ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠳᠣᠯᠣᠳᠤᠭᠠᠷ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ
ᠨᠡᠶᠢᠲᠡᠯᠡᠭᠰᠡᠨ ᠴᠠᠭ᠄
2020-05-22
   5 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠳᠣᠯᠣᠳᠤᠭᠠᠷ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠤᠤ ᠭᠤᠸᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠸᠠᠩ ᠪᠢᠩ ᠨᠡᠷ ᠳᠣᠯᠣᠳᠤᠭᠠᠷ ᠪᠠᠯᠭᠠᠰᠤᠨ ᠤ ᠳ᠋ᠧ ᠱᠧᠩ ᠲᠣᠰᠬᠤᠨ ᠭᠦᠸᠧ ᠯᠣᠤ ᠪᠥ᠋ ᠲᠣᠰᠬᠤᠨ ᠶᠢᠰᠦᠳᠦᠭᠡᠷ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ᠂ ᠲᠣᠰᠬᠤᠨ ᠤ ᠠᠷᠠᠳ ᠤᠨ ᠣᠷᠣᠨ ᠰᠠᠭᠤᠴᠠ᠂ ᠤᠰᠤ ᠤᠮᠳᠠ᠂ ᠤᠳᠠᠭᠠᠨ ᠴᠢᠨᠠᠷᠲᠠᠶ ᠡᠪᠡᠳᠴᠢᠨ ᠤ ᠺᠠᠷᠲ᠂ ᠤᠳᠠᠭᠠᠨ ᠴᠢᠨᠠᠷᠲᠠᠶ ᠡᠪᠡᠳᠴᠢᠨ ᠢᠶᠠᠷ ᠡᠮ ᠬᠦᠷᠭᠡᠬᠦ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ᠂ ᠲᠠᠷᠢᠵᠤ ᠲᠡᠵᠢᠭᠡᠬᠦ ᠦᠢᠯᠡᠰ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠢ᠃
    ᠸᠠᠩ ᠪᠢᠩ ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠵᠤ ᠦᠢᠯᠡᠰ ᠢ ᠮᠠᠰᠢ ᠬᠠᠯᠠᠮᠵᠢᠯᠠᠵᠤ᠂ ᠲᠣᠰᠬᠤᠨ ᠤ ᠠᠷᠠᠳ ᠤᠨ ᠬᠤᠨᠢᠨ ᠤ ᠡᠭᠦᠯᠳᠡᠷ᠂ ᠬᠡᠳᠦᠨ ᠬᠤᠷᠠᠭ᠎ᠠ ᠲᠦᠯᠯᠡᠳᠡᠭ᠂ ᠬᠡᠳᠦᠢ ᠣᠷᠣᠯᠭ᠎ᠠ ᠣᠯᠤᠭᠰᠠᠨ᠂ ᠬᠤᠴᠠ ᠪᠠᠶᠢᠬᠤ ᠡᠰᠡᠬᠦ᠂ ᠪᠤᠰᠤᠳ ᠬᠡᠷᠡᠭᠴᠡᠭᠡ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠰᠣᠯᠢᠯᠴᠠᠭᠠᠨ ᠤ ᠳᠤᠮᠳᠠ ᠳ᠋ᠧ ᠱᠧᠩ ᠲᠣᠰᠬᠤᠨ ᠤ ᠠᠷᠠᠳ ᠤᠨ ᠠᠮᠢᠳᠤᠷᠠᠯ ᠦᠢᠯᠡᠳᠪᠤᠷᠢᠯᠡᠯ ᠪᠣᠯᠤᠨ ᠶᠠᠳᠠᠭᠤ ᠠᠴᠠ ᠠᠩᠭᠢᠵᠢᠷᠠᠭᠤᠯᠬᠤ ᠭᠤᠤᠯᠳᠠᠯᠭ᠎ᠠ ᠲᠠᠢ ᠠᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠠᠶ᠃
    ᠸᠠᠩ ᠪᠢᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ︽ᠨᠢᠭᠡ ᠡᠷᠦᠬᠡ ᠠᠴᠠ ᠴᠦ ᠬᠤᠴᠤᠷᠠᠭᠤᠯᠬᠤ ᠦᠭᠡᠢ ᠰᠣᠷᠪᠤᠯᠵᠢᠯᠠᠬᠤ᠂ ᠨᠢᠭᠡ ᠬᠦᠮᠦᠨ ᠢ ᠴᠤ ᠭᠡᠭᠡᠭᠳᠡᠭᠦᠯᠬᠦ ᠦᠭᠡᠢ ᠤᠬᠠᠭᠤᠯᠬᠤ︾ ᠶᠢ ᠪᠠᠷᠢᠮᠲᠠᠯᠠᠨ ᠲᠠᠷᠢᠶᠠᠨ ᠭᠠᠵᠠᠷ ᠲᠤ ᠭᠦᠨᠵᠡᠭᠡᠶᠢᠷᠡᠨ ᠰᠤᠷᠪᠤᠯᠵᠢᠯᠠᠵᠤ᠂ ᠠᠶᠢᠯ ᠡᠷᠦᠬᠡ ᠨᠢᠭᠡᠪᠤᠷᠢ ᠳᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠤᠰ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠮᠡᠳᠡᠵᠦ ᠠᠪᠬᠤ ᠬᠡᠷᠡᠭᠲᠡᠢ᠃ ᠲᠥᠷᠥ ᠶᠢᠨ ᠪᠣᠳᠣᠯᠭ᠎ᠠ ᠣᠨᠣᠯ ᠤᠨ ᠭᠤᠣᠯᠯᠠᠭᠴᠢ ᠬᠦᠮᠦᠰ ᠠᠴᠠ ᠰᠤᠷᠤᠯᠴᠠᠵᠤ᠂ ᠲᠣᠰᠬᠤᠨ ᠬᠦᠮᠦᠰ ᠪᠠ ᠦᠢᠯᠡᠳᠦᠯᠭᠡᠵᠢᠯ ᠠᠴᠠ ᠰᠤᠷᠤᠯᠴᠠᠬᠤ ᠬᠡᠷᠡᠭᠲᠡᠢ᠂ ᠣᠯᠠᠨ ᠲᠦᠮᠡᠨ ᠢᠯᠠᠩᠭᠤᠶ᠎ᠠ ᠬᠦᠴᠢᠷᠳᠡᠯᠲᠡᠶ ᠣᠯᠠᠨ ᠲᠦᠮᠡᠨ ᠤ ᠰᠡᠳᠬᠢᠵᠦ᠂ ᠪᠣᠳᠣᠵᠤ᠂ ᠬᠦᠰᠡᠵᠦ᠂ ᠱᠠᠭᠠᠷᠳᠠᠵᠤ ᠪᠠᠶᠢᠭ᠎ᠠ ᠪᠠᠶᠢᠳᠠᠯ ᠢ ᠦᠨᠡᠨᠬᠦ ᠣᠶᠢᠯᠠᠭᠠᠵᠤ᠂ ᠤᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠭᠦᠯᠬᠦ ᠳᠡᠭᠡᠷ᠎ᠡ ᠲᠠᠯᠪᠢᠵᠤ᠂ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠬᠦ ᠳᠡᠭᠡᠷ᠎ᠡ ᠬᠦᠴᠦ ᠪᠠᠨ ᠲᠠᠯᠪᠢᠬᠤ ᠬᠡᠷᠡᠭᠲᠡᠶ ᠭᠡᠪᠡ᠃
   ᠸᠠᠩ ᠪᠢᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠨ᠎ᠡ ᠰᠡᠳᠬᠢᠴᠡ ᠶᠢ ᠦᠨᠡᠨ ᠬᠦ ᠰᠠᠶᠢᠲᠤᠷ ᠲᠥᠯᠥᠪᠯᠡᠵᠦ᠂ ᠰᠤᠷᠪᠤᠯᠵᠢᠯᠠᠵᠤ᠂ ᠤᠬᠠᠭᠠᠯᠠᠨ ᠲᠥᠯᠥᠪᠯᠡᠬᠦ ᠶᠢ ᠪᠠᠷᠢᠮᠲᠠᠯᠠᠵᠤ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠭᠦᠢᠴᠡᠳ ᠡᠵᠡᠮᠰᠢᠭᠰᠡᠨ ᠰᠠᠭᠤᠷᠢᠨ ᠳᠡᠭᠡᠷ᠎ᠡ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠢ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠠᠵᠢᠯ ᠢ ᠡᠮᠬᠢ ᠵᠢᠷᠤᠮ ᠲᠠᠢ ᠪᠠᠷ ᠶᠠᠪᠤᠭᠳᠠᠭᠤᠯᠬᠤ ᠬᠡᠷᠡᠭᠲᠡᠢ ᠭᠡᠪᠡ᠃            ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ            ᠣᠷᠴᠢᠭᠤᠯᠤᠭᠴᠢ᠄ ᠭᠡᠷᠡᠯ            ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2