ᠬᠠᠬᠢᠷ ᠬᠦᠢᠲᠡᠨ ᠠᠴᠠ ᠠᠶᠤᠬᠤ ᠦᠭᠡᠢ ᠨᠡᠶᠢᠲᠡ ᠶᠢᠨ ᠠᠰᠠᠷᠠᠮᠵᠢ ᠶᠢ ᠪᠠᠷᠢᠮᠲᠠᠯᠠᠨ ᠲᠤᠭ ᠢ ᠥᠨᠳᠥᠷ ᠮᠠᠨᠳᠤᠭᠤᠯᠵᠤ ᠬᠦᠰᠡᠯ ᠵᠡᠭᠦᠳᠦ ᠪᠠᠨ ᠴᠤᠭᠴᠠᠯᠠᠨ᠎ᠠ
ᠨᠡᠶᠢᠲᠡᠯᠡᠭᠰᠡᠨ ᠴᠠᠭ᠄
2020-05-22
   2020 ᠤᠨ 4 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠪᠣᠯᠤᠨ ᠬᠤᠸᠠᠳᠧ ᠰᠢᠶᠠᠨ ᠤ ᠭᠡᠷ ᠪᠦᠯᠢ ᠶᠢᠨ ᠰᠤᠷᠭᠠᠨ  ᠬᠦᠮᠦᠵᠢᠯ ᠤᠨ ᠲᠤᠷᠰᠢᠯᠲᠠ ᠶᠢᠨ ᠠᠩᠭᠢ ᠶᠢᠨ ᠬᠡᠰᠡᠭ ᠭᠡᠷ ᠤᠨ ᠠᠬᠠᠮᠠᠳ ᠰᠤᠷᠤᠭᠴᠢᠳ ᠲᠠᠢ ᠬᠠᠮᠲᠤ ᠭᠦᠨᠤᠯᠠᠭᠠᠨᠬᠤᠳᠳᠤᠭ ᠰᠢᠶᠠᠩ ᠤᠨ ᠶᠠᠨ ᠸᠧᠶ ᠶᠢᠨ ᠭᠡᠷ ᠲᠤ ᠬᠦᠷᠴᠦ ᠬᠠᠮᠲᠤ ᠶᠢᠨ ᠰᠠᠶᠢᠨ ᠳᠤᠷ᠎ᠠ ᠶᠢᠨ  ᠬᠦᠳᠡᠯᠮᠤᠷᠢ ᠳᠤ ᠣᠷᠣᠯᠴᠠᠵᠠᠶ᠃ ᠪᠦᠬᠦ ᠰᠢᠶᠠᠨ ᠤ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠦᠢᠯᠡᠳᠦᠯᠭᠡ ᠶᠢᠨ ᠭᠡᠷ ᠪᠦᠯᠢ ᠶᠢᠨ ᠰᠤᠷᠭᠠᠨ ᠬᠦᠮᠦᠵᠢᠯ ᠤᠨ ᠲᠤᠷᠰᠢᠯᠲᠠ ᠶᠢᠨ ᠠᠩᠬᠢ ᠶᠢᠨ ᠥᠷᠨᠢᠭᠦᠯᠦᠭᠰᠡᠨ ᠪᠠᠶᠢᠳᠠᠯ ᠪᠠ ᠣᠯᠤᠭᠰᠠᠨ ᠠᠮᠵᠢᠯᠲᠠ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃    ᠶᠠᠨ ᠸᠧᠢ ᠤᠳᠤ ᠬᠤᠸᠠᠳᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠰᠤᠷᠤᠯᠴᠠᠵᠤ ᠪᠠᠶᠢᠨ᠎ᠠ᠃ ᠲᠡᠷᠡ ᠨᠢᠭᠡᠨ ᠣᠨᠴᠠᠭᠠᠢ ᠭᠡᠷ ᠪᠦᠯᠢ ᠳᠤ ᠲᠥᠷᠥᠵᠡᠢ᠂ ᠠᠪᠤ ᠨᠢ ᠲᠠᠷᠢᠬᠢᠨ ᠦᠷᠪᠢᠰᠦᠯ ᠳᠤ ᠨᠡᠷᠪᠡᠭᠳᠡᠭᠡᠳ ᠣᠶᠣᠨ ᠤ ᠰᠠᠭᠠᠳ ᠲᠠᠢ ᠪᠣᠯᠪᠠ᠃ ᠵᠥᠪᠬᠡᠨ ᠪᠠᠭ᠎ᠠ ᠰᠠᠭ᠎ᠠ ᠬᠥᠳᠡᠯᠮᠦᠷᠢ ᠶᠢᠨ ᠴᠢᠳᠠᠪᠤᠷᠢ ᠲᠠᠢ᠂ ᠡᠵᠢ ᠨᠢ ᠪᠠᠰᠠ ᠪᠠᠭ᠎ᠠ ᠨᠠᠰᠤᠨ ᠳᠠᠭᠠᠨ ᠡᠪᠡᠳᠴᠢᠯᠡᠭᠡᠳ ᠵᠡᠮᠳᠡᠭ ᠪᠣᠯᠵᠤ᠂ ᠣᠶᠤᠨ ᠤ ᠰᠠᠭᠠᠳ ᠠᠴᠠ ᠭᠠᠳᠠᠨ᠎ᠠ ᠪᠠᠰᠠ ᠳᠦᠯᠡᠶ ᠶᠠᠪᠠ ᠬᠥᠮᠦᠨ ᠪᠠᠶᠢᠵᠤ᠂ ᠬᠦᠨᠳᠦ ᠨᠣᠴᠢᠲᠠᠶ ᠮᠡᠳᠡᠷᠡᠯ ᠤᠨ ᠡᠪᠡᠳᠴᠢᠨ ᠳᠠᠪᠬᠤᠴᠠᠵᠤ᠂ ᠬᠥᠳᠡᠯᠮᠦᠷᠢᠯᠡᠬᠦ ᠴᠢᠳᠠᠪᠤᠷᠢ ᠦᠭᠡᠢ᠃    ᠭᠡᠷ ᠪᠦᠯᠢ ᠣᠨᠴᠠᠭᠠᠢ ᠪᠣᠯᠬᠤᠷ ᠶᠠᠨ ᠸᠧᠢ ᠬᠠᠷᠠᠬᠠᠨ ᠪᠠᠭ᠎ᠠ ᠠᠴᠠ ᠪᠠᠨ ᠡᠪᠦᠭᠡ ᠡᠮᠡᠭᠡ ᠨᠢ ᠠᠰᠠᠷᠠᠨ ᠲᠡᠵᠢᠭᠡᠵᠦ ᠥᠰᠴᠡᠢ᠃ ᠣᠨᠴᠠᠭᠠᠢ ᠭᠡᠷ ᠪᠦᠯᠢ ᠶᠢᠨ ᠣᠷᠴᠢᠨ ᠲᠣᠭᠤᠷᠢᠨ ᠪᠠ ᠦᠶ᠎ᠡ ᠠᠯᠤᠰᠯᠠᠨ ᠠᠰᠠᠷᠠᠨ ᠲᠡᠵᠢᠭᠡᠬᠦ ᠳᠤᠲᠠᠭᠳᠠᠯ ᠵᠢᠴᠢ ᠥᠪᠡᠷ ᠢ ᠪᠠᠨ ᠡᠶᠢᠮᠦ ᠨᠢᠭᠡᠨ ᠭᠡᠷ ᠪᠦᠯᠢ ᠳᠤ ᠲᠦᠷᠦᠭᠰᠡᠨ ᠳᠡᠭᠡᠨ ᠭᠤᠲᠤᠷᠠᠵᠤ᠂ ᠬᠡᠦᠬᠡᠳ ᠢ ᠭᠤᠲᠤᠷᠠᠩᠭᠤᠢ᠂ ᠬᠤᠪᠢᠨᠴᠢᠷ᠂ ᠨᠡᠷᠡᠯᠬᠡᠭ᠂ ᠠᠯᠵᠠᠭᠤ ᠵᠠᠯᠬᠠᠭᠤ᠂ ᠰᠥᠷᠭᠡᠦ  ᠵᠠᠩ ᠠᠭᠠᠰᠢ ᠲᠠᠢ ᠪᠣᠯᠭᠠᠵᠠᠶ᠃ ᠨᠠᠰᠤᠨ ᠤ ᠨᠡᠮᠡᠭᠳᠡᠬᠦ ᠶᠢ ᠳᠠᠭᠠᠯᠳᠤᠨ ᠤᠯᠠᠮ ᠠᠴᠠ ᠤᠯᠠᠮ ᠠᠮᠢᠳᠤᠷᠠᠯ ᠳᠤ ᠢᠲᠡᠭᠡᠯ ᠠᠯᠳᠠᠵᠤ᠂ ᠲᠡᠷᠰᠯᠡᠬᠦ ᠰᠡᠳᠬᠢᠯᠭᠡ ᠠᠴᠠ ᠪᠠᠨ ᠡᠳᠦᠷ ᠪᠦᠷᠢ ᠡᠮᠡᠭᠡ ᠲᠠᠢ ᠪᠠᠨ ᠬᠡᠷᠡᠯᠳᠦᠵᠦ᠂ ᠭᠠᠷ ᠤᠲᠠᠰᠤ ᠨᠠᠭᠠᠳᠬᠤ ᠠᠴᠠ ᠥᠭᠡᠷ᠎ᠡ ᠶᠠᠭᠤ ᠴᠤ ᠬᠢᠬᠦ ᠦᠭᠡᠢ᠃ ᠰᠤᠷᠤᠯᠭ᠎ᠠ ᠪᠠᠨ ᠠᠯᠢ ᠬᠡᠳᠦᠶᠢᠨ ᠠᠷᠤ ᠳᠤ ᠬᠠᠶᠠᠵᠤ᠂ ᠪᠠᠭ᠎ᠠ ᠰᠤᠷᠭᠠᠭᠤᠯᠢ ᠵᠢᠨ‌ᠨᠢᠭᠡᠳᠦᠭᠡᠷ ᠣᠨ ᠠᠴᠠ ᠠᠩᠬ᠎ᠠ ᠳᠤᠮᠳᠠᠳᠤ ᠶᠢᠨ ᠨᠢᠭᠡᠳᠦᠭᠡᠷ ᠣᠨ ᠬᠦᠷᠲᠡᠯ᠎ᠡ ᠪᠦᠬᠦ ᠠᠩᠭᠢ ᠶᠢᠨ ᠢᠶᠠᠨ ᠠᠳᠠᠭ ᠰᠡᠭᠦᠯ ᠳᠤᠨᠢ ᠣᠷᠤᠭᠰᠠᠭᠠᠷ ᠢᠷᠡᠵᠡᠢ᠃ ᠭᠡᠷ ᠤᠨ ᠬᠢᠨᠢ ᠴᠣᠷ ᠤᠨ ᠭᠠᠭᠴᠠ ᠬᠦᠰᠡᠯ ᠡᠷᠡᠮᠡᠯᠵᠡᠯ ᠨᠢ ᠪᠠᠶᠢᠭᠰᠠᠨ ᠨᠢ ᠵᠠᠮᠬᠠᠷᠠᠬᠤ ᠳᠤ ᠡᠪᠦᠭᠡ ᠡᠮᠡᠭᠡ ᠶᠢᠨ ᠬᠢᠨᠢ ᠰᠡᠳᠬᠢᠯ ᠤᠨ ᠵᠣᠪᠠᠯᠠᠩ ᠪᠣᠯᠵᠠᠢ᠃    2019 ᠣᠨ ᠤ 8 ᠰᠠᠷ᠎ᠠ ᠳᠤ᠂ ᠬᠡᠷ ᠪᠦᠯᠢ ᠶᠢᠨ ᠰᠤᠷᠭᠠᠨ ᠬᠥᠮᠦᠵᠢᠯ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ ᠬᠤᠸᠠᠳᠧ ᠳᠤ ᠨᠠᠶᠢᠳᠠᠪᠤᠷᠢᠵᠢᠵᠤ᠂ ᠶᠠᠨ ᠸᠧᠶ ᠵᠣᠯ ᠢᠶᠠᠷ ︽ᠬᠡᠷ ᠪᠦᠯᠢ ᠶᠢᠨ ᠰᠤᠷᠭᠠᠨ ᠬᠥᠮᠦᠵᠢᠯ ᠤᠨ ᠣᠨᠴᠠ ᠬᠦᠴᠢᠷᠳᠡᠯᠲᠡᠢ ᠵᠢᠴᠢ ᠬᠡᠷ ᠢᠶᠠᠨ ᠰᠠᠬᠢᠵᠤ ᠬᠤᠴᠣᠷᠤᠭᠰᠠᠨ ᠵᠡᠮᠳᠡᠭ ᠬᠡᠤᠬᠡᠳ ᠢ ᠬᠠᠪᠰᠤᠷᠤᠨ ᠲᠡᠳᠬᠦᠬᠦ ᠲᠥᠷᠥᠯ  ᠵᠦᠢᠯ︾ ᠤᠨ ᠠᠩᠬᠠᠳᠠᠭᠴᠢ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠡᠲᠡᠭᠡᠳ ᠪᠣᠯᠵᠠᠶ᠃    ᠨᠢᠳᠤᠨᠤᠨ ᠤ 9 ᠰᠠᠷ᠎ᠠ ᠳᠤ ᠶᠠᠨ ᠸᠧᠶ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠠᠩᠭᠢ︾ ᠳᠤ ᠣᠷᠣᠵᠤ᠂ ᠪᠠᠭᠰᠢ ᠶᠢᠨ ᠨᠠᠷᠢᠨ ᠨᠢᠮᠪᠠᠶ ᠬᠥᠮᠦᠵᠢᠭᠦᠯᠦᠯ ᠳᠣᠣᠷ᠎ᠠ᠂ ᠰᠡᠳᠬᠢᠴᠡ ᠶᠢᠨ ᠵᠢᠯᠣᠭᠤᠳᠤᠯᠭ᠎ᠠ᠂ ᠦᠢᠯᠡ ᠠᠵᠢᠯᠯᠠᠭᠠᠨ ᠤ ᠳᠦᠷᠢᠮᠵᠢᠯ᠂ ᠶᠣᠰᠣ ᠮᠣᠷᠠᠯ᠂ ᠤᠶᠠᠷᠠᠭᠤᠯᠤᠨ ᠤᠬᠠᠭᠠᠷᠠᠭᠤᠯᠬᠤ ᠬᠥᠮᠦᠵᠢᠯ᠂ ᠣᠷᠣᠰᠢᠨ ᠲᠣᠭᠲᠠᠨᠢᠬᠤ ᠴᠢᠳᠠᠪᠤᠷᠢ᠂ ᠰᠠᠭᠤᠷᠢ ᠮᠡᠳᠡᠯᠭᠡ ᠵᠡᠷᠭᠡ ᠲᠠᠯ᠎ᠠ ᠠᠴᠠ ᠰᠢᠰᠲ᠋ᠧᠮ ᠲᠠᠢ ᠰᠤᠷᠤᠯᠴᠠᠵᠤ᠂ ᠶᠠᠨ ᠸᠧᠢ ᠶᠢᠨ ᠬᠤᠭᠤᠴᠠᠭᠠᠨ ᠳᠤᠮᠳᠠᠬᠢ ᠰᠢᠯᠭᠠᠯᠲᠠ ᠨᠢ ᠪᠦᠬᠦ ᠠᠩᠭᠢ ᠶᠢᠨ ᠠᠳᠠᠭ ᠪᠠᠶᠢᠭᠰᠠᠨ ᠠᠴᠠ ᠪᠠᠨ ᠡᠮᠦᠨ᠎ᠡ ᠳᠣᠯᠣᠳᠤᠭᠠᠷ ᠨᠡᠷᠡᠰ ᠲᠤ ᠰᠢᠯᠭᠠᠵᠤ᠂ ᠬᠤᠭᠤᠴᠠᠭᠠᠨ ᠡᠴᠦᠰ ᠲᠤ ᠡᠮᠦᠨ᠎ᠡ ᠲᠠᠪᠤᠳᠤᠭᠠᠷ ᠨᠡᠷᠡᠰ ᠲᠤ ᠰᠢᠯᠭᠠᠪᠠ᠃ ᠬᠡᠦᠬᠡᠳ ᠢᠲᠡᠭᠡᠯ ᠵᠣᠷᠢᠭ ᠨᠢ ᠴᠢᠩᠭᠠᠷᠠᠵᠤ᠄ ᠭᠡᠷ ᠤᠨ ᠠᠵᠢᠯ ᠬᠥᠳᠡᠯᠮᠦᠷᠢ ᠬᠢᠵᠦ ᠲᠣᠭᠤᠭ᠎ᠠ ᠤᠬᠢᠶᠠᠵᠤ ᠬᠤᠭᠤᠯᠠ ᠬᠢᠬᠦ ᠠᠯᠢ ᠶᠢ ᠨᠢ ᠴᠤ ᠬᠢᠨ᠎ᠡ᠂ ᠰᠤᠷᠤᠯᠭ᠎ᠠ ᠶᠢᠨ ᠤᠷᠮ᠎ᠠ ᠪᠠᠬ᠎ᠠ ᠨᠢ ᠰᠠᠶᠢᠵᠢᠷᠠᠵᠤ᠂ ᠵᠠᠩ ᠠᠭᠠᠰᠢ ᠨᠢ ᠴᠦ ᠰᠠᠶᠢᠨ ᠪᠣᠯᠵᠠᠶ ᠂ ᠡᠮᠡᠭᠡ ᠲᠠᠢ ᠪᠠᠨ ᠬᠡᠷᠡᠯᠳᠦᠬᠦ ᠪᠠᠨ ᠪᠣᠯᠢᠭᠰᠠᠨ᠂ ᠲᠡᠭᠦᠨ ᠤ ᠬᠤᠪᠢᠷᠠᠯᠲᠠ ᠶᠢ ᠭᠡᠷ ᠤᠨ ᠬᠥᠮᠦᠰ ᠠᠴᠠ ᠨᠢ ᠪᠠᠭᠰᠢ᠂ ᠬᠠᠮᠲᠤ ᠰᠤᠷᠤᠭᠴᠢᠳ ᠨᠢ ᠪᠦᠷ ᠬᠠᠷᠠᠭᠰᠠᠭᠠᠷ ᠢᠷᠡᠭᠰᠡᠨ᠂ ᠶᠠᠨ ᠸᠧᠶ ᠣᠬᠤᠷᠬᠠᠨ ᠬᠡᠳᠦᠨ ᠰᠠᠷ᠎ᠠ ᠳᠤ᠂ ᠲᠤᠶᠢᠯᠪᠤᠷᠢᠲᠠᠢ ᠥᠭᠡᠷᠡᠴᠢᠯᠡᠭᠳᠡᠵᠦ᠂ ᠬᠦᠰᠡᠯ ᠮᠥᠷᠥᠭᠡᠳᠦᠯ ᠪᠣᠯᠣᠨ ᠡᠭᠦᠷᠭᠡᠯᠡᠯ ᠲᠠᠢ ᠪᠣᠯᠪᠠ᠃ ᠲᠦᠷᠦᠭᠦᠬᠡᠨ᠂ ᠶᠠᠨ ᠸᠧᠶ ᠪᠠᠰᠠ ᠤᠯᠠᠭᠠᠨᠴᠠᠪ ᠬᠤᠲᠠ ᠶᠢᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠢᠶᠠᠷ ᠦᠨᠡᠯᠡᠭᠳᠡᠪᠡ᠃    ᠰᠤᠷᠭᠠᠨ ᠬᠥᠮᠦᠵᠢᠯ ᠪᠣᠯ ᠤᠷᠲᠤ ᠤᠳᠠᠭᠠᠨ᠂ ᠬᠠᠲᠠᠭᠤ ᠪᠡᠷᠬᠡ ᠮᠥᠷᠲᠡᠭᠡᠨ ᠠᠭᠤᠤ ᠶᠡᠭᠡ ᠢᠨᠵᠧᠨᠧᠷᠢᠩ ᠮᠥᠨ ᠭᠡᠳᠡᠭ ᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠦᠨᠵᠡᠭᠡᠶ ᠣᠶᠢᠯᠠᠭᠠᠵᠤ᠂ ᠨᠢᠭᠡ ᠬᠡᠦᠬᠡᠳ ᠢ ᠰᠠᠶᠢᠲᠤᠷ ᠬᠦᠮᠦᠵᠢᠭᠦᠯᠬᠦ ᠨᠢ ᠭᠤᠷᠪᠠᠨ ᠦᠶ᠎ᠡ ᠶᠢᠨ ᠬᠢᠨ ᠢ ᠵᠢᠷᠭᠠᠭᠤᠯᠤᠨ᠎ᠠ᠂ ᠰᠤᠷᠭᠠᠨ ᠬᠦᠮᠦᠵᠢᠯ ᠢ ᠦᠴᠦᠭᠡᠨ ᠴᠤ ᠰᠤᠯᠠᠷᠠᠭᠤᠯᠵᠤ ᠪᠣᠯᠬᠤ ᠦᠭᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠭᠡᠷ ᠪᠦᠯᠢ ᠶᠢᠨ ᠰᠤᠷᠭᠠᠨ ᠬᠥᠮᠦᠵᠢᠯ ᠤᠨ ᠠᠬᠢᠴᠠ ᠶᠢᠨ ᠪᠠᠶᠢᠳᠠᠯ ᠢ ᠰᠠᠨᠠᠭᠠᠯᠵᠠᠭᠰᠠᠭᠠᠷ ᠢᠷᠡᠵᠡᠶ᠃ 2020 ᠣᠨ ᠤ 4 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠲᠡᠷᠡ ᠴᠠᠭ ᠢᠶᠠᠨ ᠰᠢᠬᠠᠨ ᠭᠠᠷᠭᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠬᠡᠰᠡᠭ ᠪᠠᠭᠰᠢ ᠰᠤᠷᠤᠭᠴᠢ᠂ ᠭᠡᠷ ᠤᠨ ᠠᠬᠠᠮᠠᠳ ᠢ ᠳᠠᠭᠠᠭᠤᠯᠤᠨ ᠶᠠᠨ ᠸᠧᠢ ᠶᠢᠨ ᠭᠡᠷ ᠲᠤ ᠬᠦᠷᠴᠦ  ᠬᠠᠮᠲᠤ ᠶᠢᠨ ᠰᠠᠶᠢᠨ ᠳᠤᠷ᠎ᠠ ᠶᠢᠨ ᠬᠥᠳᠡᠯᠮᠦᠷᠢ ᠬᠢᠪᠡ᠃ ᠢᠷᠡᠬᠦ ᠠᠴᠠ ᠪᠠᠨ ᠡᠮᠦᠨ᠎ᠡ ᠶᠠᠨ ᠸᠧᠶ ᠶᠢᠨ ᠡᠪᠦᠭᠡ ᠡᠮᠡᠭᠡ ᠳᠤ ᠬᠡᠯᠡᠭᠰᠡᠨ ᠦᠭᠡᠢ ᠪᠣᠯᠬᠤᠷ᠂ ᠲᠡᠳᠡ ᠸᠠᠩ ᠪᠢᠩ ᠱᠦᠵᠢ ᠲᠡᠭᠦᠨ ᠢ ᠬᠠᠪᠰᠤᠷᠬᠤ ᠪᠠᠷ ᠢᠷᠡᠭᠰᠡᠨ ᠢ ᠮᠡᠳᠡᠭᠡᠳ ᠲᠡᠷᠡ ᠭᠱᠠᠨ ᠰᠡᠳᠬᠢᠯ ᠳᠤᠭᠳᠤᠯᠠᠭᠠᠳ ᠦᠭᠡ ᠪᠠᠨ ᠬᠡᠯᠡᠵᠦ ᠭᠠᠷᠬᠤ ᠦᠭᠡᠢ ᠪᠠᠶᠢᠯ᠎ᠠ᠃    ᠸᠠᠩ ᠪᠢᠩ ᠱᠦᠵᠢ ᠲᠡᠳᠦᠶ ᠣᠯᠠᠨ ᠮᠡᠨᠳᠦᠴᠢᠯᠡᠭᠡ ᠬᠢᠭᠡ ᠦᠭᠡᠢ᠂ ᠬᠡᠤᠬᠡᠳ ᠤᠨ ᠪᠠᠶᠢᠳᠠᠯ ᠢ ᠨᠠᠷᠢᠨ ᠠᠰᠠᠭᠤᠭᠰᠠᠨ ᠤ ᠳᠠᠷᠠᠭ᠎ᠠ ᠥᠪᠡᠷ ᠤᠨ ᠪᠡᠶ᠎ᠡ ᠪᠠᠷ ᠢᠶᠠᠨ ᠲᠦᠷᠦᠭᠦᠯᠡᠨ ᠬᠦᠳᠡᠯᠮᠤᠷᠢᠯᠡᠵᠦ᠂  ᠬᠤᠨᠢᠨ ᠤ ᠬᠤᠷᠢᠶ᠎ᠡ ᠱᠦᠭᠦᠷᠳᠡᠵᠦ ᠬᠤᠭ ᠬᠤᠷᠭᠤᠤᠯ ᠠᠪᠤᠨ ᠬᠦᠷᠢᠶᠡᠨ ᠤ ᠭᠠᠳᠠᠨᠠᠬᠢ ᠬᠤᠭ ᠨᠣᠪᠰᠢ ᠶᠢ ᠴᠡᠪᠡᠷᠯᠡᠵᠡᠶ᠃ ᠲᠡᠷᠡ ᠡᠳᠦᠷ ᠰᠠᠯᠬᠢ ᠶᠡᠭᠡᠲᠡᠢ ᠲᠩᠷᠢ ᠬᠦᠢᠲᠡᠨ᠂ ᠬᠦᠮᠦᠰ ᠤᠨ ᠨᠢᠭᠤᠷ ᠠᠮᠠ ᠳᠤ ᠪᠦᠷ  ᠬᠤᠭ ᠲᠣᠭᠤᠰᠤ᠂ ᠨᠢᠭᠡ ᠰᠢᠶᠠᠨ ᠤ ᠨᠣᠶᠠᠨ ᠪᠣᠯᠤᠭᠰᠠᠨ ᠤ ᠬᠤᠪᠢ ᠳᠤ ᠠᠯᠪᠠ ᠠᠯᠪᠠᠨ ᠳᠤ ᠪᠠᠷᠢᠭᠳᠠᠭᠰᠠᠨ ᠶᠠᠭᠠᠷᠠᠯᠲᠠᠶ ᠴᠠᠭ ᠢᠶᠠᠨ ᠭᠠᠷᠭᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠣᠯᠠᠨ ᠢ ᠳᠠᠭᠠᠭᠤᠯᠤᠨ ᠨᠡᠶᠢᠲᠡ ᠶᠢᠨ ᠠᠰᠠᠷᠠᠮᠵᠢ ᠶᠢᠨ ᠦᠢᠯᠡᠰ ᠡᠷᠬᠢᠯᠡᠬᠦ ᠨᠢ ᠬᠥᠮᠦᠨ ᠪᠦᠬᠦᠨ ᠢ ᠨᠦᠯᠦᠭᠡᠯᠡᠵᠡᠢ᠃ ᠭᠤᠷᠪᠠᠨ ᠴᠠᠭ ᠰᠢᠬᠠᠮ ᠤᠨ ᠬᠥᠳᠡᠯᠮᠦᠷᠢ ᠳᠠᠭᠤᠰᠪᠠ᠃ ᠭᠡᠷ ᠤᠨ ᠠᠬᠠᠮᠠᠳ ᠪᠣᠯᠤᠨ ᠬᠡᠤᠬᠡᠳ ᠤᠳ ᠥᠪᠡᠷ ᠤᠨ ᠲᠦᠷᠦᠭᠳᠡᠯ ᠣᠶᠢᠯᠠᠭᠠᠯᠲᠠ ᠢᠶᠠᠨ ᠬᠤᠪᠢᠶᠠᠯᠴᠠᠨ ᠴᠢᠨᠠᠭᠰᠢᠳᠠ ᠦᠷᠭᠦᠯᠵᠢ ᠶᠢᠨ ᠴᠢᠨᠠᠷᠲᠠᠢ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠳᠤ ᠣᠷᠣᠯᠴᠠᠬᠤ ᠶᠢ ᠬᠦᠰᠡᠨ᠎ᠡ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠥᠪᠡᠷ ᠤᠨ ᠠᠮᠢ ᠨᠠᠰᠤ ᠪᠠᠨ ᠨᠡᠩ ᠤᠳᠬ᠎ᠠ ᠠᠭᠤᠯᠭ᠎ᠠ  ᠲᠠᠢ᠂ ᠭᠡᠷᠡᠯ ᠭᠡᠭᠡ ᠪᠠᠷ ᠳᠦᠭᠦᠷᠭᠡᠵᠦ᠂ ᠪᠤᠰᠤᠳ ᠢ ᠳᠤᠯᠠᠭᠠᠴᠠᠭᠤᠯᠤᠨ᠎ᠠ᠃ ᠬᠤᠸᠠᠳᠧ ᠰᠢᠶᠠᠨ ᠤ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠳᠠᠭᠠᠭᠤᠯᠤᠭᠴᠢ ᠪᠤᠯᠵᠤ᠂ ᠡᠨᠡ ᠤᠳᠠᠭᠠᠨ ᠤ ᠬᠠᠮᠲᠤ ᠶᠢᠨ ᠰᠠᠶᠢᠨ ᠳᠤᠷ᠎ᠠ ᠶᠢᠨ ᠬᠥᠳᠡᠯᠮᠦᠷᠢ ᠨᠢ ᠬᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃                 ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                 ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2