5 ᠰᠠᠷ᠎ᠠ ᠶᠢᠨ 22 ᠤᠨ ᠡᠳᠦᠷ᠂ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠶᠡᠷᠦᠩᠬᠡᠢ ᠱᠦᠵᠢ ᠰᠢ ᠶᠢᠨ ᠫᠢᠩ | ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠪᠠ᠃ | ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ | ᠠᠷᠠᠳ ᠲᠦᠮᠡᠨ ᠳᠤ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠶ ᠪᠤᠶᠠᠨ ᠦᠢᠯᠡᠳᠦᠨ᠂ ᠠᠷᠠᠳ ᠲᠦᠮᠡᠨ ᠤ | ᠳᠤᠮᠳᠠ ᠭᠦᠨᠵᠡᠭᠡᠶᠢᠷᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠰᠢᠢᠳᠪᠤᠷᠢᠲᠣ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠪᠣᠳᠠᠲᠠᠶ | ᠠᠵᠢᠯ ᠳᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠬᠦ ᠳᠤᠮᠳᠠ ᠨᠠᠶᠢᠳᠠᠪᠤᠷᠢᠵᠢᠭᠤᠯᠬᠤ ᠭᠡᠷᠡᠭᠲᠡᠢ᠃ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ | ᠪᠠᠶᠢᠵᠤ᠂ ᠤᠯᠠᠨ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ᠃ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ | ᠲᠤᠬᠠᠶ ᠶᠢᠨ ᠲᠠᠯᠠᠪᠠᠢ ᠳᠤ ᠶᠠᠷᠢᠶ᠎ᠠ ᠲᠠᠯᠪᠢᠭᠰᠠᠨ 5 ᠲᠦᠯᠦᠭᠡᠯᠡᠭᠴᠢ ᠶᠢ ᠰᠤᠷᠪᠤᠯᠵᠢᠯᠠᠪᠠ᠃ ᠲᠥᠯᠥᠭᠡᠯᠡᠭᠴᠢᠳ᠂ ᠬᠦᠰᠡᠯ | ᠨᠠᠶᠢᠳᠠᠯᠭ᠎ᠠ ᠶᠢ ᠵᠠᠪᠠᠯ ᠪᠠᠲᠤ ᠴᠡᠭᠡᠵᠢᠯᠡᠵᠦ᠂ ᠢᠮᠠᠭᠲᠠ ᠠᠷᠠᠳ ᠤᠯᠠᠨ ᠲᠠᠢ ᠰᠠᠨᠠᠭ᠎ᠠ ᠪᠤᠳᠤᠯ ᠢᠶᠠᠨ ᠨᠢᠭᠡᠳᠬᠡᠵᠦ᠂ ᠬᠤᠪᠢ | ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠨᠡᠩ ᠶᠡᠭᠡ ᠬᠠᠯᠠᠭᠤᠨ ᠰᠡᠳᠬᠢᠯᠭᠡ ᠪᠠᠷ ᠠᠷᠠᠳ | ᠲᠦᠮᠡᠨ ᠳᠤ ᠪᠤᠶᠠᠨ ᠦᠢᠯᠡᠳᠬᠦ ᠠᠭᠤᠤ ᠶᠡᠭᠡ ᠦᠢᠯᠡᠳᠦᠯᠭᠡ ᠳᠤ ᠣᠷᠤᠯᠴᠠᠨ᠎ᠠ ᠭᠡᠵᠦ ᠢᠯᠡᠳᠬᠡᠵᠡᠭᠡᠪᠡ᠃ | ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ — | ᠠᠷᠠᠳ ᠲᠦᠮᠡᠨ ᠠᠮᠤᠷ ᠵᠢᠮᠦᠷ ᠠᠵᠤ ᠲᠦᠷᠦᠭᠦ᠂ ᠶᠡᠷᠦᠳᠡ ᠶᠢᠨ ᠠᠮᠢᠳᠤᠷᠠᠯ ᠢ ᠨᠢ ᠢᠮᠠᠭᠲᠠ ᠰᠡᠳᠬᠢᠯ ᠳᠡᠭᠡᠨ ᠪᠣᠳᠣᠵᠤ | ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ | ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠵᠡᠷᠭᠡ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠨᠢᠭᠡᠳ ᠨᠢᠭᠡ ᠪᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ | ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠪᠡ᠃ | | ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ | ᠲᠦᠯᠦᠭᠡᠯᠡᠭᠴᠢ ᠬᠡᠯᠡᠬᠦ ᠳᠡᠭᠡᠨ᠂ ︽ᠥᠨᠥᠳᠦᠷ ᠪᠢ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠬᠠᠷᠢᠭᠤ ᠮᠡᠳᠡᠭᠦᠯᠵᠡᠢ᠂ ᠶᠡᠷᠦᠩᠬᠡᠢ ᠱᠦᠵᠢ ᠮᠠᠰᠢ ᠨᠠᠷᠢᠨ ᠲᠣᠳᠣᠷᠬᠠᠢ ᠠᠰᠠᠭᠤᠵᠠᠢ᠃︾ ᠶᠡᠷᠦᠩᠬᠡᠶ ᠱᠦᠵᠢ | ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠮᠠᠰᠢ ᠬᠠᠯᠠᠮᠵᠢᠯᠠᠵᠤ᠂ ᠦᠨᠳᠦᠰᠦᠨ | ᠱᠠᠲᠤᠨ ᠤ ᠪᠠᠶᠢᠳᠠᠯ ᠢ ᠴᠤ ᠮᠠᠰᠢ ᠣᠶᠢᠯᠠᠭᠠᠵᠤ ᠪᠠᠶᠢᠨ᠎ᠠ᠂ ︽ᠪᠢᠳᠡ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢ ᠡᠨᠡ ᠵᠢᠯ ᠤᠨ ᠠᠵᠢᠯ ᠤᠨ ᠴᠢᠬᠤᠯᠠ ᠭᠤᠣᠯᠳᠠᠯᠭ᠎ᠠ ᠪᠣᠯᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠹᠧᠶ ᠳ᠋ᠦᠩ ᠪᠢᠨ ᠬᠡᠯᠡᠬᠦ ᠳᠡᠭᠡᠨ᠂ ᠣᠳᠣᠬᠠᠨ ᠳᠤ ᠤᠯᠠᠭᠠᠨᠴᠠᠪ ᠬᠤᠲᠠ ᠶᠠᠳᠠᠭᠤ ᠠᠴᠠ | ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠵᠡᠷᠭᠡ 2.1 ᠲᠦᠮᠡᠨ ᠬᠥᠮᠦᠨ ᠳᠤ ᠬᠥᠳᠡᠯᠦᠩᠭᠦᠶ ᠪᠠᠷ ᠬᠢᠨᠠᠨ ᠬᠡᠮᠵᠢᠯᠲᠡ | ᠬᠢᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ︽ᠳᠥᠷᠪᠡ ᠶᠢ ᠥᠯᠥ ᠲᠠᠶᠠᠭᠳᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠭᠦᠯᠵᠦ ᠪᠠᠶᠢᠨ᠎ᠠ᠃ | ︽ᠶᠠᠳᠠᠭᠤᠷᠠᠬᠤ ᠶᠢ ᠰᠡᠷᠭᠡᠶᠢᠯᠡᠬᠦ ᠶᠢ ᠪᠠᠲᠤᠯᠠᠬᠤ︾ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠵᠠᠰᠠᠭ ᠤᠨ | ᠣᠷᠳᠣᠨ + ᠳᠠᠭᠠᠳᠬᠠᠯ ᠤᠨ ᠺᠣᠮᠫᠠᠨᠢ︾ ᠶᠢᠨ ᠵᠠᠭᠪᠤᠷ ᠢ ᠠᠪᠴᠤ᠂ ᠶᠠᠳᠠᠭᠤ ᠬᠦᠴᠢᠷᠳᠡᠯᠲᠡᠢ ᠬᠦᠮᠦᠨ ᠤ ᠲᠣᠭᠠᠨ ᠳᠤ | ᠣᠷᠤᠬᠤ ᠪᠣᠯᠤᠮᠵᠢ ᠲᠠᠢ ᠣᠯᠠᠨ ᠲᠦᠮᠡᠨ ᠳᠤ ᠨᠢᠭᠡ ᠶᠣᠰᠤᠨ ᠤ ᠳᠠᠭᠠᠳᠬᠠᠯ ᠬᠠᠩᠭᠠᠵᠤ ᠪᠠᠶᠢᠨ᠎ᠠ᠃ | ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠢᠯ ᠳᠠᠷᠠᠭᠠᠯᠠᠨ ᠠᠵᠢᠯᠯᠠᠨ᠎ᠠ᠃ ᠤᠯᠠᠭᠠᠨᠴᠠᠪ ᠬᠤᠲᠠ | ᠨᠢᠭᠡ ᠲᠠᠯ᠎ᠠ ᠪᠠᠷ ᠦᠨᠳᠦᠰᠦᠨ ᠱᠠᠲᠤᠨ ᠤ ᠨᠠᠮ ᠤᠨ ᠡᠭᠦᠷ ᠢ ᠰᠠᠶᠢᠲᠤᠷ ᠪᠠᠶᠢᠭᠤᠯᠵᠤ᠂ ᠨᠦᠭᠦᠭᠡ ᠲᠠᠯ᠎ᠠ ᠪᠠᠷ ᠶᠠᠳᠠᠭᠤ ᠠᠴᠠ | ᠠᠩᠭᠢᠵᠢᠷᠠᠭᠤᠯᠬᠤ ᠢᠷᠠᠭᠤ ᠠᠯᠳᠠᠷᠲᠠᠢ ᠵᠥᠪ ᠴᠢᠭᠯᠡᠯ ᠤᠨ ᠵᠣᠷᠢᠭᠵᠢᠭᠤᠯᠤᠯ ᠢ ᠴᠢᠩᠭᠠᠳᠬᠠᠵᠤ᠂ ᠶᠠᠳᠠᠭᠤ ᠬᠦᠴᠢᠷᠳᠡᠯᠲᠡᠢ | ᠡᠷᠤᠬᠡ ᠶᠢ ᠬᠦᠲᠦᠯᠦᠨ ᠵᠢᠯᠣᠭᠤᠳᠴᠤ ᠥᠪᠡᠷ ᠤᠨ ᠬᠦᠴᠦ ᠪᠠᠷ ᠵᠶ᠋ᠠᠨᠲ᠋ᠡᠭᠵᠢᠷᠡᠬᠦ᠂ ᠠᠵᠢᠯᠴᠢ ᠬᠥᠳᠡᠯᠮᠦᠷᠢᠴᠢ ᠪᠠᠷ | ᠪᠠᠶᠠᠵᠢᠬᠤ ᠶᠢ ᠬᠦᠳᠦᠯᠦᠨ ᠵᠢᠯᠣᠭᠤᠳᠤᠨ᠎ᠠ᠃ ︽ᠪᠢᠳᠡᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠴᠢᠨᠠᠷ ᠰᠠᠶᠢᠲᠠᠢ ᠲᠡᠮᠡᠴᠡᠨ ᠣᠯᠬᠤ ᠡᠷᠡᠰ ᠬᠠᠲᠠᠭᠤ ᠢᠲᠡᠭᠡᠯ ᠵᠣᠷᠢᠭ ᠪᠠᠶᠢᠨ᠎ᠠ᠂ ᠠᠷᠠᠳ | ᠤᠯᠠᠨ ᠳᠤ ᠬᠤᠪᠢᠷᠠᠯᠲᠠ ᠶᠢ ᠬᠠᠷᠠᠭᠤᠯᠵᠤ᠂ ᠪᠤᠳᠠᠲᠠᠢ ᠠᠰᠢᠭ ᠬᠦᠷᠲᠡᠭᠡᠨ᠎ᠡ᠃ ᠶᠡᠷᠦᠩᠬᠡᠢ ᠱᠦᠵᠢ ᠰᠠᠨᠠᠭ᠎ᠠ ᠠᠮᠤᠷ ᠪᠠᠶᠢᠵᠤ᠂ | ᠨᠠᠮ ᠤᠨ ᠲᠥᠪ ᠬᠤᠷᠢᠶ᠎ᠡ ᠰᠠᠨᠠᠭ᠎ᠠ ᠠᠮᠤᠷ ᠪᠠᠶᠢᠭᠠᠷᠠᠢ᠃︾ ᠭᠡᠵᠦ ᠹᠸᠢ ᠳ᠋ᠦᠩ ᠪᠢᠨ ᠬᠡᠯᠡᠪᠡ᠃ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |