠᠰᠠᠬᠤ ᠪᠠ ᠡᠷᠦᠬᠡ ᠶᠢᠨ ᠵᠣᠷᠯᠣᠩ ᠢ | ᠥᠭᠡᠷᠡᠴᠢᠯᠡᠬᠦ ᠶᠢ ᠨᠢᠭᠡᠳᠦᠯᠲᠡᠶ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠪᠠᠶᠢᠭᠤᠯᠤᠨ᠎ᠠ︔ ᠠᠶᠢᠯ ᠲᠣᠰᠬᠤᠨ ᠤ | ᠠᠷᠢᠭᠤᠨ ᠴᠡᠪᠡᠷ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠬᠢᠨᠠᠨ ᠬᠠᠮᠢᠶᠠᠷᠬᠤ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠪᠠ ᠪᠦᠲᠦᠮᠵᠢᠲᠡᠶ ᠪᠣᠯᠭᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ | ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ᠃ ᠬᠥᠳᠡᠭᠡ ᠲᠣᠰᠬᠤᠨ ᠤ ᠤᠯᠠᠨ | ᠨᠡᠶᠢᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠶᠣᠨ ᠤ ᠪᠣᠯᠪᠠᠰᠤᠨ ᠤ | ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠪᠠ ᠪᠣᠯᠪᠠᠰᠤᠨ ᠬᠡᠪ | ᠰᠤᠷᠲᠠᠯ ᠢ ᠪᠠᠳᠠᠷᠠᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ | ᠥᠷᠨᠢᠭᠦᠯᠵᠦ᠂ ᠪᠣᠯᠪᠠᠰᠤᠨ ᠲᠣᠰᠬᠤᠨ ᠪᠠᠯᠭᠠᠰᠤ᠂ ᠣᠳᠣᠨ ᠲᠡᠰ ᠤᠨ ᠪᠣᠯᠪᠠᠰᠤᠨ ᠡᠷᠦᠬᠡ᠂ ᠪᠣᠯᠪᠠᠰᠤᠨ ᠭᠡᠷ ᠪᠦᠯᠢ᠂ | ᠪᠣᠯᠪᠠᠰᠤᠨ ᠲᠠᠷᠢᠶᠠᠴᠢᠨ ᠤ ᠰᠤᠩᠭᠤᠨ ᠰᠢᠯᠭᠠᠷᠠᠭᠤᠯᠬᠤ ᠶᠢ ᠡᠭᠦᠳᠬᠦ ᠠᠵᠢᠯᠯᠠᠭ᠎ᠠ ᠶᠢ ᠴᠢᠩᠭᠠᠳᠬᠠᠵᠤ᠂ ᠲᠣᠰᠬᠤᠨ ᠤ | ᠳᠦᠷᠢᠮ ᠠᠷᠠᠳ ᠤᠨ ᠭᠡᠷ᠎ᠡ ᠶᠢ ᠵᠢᠷᠤᠮᠵᠢᠭᠤᠯᠵᠤ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ | ᠠᠬᠢᠭᠤᠯᠵᠤ᠂ ᠬᠥᠳᠡᠭᠡ ᠲᠣᠰᠬᠤᠨ ᠤ ᠬᠦᠮᠦᠰ ᠤᠨ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠲᠣᠭᠲᠠᠴᠠ | ᠪᠣᠯᠭᠠᠵᠤ᠂ ᠪᠠᠶᠢᠩᠭᠤᠵᠢᠭᠤᠯᠤᠨ᠎ᠠ᠃ | ︵ᠲᠠᠪᠤ︶ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠳᠤ ᠲᠥᠯᠥᠪᠯᠡᠵᠦ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ︾᠂ ︽ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠯᠥᠪᠵᠢᠭᠦᠯᠭᠡ︾᠂ ︽ | ᠵᠢᠭᠤᠯᠴᠢᠯᠠᠯ ᠤᠨ ᠲᠥᠯᠥᠪᠵᠢᠭᠦᠯᠭᠡ︾ ᠪᠠ ︽ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽ᠬᠤᠸᠠᠳᠧ ᠰᠢᠶᠠᠨ ᠤ | ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ︵2020 — 2030︶︾ ᠪᠠ ︽ᠬᠤᠸᠠᠳᠧ | ᠰᠢᠶᠠᠨ ᠤ ᠴᠠᠩᠱᠦ᠋ᠨ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ︵2017 — 2035︶︾ ᠶᠢ ᠦᠨᠡᠯᠡᠨ | ᠵᠢᠱᠢᠬᠦ ᠠᠵᠢᠯ ᠢ ᠡᠬᠢᠯᠡᠭᠦᠯᠪᠡ᠃ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠎ᠡ᠃ 3776 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠨ ᠵᠢᠦᠢ ᠣᠷᠣᠨ ᠰᠠᠭᠤᠴᠠ ᠶᠢᠨ ᠲᠣᠭᠤᠷᠢᠭ᠂ ᠰᠠᠢ ᠪᠧᠢ | ᠲᠣᠭᠤᠷᠢᠭ ᠵᠡᠷᠭᠡ 18 ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠪᠡ︔ | 12470 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠠᠩᠱᠦ᠋ᠨ ᠪᠠᠯᠭᠠᠰᠤᠨ ᠤ ᠪᠣᠷᠣᠭᠠᠨ ᠤ ᠪᠣᠬᠢᠷᠲᠤᠯ ᠢ | ᠰᠠᠯᠭᠠᠬᠤ ᠵᠢᠴᠢ ᠳᠤᠮᠳᠠ ᠤᠰᠤᠨ ᠤ ᠬᠤᠭᠤᠯᠠᠢ ᠲᠣᠣᠷ᠂ ᠤᠰᠤ ᠬᠠᠩᠭᠠᠬᠤ ᠬᠤᠭᠤᠯᠠᠢ ᠲᠣᠣᠷ ᠢ ᠳᠡᠰ | ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ︔ 4300 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠬᠤᠲᠠ ᠶᠢᠨ ᠶᠠᠪᠤᠳᠠᠯ ᠤᠨ ᠵᠠᠮ ᠢ 30.3 ᠺᠢᠯᠤᠮᠧᠲᠷ ᠳᠡᠪᠢᠰᠴᠦ᠂ 1534 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢ 2.6 ᠺᠢᠯᠤᠮᠧᠲᠷ ᠬᠡᠷᠡᠭᠵᠢᠭᠦᠯᠦᠨ᠎ᠡ᠃ ᠲᠦᠭᠡᠭᠡᠯ ᠤᠰᠤ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠳᠤᠮᠳᠠ ᠤᠰᠤᠨ ᠤ ᠡᠬᠢ ᠪᠠᠶᠠᠯᠢᠭ ᠵᠡᠷᠭᠡ ᠡᠳ᠋ ᠬᠦᠷᠦᠩᠬᠡ ᠶᠢᠨ ᠡᠬᠢ ᠪᠠᠶᠠᠯᠢᠭ ᠢ | ᠭᠦᠢᠴᠡᠳ ᠨᠡᠶᠢᠳᠬᠡᠵᠦ᠂ ᠪᠡᠯᠡ ᠴᠤᠭᠯᠠᠭᠤᠯᠬᠤ ᠲᠠᠪᠴᠠᠩ ᠢ ᠪᠠᠶᠢᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ | ᠪᠣᠭᠤᠮᠢ ᠶᠢ ᠰᠢᠢᠳᠪᠦᠷᠢᠯᠡᠨ᠎ᠡ︔ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ | ᠢᠯᠴᠢ ᠬᠠᠩᠭᠠᠬᠤ ᠬᠤᠭᠤᠯᠠᠢ ᠲᠣᠣᠷ ᠢ ᠰᠡᠯᠪᠢᠨ ᠵᠠᠰᠠᠬᠤ ᠪᠠ ᠥᠭᠡᠷᠡᠴᠢᠯᠡᠬᠦ ᠶᠢ ᠴᠢᠩᠭᠠᠳᠬᠠᠵᠤ᠂ ᠬᠤᠲᠠ | ᠪᠠᠯᠭᠠᠰᠤᠨ ᠤ ᠤᠰᠤ ᠵᠠᠯᠠᠬᠤ ᠬᠤᠭᠤᠯᠠᠢ ᠲᠣᠣᠷ ᠢ ᠥᠭᠡᠷᠡᠴᠢᠯᠡᠬᠦ ᠪᠠ ᠪᠣᠬᠢᠷ ᠤᠰᠤ ᠶᠢ ᠬᠤᠷᠢᠶᠠᠨ ᠴᠤᠭᠯᠠᠭᠤᠯᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠤᠭᠤᠯᠠᠢ ᠲᠣᠣᠷ ᠢ ᠤᠳᠠᠭᠠᠨ ᠵᠢᠯ ᠵᠠᠰᠠᠭᠰᠠᠨ | ᠦᠭᠡᠢ ᠪᠠᠷ ᠭᠤᠭᠤᠵᠢᠵᠤ ᠣᠷᠬᠢᠭᠳᠠᠭᠰᠠᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠭᠠᠯᠲᠤ ᠲᠡᠷᠭᠡᠨ | ᠥᠷᠲᠡᠭᠡ ᠵᠢᠴᠢ ᠲᠡᠷᠭᠡᠨ ᠵᠣᠭᠰᠣᠭᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠲᠣᠰ ᠵᠢᠯ ᠤᠨ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ᠬᠤᠲᠠ ᠶᠢᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ | ᠲᠠᠮᠢᠷ ᠤᠨ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ 5G ᠰᠦᠯᠵᠢᠶ᠎ᠡ ᠶᠢ ᠪᠦᠬᠦᠨ ᠢ | ᠬᠠᠮᠤᠷᠬᠤ ᠢᠨᠵᠧᠨᠧᠷᠢᠩ ᠢ ᠡᠬᠢᠯᠡᠭᠦᠯᠦᠨ ᠲᠣᠮᠣ ᠳ᠋ᠡᠶᠢᠲ᠋ᠠ ᠶᠢᠨ ᠬᠡᠷᠡᠭᠯᠡᠯᠲᠡ ᠪᠠ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠲᠣᠬᠢᠷᠠᠭᠤᠯᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢᠨ ᠬᠦᠴᠦᠯᠡᠴᠡ ᠪᠠᠨ | ᠨᠡᠮᠡᠭᠳᠡᠭᠦᠯᠵᠦ᠂ ᠳ᠋ᠦ᠋ ᠱᠢ ᠬᠤᠸᠠ ᠲᠢᠩ᠂ ᠰᠢᠨ ᠶᠠ ᠬᠤᠤ ᠶᠤᠸᠠᠨ ᠤ ᠭᠤᠷᠪᠠᠳᠤᠭᠠᠷ ᠳᠥᠷᠪᠡᠳᠦᠭᠡᠷ ᠬᠤᠭᠤᠴᠠᠭ᠎ᠠ᠂ | ᠾᠦᠢ ᠮᠢᠨ ᠤ ᠬᠤᠶᠠᠳᠤᠭᠠᠷ ᠬᠤᠭᠤᠴᠠᠭ᠎ᠠ᠂ ᠰᠢᠤᠸᠠᠢ ᠹᠦ᠋ ᠰᠢᠨ ᠴᠧᠩ᠂ ᠰᠢᠩ ᠹᠦ᠋ ᠵᠢᠶᠠ ᠶᠤᠸᠠᠨ ᠤ | ᠬᠤᠶᠠᠳᠤᠭᠠᠷ ᠬᠤᠭᠤᠴᠠᠭ᠎ᠠ᠂ ᠳ᠋ᠧ ᠱᠧᠩ ᠶᠤᠸᠠᠨ ᠤ ᠭᠤᠷᠪᠠᠳᠤᠭᠠᠷ ᠬᠤᠭᠤᠴᠠᠭ᠎ᠠ᠂ ᠳ᠋ᠧ ᠴᠠᠩ ᠰᠢᠨ ᠶᠤᠸᠠᠨ ᠤ | ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭ᠎ᠠ᠂ ᠮᠢᠨ ᠠᠨ ᠵᠢᠶᠠ ᠶᠤᠸᠠᠨ ᠤ ᠬᠤᠶᠠᠳᠤᠭᠠᠷ | ᠬᠤᠭᠤᠴᠠᠭ᠎ᠠ᠂ ᠾᠦᠢ ᠮᠢᠨ ᠶᠤᠸᠠᠨ ᠵᠠᠬ᠎ᠠ ᠳᠡᠯᠭᠡᠭᠦᠷ᠂ ᠠᠨ ᠲᠠᠢ ᠬᠤᠸᠠ ᠹᠦ᠋ ᠣᠷᠣᠨ ᠰᠠᠭᠤᠴᠠ ᠶᠢᠨ ᠲᠣᠭᠤᠷᠢᠭ | ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠬᠡᠷᠡᠭᠵᠢᠭᠦᠯᠦᠭᠳᠡᠬᠦ ᠶᠢ ᠠᠬᠢᠭᠤᠯᠤᠨ᠎ᠠ | ᠃ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ | ᠪᠠᠶᠢᠭᠤᠯᠬᠤ ᠠᠵᠢᠯ ᠢ ᠲᠦᠷᠭᠡᠳᠬᠡᠵᠦ᠂ ᠪᠣᠯᠪᠠᠰᠤᠨ ᠰᠢᠶᠠᠨ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ | ᠨᠢᠭᠡᠴᠡ ᠵᠡᠷᠭᠡ ᠰᠢᠷᠢᠰ ᠠᠵᠢᠯᠯᠠᠭ᠎ᠠ ᠶᠢ ᠡᠭᠦᠳᠬᠦ ᠶᠢ ᠭᠦᠨᠵᠡᠭᠡᠶ ᠥᠷᠨᠢᠭᠦᠯᠦᠨ᠎ᠡ᠃ ︽ᠨᠠᠷᠢᠯᠢᠭ ᠬᠠᠮᠢᠶᠠᠷᠴᠤ᠂ ᠬᠢᠯᠠᠰ | ᠴᠡᠭ ᠢ ᠪᠣᠶ ᠪᠣᠯᠭᠠᠬᠤ︾ ᠪᠠᠷ ᠰᠡᠳᠬᠢᠮᠵᠢ ᠪᠣᠯᠭᠠᠵᠤ᠂ ᠡᠭᠦᠳᠡ ᠬᠠᠭᠠᠯᠭ᠎ᠠ ᠶᠢᠨ ᠵᠠᠷ ᠮᠡᠳᠡᠭᠡ ᠶᠢᠨ ᠫᠠᠶᠢᠰᠠ | ᠢᠯᠡᠷᠬᠡᠶᠢᠯᠡᠯ ᠨᠢ ᠬᠢᠷᠢ ᠲᠡᠩᠴᠡᠭᠰᠡᠨ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠭᠤᠶᠣ ᠰᠠᠶᠢᠬᠠᠨ᠂ ᠵᠠᠮ | ᠬᠠᠷᠢᠯᠴᠠᠭᠠᠨ ᠤ ᠡᠮᠬᠢ ᠵᠢᠷᠤᠮ ᠰᠠᠶᠢᠨ᠂ ᠵᠢᠷᠤᠮᠵᠢᠯ ᠲᠠᠢ ᠪᠦᠲᠦᠮᠵᠢᠲᠡᠶ ᠡᠵᠡᠩᠨᠡᠯᠲᠡ ᠶᠢᠨ ᠵᠢᠱᠢᠶ᠎ᠡ ᠦᠵᠡᠭᠦᠯᠬᠦ ᠵᠡᠭᠡᠯᠢ | ᠭᠤᠳᠤᠮᠵᠢ ᠶᠢ ᠪᠥᠬᠦ ᠬᠦᠴᠦᠨ ᠢᠶᠠᠷ ᠪᠠᠶᠢᠭᠤᠯᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ᠃ ᠲᠣᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ᠂ ᠬᠠᠤᠯᠢ | ᠳᠦᠷᠢᠮᠵᠢᠭᠦᠯᠦᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠪᠠ ᠪᠠᠯᠭᠠᠰᠤᠨ ᠤ ᠳᠦᠷᠢ ᠲᠥᠷᠬᠦ ᠶᠢ ᠴᠡᠭᠴᠡᠯᠡᠨ ᠵᠠᠰᠠᠬᠤ ᠶᠢ ᠦᠷᠬᠦᠯᠵᠢᠯᠡᠨ ᠠᠬᠢᠭᠤᠯᠵᠤ᠂ ︽ | ᠵᠡᠭᠡᠯᠢ ᠶᠢᠨ ᠳᠠᠷᠤᠭ᠎ᠠ ᠶᠢᠨ ᠲᠦᠷᠢᠮ︾ ᠪᠠ ᠰᠦᠯᠵᠢᠶᠡᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ︽ᠣᠯᠠᠨ | ᠠᠵᠢᠯᠲᠠᠨ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠬᠥᠮᠦᠨ ᠢ ᠣᠯᠠᠨ ᠵᠣᠷᠢᠭᠤᠯᠤᠯᠲᠠ ᠲᠠᠢ ᠬᠡᠷᠡᠭᠯᠡᠬᠦ︾ ᠵᠠᠰᠠᠬᠤ | ᠵᠠᠭᠪᠤᠷ ᠢ ᠴᠢᠩᠭᠠᠷᠠᠭᠤᠯᠵᠤ᠂ ᠴᠡᠪᠡᠷ ᠴᠡᠮᠴᠡᠭᠡᠷ᠂ ᠭᠤᠶᠢᠳᠠ ᠰᠠᠶᠢᠬᠠᠨ᠂ ᠡᠮᠬᠢ ᠵᠢᠷᠤᠮ ᠲᠠᠢ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ | ᠲᠣᠭᠲᠠᠴᠠ ᠶᠢ ᠪᠠᠶᠢᠭᠤᠯᠵᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠵᠠᠬ᠎ᠠ ᠳᠡᠯᠭᠡᠭᠦᠷᠴᠢᠯᠡᠭᠰᠡᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ | ᠴᠠᠭᠳᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠤᠲᠠ ᠪᠠᠯᠭᠠᠰᠤᠨ ᠤ ᠦᠢᠯᠡᠴᠢᠯᠡᠭᠡᠨ ᠤ ᠶᠠᠰᠤ ᠴᠢᠨᠠᠷ ᠪᠠ | ᠵᠠᠰᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠦᠬᠦ | ᠬᠦᠴᠦ ᠪᠠᠷ ᠢᠶᠠᠨ ᠪᠠᠲᠤᠯᠠᠨ ᠰᠠᠢᠵᠢᠷᠠᠭᠤᠯᠤᠨ᠎ᠠ | ᠭᠦᠢᠴᠡᠳ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠠᠵᠢᠯ ᠣᠯᠭᠤᠬᠤ ᠢᠳᠡᠪᠬᠢᠲᠡᠢ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠳᠡᠭᠡᠳᠤ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ | ᠴᠡᠷᠢᠭ ᠠᠴᠠ ᠬᠠᠯᠠᠭᠳᠠᠭᠰᠠᠳ ᠵᠡᠷᠭᠡ ᠬᠥᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠨᠢᠭᠡᠳᠦᠯᠲᠡᠢ ᠳᠤ ᠲᠥᠯᠥᠪᠯᠡᠨ ᠰᠠᠶᠢᠲᠤᠷ ᠠᠳᠬᠤᠨ᠎ᠠ᠃ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠣᠯᠭᠤᠬᠤ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠨᠡᠮᠡᠭᠳᠡᠭᠦᠯᠵᠦ᠂ ᠪᠣᠯᠪᠠᠰᠤᠷᠠᠭᠤᠯᠤᠯ ᠤᠨ ᠠᠵᠢᠯ ᠲᠥᠷᠥᠯ ᠢ ᠥᠷᠭᠡᠳᠬᠡᠨ ᠠᠵᠢᠯ | ᠣᠯᠭᠤᠬᠤ ᠳᠡᠰ ᠳᠠᠪᠬᠤᠷᠭ᠎ᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ | ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ 2.8 ᠲᠦᠮᠡᠨ ᠬᠥᠮᠦᠨ ᠠᠴᠠ ᠳᠡᠭᠡᠭᠰᠢ | ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠲᠠ ᠪᠠᠯᠭᠠᠰᠤᠨ ᠤ 660 | ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 6 ᠲᠦᠮᠡ ᠣᠷᠴᠢᠮ ᠳᠤ ᠬᠦᠷᠦᠭᠦᠯᠬᠦ ᠶᠢ | ᠦᠨᠡᠨᠬᠦ ᠪᠠᠲᠤᠯᠠᠨ᠎ᠠ᠃ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠵᠦ᠂ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠪᠦᠬᠦᠨ ᠢ ᠬᠠᠮᠤᠷᠬᠤ ᠶᠢ ᠲᠦᠷᠭᠡᠳᠬᠡᠨ | ᠪᠡᠶᠡᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ | ᠪᠤᠳᠤᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠲᠦᠷ ᠴᠠᠭ ᠤᠨ ᠠᠪᠤᠷᠠᠨ ᠲᠤᠰᠠᠯᠠᠯᠲᠠ᠂ ᠠᠰᠠᠷᠠᠮᠵᠢ ᠬᠠᠷᠠᠭᠠᠯᠵᠠᠯ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠭᠠᠵᠠᠷ᠂ ᠭᠠᠯ ᠢᠶᠠᠷ ᠳᠡᠭᠳᠡᠭᠡᠬᠦ ᠲᠠᠯᠠᠪᠠᠢ᠂ ᠴᠢᠨᠳᠠᠷ ᠤᠨ | ᠲᠠᠩᠬᠢᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠷ᠎ᠠ ᠪᠠᠷ ᠪᠤᠯᠠᠵᠤ | ᠳᠤᠷ᠎ᠠ ᠪᠠᠷ ᠢᠶᠠᠨ ᠣᠷᠤᠰᠢᠭᠤᠯᠬᠤ ᠠᠰᠠᠭᠤᠳᠠᠯ ᠢ ᠪᠦᠲᠦᠮᠵᠢᠲᠡᠢ ᠵᠠᠰᠠᠨ᠎ᠠ᠃ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠬᠥᠯᠥᠰᠥᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢᠨ | ᠬᠠᠮᠢᠶᠠᠷᠤᠯᠲᠠ ᠶᠢᠨ ᠢᠵᠢ ᠪᠦᠷᠢᠳᠦᠭᠦᠯᠬᠦ ᠪᠡᠯᠡ ᠮᠥᠩᠭᠦ ᠶᠢ 500 ᠲᠦᠮᠡᠨ ᠲᠥᠭᠦᠷᠢᠭ ᠪᠣᠯᠲᠠᠯ᠎ᠠ ᠨᠡᠮᠡᠭᠳᠡᠭᠦᠯᠪᠡ᠃ | ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠤᠷᠭᠠᠭᠤᠯᠢ ᠶᠢᠨ ᠵᠠᠬᠢᠷᠤᠯ᠂ ᠪᠠᠭᠰᠢ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠵᠡᠷᠭᠡ ᠭᠤᠷᠪᠠᠨ | ᠵᠦᠢᠯ ᠤᠨᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠮᠡᠷᠭᠡᠵᠢᠯ ᠤᠨ ᠴᠣᠯᠠ ᠶᠢ ᠤᠷᠢᠨ ᠲᠣᠮᠢᠯᠠᠬᠤ᠂ | ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠰᠤᠷᠭᠠᠭᠤᠯᠢ ᠶᠢᠨ ᠳᠠᠷᠤᠭ᠎ᠠ ᠶᠢᠨ ᠡᠩᠨᠡᠭᠡ᠂ ᠪᠠᠭᠰᠢ ᠠᠵᠢᠯᠲᠠᠨ ᠤ ᠡᠩᠨᠡᠭᠡ ᠶᠢᠨ ᠢᠳᠡᠪᠬᠢᠵᠢᠯ ᠢ ᠳᠠᠶᠢᠴᠢᠯᠠᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠵᠦ᠂ ᠰᠾᠢ | ᠶᠤᠸᠠᠨ ᠬᠡᠤᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠦᠢ ᠼᠠᠢ ᠪᠠ ᠲᠠᠢ ᠾᠧ | ᠬᠤᠶᠠᠷ ᠬᠡᠤᠬᠡᠳ ᠤᠨ ᠴᠡᠴᠡᠷᠯᠢᠭ ᠢ ᠳᠡᠭᠡᠷ᠎ᠡ ᠬᠠᠭᠠᠰ ᠵᠢᠯ ᠳᠤ ᠠᠰᠢᠭᠯᠠᠯᠲᠠ ᠳᠤ ᠣᠷᠣᠭᠤᠯᠤᠨ᠎ᠠ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠯᠠᠭᠰᠠᠨ ᠬᠥᠭᠵᠢᠯᠲᠡ ᠶᠢ ᠲᠦᠯᠬᠢᠨ | ᠠᠬᠢᠭᠤᠯᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠡᠭᠦᠯᠳᠡᠷᠵᠢᠭᠦᠯᠦᠨ᠎ᠡ᠃ | ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠳᠠᠭᠠᠢ | ᠲᠠᠮᠢᠷ ᠤᠨ ᠲᠠᠯᠠᠪᠠᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠬᠥᠯ ᠪᠥᠮᠪᠦᠭᠡ ᠶᠢᠨ | ᠣᠷᠳᠣᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠢᠯ ᠵᠢᠴᠢ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠢᠨᠵᠧᠨᠧᠷᠢᠩ ᠢ | ᠰᠠᠶᠢᠲᠤᠷ ᠬᠡᠷᠡᠭᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠶᠢ | ᠭᠦᠨᠵᠡᠭᠡᠶᠢᠷᠡᠭᠦᠯᠵᠦ᠂ ︽ᠤᠶᠤᠨᠲᠤ ᠰᠤᠷᠭᠠᠭᠤᠯᠢ ᠶᠢᠨ ᠬᠦᠷᠢᠶ᠎ᠡ︾᠂ ︽ᠢᠵᠢᠯ ᠳᠠᠪᠲᠠᠮᠵᠢᠲᠤ ᠬᠠᠷᠢᠯᠴᠠᠨ | ᠦᠢᠯᠡᠳᠦᠯᠴᠡᠬᠦ ᠬᠢᠴᠢᠶᠡᠯ ᠤᠨ ᠲᠠᠩᠬᠢᠮ︾ ᠵᠡᠷᠭᠡ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠪᠠ ᠬᠡᠷᠡᠭᠯᠡᠯᠲᠡ ᠶᠢ ᠲᠦᠷᠭᠡᠳᠬᠡᠨ ᠠᠬᠢᠭᠤᠯᠤᠨ᠎ᠠ᠃ ᠪᠦᠬᠦ ᠬᠤᠲᠠ ᠶᠢᠨ ᠵᠢᠷᠭᠤᠳᠤᠭᠠᠷ | ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ᠡᠷᠡᠭᠦᠯ ᠮᠡᠨᠳᠦ ᠡᠮ ᠡᠮᠨᠡᠯᠭᠡ ᠶᠢᠨ ᠦᠢᠯᠡᠰ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠱᠠᠲᠤ ᠬᠤᠪᠢᠶᠠᠨ | ᠣᠨᠣᠰᠢᠯᠠᠨ ᠡᠮᠨᠡᠬᠦ᠂ ᠰᠢᠶᠠᠨ ᠰᠢᠶᠠᠩ ᠲᠣᠰᠬᠤᠨ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ | ᠠᠬᠢᠭᠤᠯᠵᠤ᠂ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭ᠎ᠠ ᠶᠢ ᠴᠢᠩᠭᠠᠷᠠᠭᠤᠯᠤᠨ ᠰᠢᠶᠠᠨ ᠤ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠢᠭᠡᠳ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ | ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠭᠡᠷ ᠢ | ᠵᠢᠷᠤᠮᠵᠢᠭᠤᠯᠤᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠭᠡᠷ ᠢ | ᠥᠭᠡᠷᠡᠴᠢᠯᠡᠨ ᠵᠠᠰᠠᠬᠤ ᠢᠨᠵᠧᠨᠧᠷᠢᠩ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠵᠠᠰᠠᠵᠤ | ᠰᠢᠨᠡᠳᠬᠡᠬᠦ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ | ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ | ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ | ᠰᠢᠰᠲ᠋ᠧᠮ ᠢᠶᠠᠷ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠰᠢᠨ᠎ᠡ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ | ᠃ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠢᠲᠠᠳ | ᠮᠣᠩᠭᠤᠯ ᠡᠮ ᠡᠮᠨᠡᠯᠭᠡ ᠶᠢᠨ ᠬᠤᠷᠢᠶᠠᠨ ᠤ ᠬᠠᠷᠢᠶ᠎ᠠ ᠢᠨᠵᠧᠨᠧᠷᠢᠩ ᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ | ᠣᠷᠣᠭᠤᠯᠤᠨ᠎ᠠ᠃ | ᠠᠮᠤᠷ ᠲᠦᠪᠰᠢᠨ ᠤ ᠡ᠊ᠨᠳᠡᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠠᠶᠤᠯ ᠦᠭᠡᠢ | ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠦᠯᠭᠦᠢ | ᠦᠢᠯᠡᠳᠪᠤᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠲᠤᠰᠬᠠᠶᠢᠵᠢᠭᠰᠠᠨ᠂ ᠪᠤᠳᠠᠲᠤ ᠪᠠᠶᠢᠯᠳᠤᠭᠠᠨᠴᠢᠯᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠨᠡᠯᠢᠶᠡᠳ ᠬᠦᠨᠳᠦ ᠨᠣᠴᠢᠲᠠᠢ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ᠂ ᠭᠠᠵᠠᠷ ᠬᠥᠳᠡᠯᠦᠯᠲᠡ ᠵᠢᠴᠢ ᠭᠠᠵᠠᠷ ᠵᠦᠢ ᠶᠢᠨ ᠭᠠᠮᠰᠢᠭ ᠢ | ᠰᠡᠷᠭᠡᠶᠢᠯᠡᠨ ᠵᠠᠰᠠᠬᠤ ᠵᠡᠷᠭᠡ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠱᠢ ᠳ᠋ᠠ ᠭᠦ᠋᠂ ᠭᠦᠸᠧ ᠵᠢᠶᠠ | ᠼᠦᠨ᠂ ᠶᠢᠦ ᠠᠢ ᠲᠣᠰᠬᠤᠨ ᠤ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠦᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠰᠠᠶᠢᠲᠤᠷ ᠬᠢᠨ᠎ᠡ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠲᠠᠶᠢᠪᠤᠩ ᠠᠮᠤᠭᠤᠯᠠᠩ ᠬᠤᠸᠠᠳᠧ︾ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠡᠶᠢᠭᠡᠮ | ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠎ᠠ᠃ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠲᠥᠭᠡᠮᠡᠯᠵᠢᠭᠦᠯᠬᠦ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠤᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ︽ᠤᠮᠠᠷᠠᠲᠤ ᠬᠢᠯᠢ ᠶᠢᠨ ᠡᠭᠦᠯᠡ · ᠤᠶᠤᠨᠲᠤ | ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠠᠬᠢᠭᠤᠯᠵᠤ᠂ ᠰᠠᠬᠢᠨ ᠬᠠᠷᠠᠬᠤ ᠭᠠᠵᠠᠷ ᠤᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ | ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠬᠠᠤᠯᠢ ᠶᠣᠰᠣᠭᠠᠷ ᠲᠣᠬᠢᠲᠠᠶ ᠰᠢᠢᠳᠪᠤᠷᠢᠯᠡᠨ᠎ᠡ᠃ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠦᠢᠯᠡᠳᠪᠤᠷᠢᠯᠡᠯ ᠤᠨ ᠠᠮᠤᠷ ᠲᠦᠪᠰᠢᠨ ᠢ ᠪᠠᠲᠤᠯᠠᠬᠤ | ᠠᠵᠢᠯ ᠢ ᠰᠠᠶᠢᠲᠤᠷ ᠬᠢᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠤᠨ᠎ᠠ᠃ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ | ᠨᠡᠶᠢᠭᠡᠮ ᠤᠨ ᠠᠵᠢᠯᠳᠠᠨ ᠪᠠ ᠰᠠᠶᠢᠨ ᠳᠤᠷᠠᠴᠤᠳᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ | ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠨ᠎ᠠ᠃ ᠲᠤᠭ᠎ᠠ ᠪᠦᠷᠢᠳᠬᠡᠯ᠂ ᠴᠠᠭ ᠠᠭᠤᠷ᠂ ᠳᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ | ᠂ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ | ᠠᠬᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠵᠠᠰᠠᠭ ᠤᠨ ᠣᠷᠳᠣᠨ ᠤ ᠰᠢᠰᠲ᠋ᠧᠮ ᠨᠢ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ | ᠳᠣᠤᠷ᠎ᠠ᠂ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠮᠠᠭᠲᠠ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ | ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ | ᠶᠣᠰᠣ ᠲᠦᠷᠢᠮ ᠢ ᠴᠢᠩᠭ᠎ᠠ ᠵᠢᠷᠤᠮᠯᠠᠵᠤ᠂ ᠴᠢᠬᠤᠯᠠ ᠶᠡᠭᠡ ᠬᠡᠷᠡᠭ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ | ᠲᠦᠷᠢᠮ ᠢ ᠴᠢᠩᠭ᠎ᠠ ᠬᠡᠷᠡᠭᠵᠢᠭᠦᠯᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠤᠨ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ | ᠲᠦᠷᠦ ᠶᠢᠨ ᠬᠡᠪ ᠴᠢᠨᠡᠷ ᠢ ᠴᠥᠬᠦᠷᠡᠰᠢ ᠦᠭᠡᠢ ᠳᠠᠪᠲᠠᠨ ᠪᠣᠯᠪᠠᠰᠤᠷᠠᠭᠤᠯᠤᠨ᠎ᠠ᠃ | ᠬᠠᠤᠯᠢ ᠶᠣᠰᠤᠭᠠᠷ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ᠃ ᠦᠨᠳᠦᠰᠦᠨ | ᠬᠠᠤᠯᠢ ᠬᠠᠤᠯᠢ ᠴᠠᠭᠠᠵᠠ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠤ | ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠲᠤ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠤᠷᠢᠲᠤ ᠪᠣᠳᠣᠯᠭ᠎ᠠ | ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ︽ | ᠭᠤᠷᠪᠠᠨ ᠶᠠᠪᠤᠳᠠᠯ ᠢ ᠢᠯᠡ ᠪᠣᠯᠭᠠᠬᠤ︾ ᠶᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠬᠢᠨᠠᠯᠲᠠ ᠶᠢ | ᠴᠢᠩᠭᠠᠳᠬᠠᠵᠤ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠡᠷᠬᠡ ᠶᠢ ᠢᠮᠠᠭᠲᠠ ᠢᠯᠡ ᠳᠣᠳᠤ ᠠᠵᠢᠯᠯᠠᠭᠤᠯᠤᠨ᠎ᠠ᠃ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ︽ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠣᠨ︾ ᠤ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠵᠦ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠡᠭᠦᠷᠢᠳᠡ ᠬᠤᠶᠢᠷᠭᠤᠰᠢᠬᠤ | ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠴᠤᠴᠠᠯᠲᠠ | ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠵᠥᠷᠢᠴᠡᠯ ᠠᠴᠠ ᠵᠠᠶᠢᠯᠠᠬᠤ | ᠦᠭᠡᠢ᠂ ᠥᠷᠢᠰᠥᠯᠳᠦᠭᠡᠨ ᠠᠴᠠ ᠠᠶᠤᠬᠤ ᠦᠭᠡᠢ᠂ ᠬᠠᠷᠢᠭᠤᠴᠠᠯᠭ᠎ᠠ ᠪᠠᠨ ᠲᠦᠯᠬᠢᠬᠦ ᠦᠭᠡᠢ᠂ ᠵᠣᠷᠢᠭᠲᠠᠢ ᠪᠠᠷ | ᠬᠦᠴᠢᠷ ᠢ ᠰᠦᠷᠦᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠨ᠎ᠠ᠃ ᠠᠯᠵᠠᠭᠤ ᠬᠤᠶᠢᠷᠭᠤ ᠪᠠᠷ ᠵᠠᠰᠠᠭ | ᠪᠠᠷᠢᠬᠤ᠂ ᠬᠠᠷᠢᠯᠴᠠᠨ ᠲᠦᠯᠬᠢᠯᠴᠡᠬᠦ᠂ ᠨᠠᠶᠢᠳᠠᠪᠤᠷᠢᠵᠢᠭᠤᠯᠤᠯᠲᠠ ᠰᠤᠯᠠ ᠵᠡᠷᠭᠡ ᠦᠢᠯᠡ ᠠᠵᠢᠯᠯᠠᠭ᠎ᠠ ᠶᠢ ᠡᠷᠡᠰ | ᠵᠠᠯᠠᠷᠠᠭᠤᠯᠬᠤ ᠪᠠ ᠵᠠᠯᠬᠠᠭᠠᠨ ᠰᠢᠢᠳᠬᠡᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ | ᠤᠷᠮᠠᠰᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠴᠤᠭ | ᠰᠦᠯᠳᠡ ᠶᠢ ᠬᠦᠭᠵᠢᠭᠡᠨ᠎ᠡ᠃ | ᠡᠷᠬᠡ ᠪᠠᠨ ᠭᠤᠤᠯᠴᠢ ᠪᠠᠷ ᠬᠡᠷᠡᠭᠯᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ︽ᠨᠢᠭᠡ | ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ | ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ ᠢ | ᠴᠢᠩᠭ᠎ᠠ ᠬᠡᠷᠡᠭᠵᠢᠭᠦᠯᠵᠦ᠂ ︽ᠳᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠨ᠎ᠠ᠃ ᠳᠦᠷᠢᠮ ᠤᠨ | ᠰᠢᠩᠭᠡᠯᠢᠭ ᠢ ᠪᠠᠲᠤ ᠴᠣᠭᠴᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ᠂ | ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶᠡᠨ | ᠳᠠᠬᠢ ᠬᠢᠨᠠᠨ ᠪᠤᠳᠤᠬᠤ ᠬᠢᠨᠠᠯᠲᠠ ᠲᠠᠯᠪᠢᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠬᠢ ᠪᠠᠶᠠᠯᠢᠭ ᠪᠣᠯᠤᠨ ᠡᠳ᠋ ᠤᠨ ᠬᠦᠴᠦᠨ ᠤ ᠬᠥᠭᠵᠢᠯᠲᠡ ᠶᠢ ᠠᠬᠢᠭᠤᠯᠬᠤ | ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ ᠤᠯᠤᠰ ᠲᠦᠷᠦ ᠶᠢᠨ ᠠᠮᠢ ᠠᠬᠤᠢ ᠶᠢ | ᠴᠡᠪᠡᠷᠰᠢᠭᠦᠯᠵᠦ᠂ ᠢᠯᠵᠢᠷᠡᠯ ᠢ ᠡᠰᠡᠷᠭᠦᠴᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠢᠯᠵᠢᠷᠡᠯ ᠤᠨ ᠠᠰᠠᠭᠤᠳᠠᠯ ᠢ ᠡᠷᠡᠰ ᠪᠠᠶᠢᠴᠠᠭᠠᠨ | ᠰᠢᠢᠳᠪᠦᠷᠢᠯᠡᠵᠦ᠂ ᠺᠠᠳ᠋ᠷ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠭᠡᠭᠡᠨ | ᠰᠠᠷᠠᠭᠤᠯ ᠰᠠᠶᠢᠨ ᠰᠠᠶᠢᠬᠠᠨ ᠲᠦᠷᠢ ᠲᠥᠷᠬᠦ ᠶᠢ ᠪᠦᠬᠦ ᠬᠦᠴᠦᠨ ᠢᠶᠠᠷ ᠡᠭᠦᠳᠦᠨ᠎ᠡ᠃ | ᠲᠥᠯᠥᠭᠡᠯᠡᠭᠴᠢᠳ ᠡ︕ ᠠᠵᠠ ᠲᠣᠬᠢᠶᠠᠯ ᠨᠢ ᠡᠭᠦᠷᠭᠡ ᠬᠠᠷᠢᠭᠤᠴᠠᠯᠭ᠎ᠠ ᠶᠢ ᠠᠴᠢᠶᠠᠯᠠᠵᠤ᠂ ᠥᠷᠢᠰᠥᠯᠳᠦᠭᠡᠨ | ᠨᠢ ᠡᠭᠦᠷᠭᠡᠯᠡᠯ ᠢ ᠰᠢᠯᠭᠠᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠣᠮᠤᠭ ᠲᠡᠭᠦᠯᠳᠡᠷ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ᠂ ᠲᠣᠬᠢᠶᠠᠯ ᠢ | ᠠᠰᠢᠭᠯᠠᠨᠥᠭᠡᠳᠡᠯᠡᠨ ᠳᠠᠪᠰᠢᠵᠤ᠂ ᠥᠷᠯᠥᠭᠡ ᠦᠳᠡᠰᠢ ᠶᠢ ᠲᠡᠮᠡᠴᠡᠨ ᠴᠢᠷᠮᠠᠶᠢᠨ ᠠᠵᠢᠯᠯᠠᠵᠤ᠂ ᠵᠠᠯᠠᠭᠤ ᠽᠠᠨᠳᠠᠨ | ᠨᠠᠰᠤ ᠪᠠᠨ ᠬᠦᠰᠡᠷᠳᠡᠬᠦᠯᠬᠦ ᠦᠭᠡᠢ ᠪᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |