ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠢ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2020-05-25
5 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠢ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠣᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠡ᠃
   ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠨᠢ ᠭᠠᠵᠠᠷ ᠰᠢᠷᠣᠶ ᠶᠢᠨ ᠡᠷᠬᠡ ᠶᠢ ᠨᠣᠲᠠᠯᠠᠬᠤ ᠠᠰᠠᠭᠤᠳᠠᠯ᠂ ᠭᠠᠳᠠᠭᠰᠢ ᠭᠠᠷᠤᠭᠰᠠᠨ ᠡᠷᠦᠬᠡ ᠶᠢᠨ ᠨᠤᠲᠤᠭ ᠲᠠᠭᠠᠨ ᠪᠤᠴᠠᠵᠤ ᠬᠡᠷ ᠪᠠᠷᠢᠬᠤ ᠠᠰᠠᠭᠤᠳᠠᠯ᠂ ᠰᠢᠤᠸᠠᠢ ᠹᠦ᠋ ᠰᠢᠨ ᠴᠧᠩ ᠰᠠᠭᠤᠭᠠᠯᠢ ᠲᠣᠭᠤᠷᠢᠭ ‍ᠤᠨ‌ᠤᠰᠤ ᠴᠠᠬᠢᠯᠭᠠᠨ ᠬᠠᠩᠭᠠᠬᠤ ᠪᠠ ᠳᠤᠯᠠᠭᠠᠯᠠᠭ᠎ᠠ ᠬᠠᠩᠭᠠᠬᠤ ᠵᠡᠷᠭᠡ ᠠᠰᠠᠭᠤᠳᠠᠯ ᠳᠤ ᠬᠤᠯᠪᠣᠭᠳᠠᠵᠤ ᠪᠠᠶᠢᠨ᠎ᠠ᠃
   ᠰᠤᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠼᠦᠢ ᠢᠦᠶ ᠯᠠᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠨᠢᠭᠡᠪᠦᠷᠢ ᠶᠢ ᠴᠥᠮ ᠨᠠᠷᠢᠨ ᠲᠣᠳᠣᠷᠬᠠᠶ ᠲᠡᠮᠳᠡᠭᠯᠡᠵᠦ ᠠᠪᠤᠨ᠎ᠠ᠃ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠤ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠲᠤᠰᠬᠠᠭᠰᠠᠨ ᠤᠴᠢᠷ ᠰᠢᠯᠲᠠᠭᠠᠨ ᠢ ᠲᠣᠳᠣᠯᠠᠭᠰᠠᠨ ᠤ ᠳᠠᠷᠠᠭ᠎ᠠ᠂ ᠼᠦᠢ ᠢᠦᠶ ᠯᠠᠶ ᠣᠯᠠᠨ ᠲᠦᠮᠡᠨ ᠤ ᠲᠤᠰᠬᠠᠭᠰᠠᠨ ᠠᠰᠠᠭᠤᠳᠠᠯ ᠤᠨ ᠦᠨᠳᠦᠰᠦ ᠰᠤᠷᠪᠤᠯᠵᠢ ᠶᠢ ᠨᠠᠷᠢᠨ ᠨᠢᠮᠪᠠᠶ ᠡᠷᠢᠵᠤ᠂ ᠵᠥᠷᠢᠴᠡᠯ ᠢ ᠨᠠᠮᠳᠠᠭᠤᠯᠵᠤ᠂ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠴᠢᠷᠮᠠᠶᠢᠵᠤ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠰᠡᠵᠢᠭ ᠢ ᠨᠢ ᠲᠠᠶᠢᠯᠪᠤᠷᠢᠯᠠᠵᠤ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠤᠨ᠎ᠠ᠃
   ᠲᠡᠷᠡ ᠳᠠᠷᠤᠶ ᠳᠤᠨᠢ ᠰᠢᠢᠳᠪᠤᠷᠢᠯᠡᠵᠦ ᠴᠢᠳᠠᠬᠤ ᠠᠰᠠᠭᠤᠳᠠᠯ ᠢ ᠼᠦᠢ ᠢᠦᠶ ᠯᠠᠶ ᠬᠤᠯᠪᠣᠭᠳᠠᠬᠤ ᠨᠢᠭᠡᠴᠡ ᠶᠢᠨ ᠬᠠᠷᠢᠭᠤᠴᠠᠯᠭᠠᠲᠠᠨ ᠲᠠᠢ ᠰᠤᠳᠤᠯᠤᠨ ᠰᠢᠢᠳᠪᠤᠷᠢᠯᠡᠬᠦ ᠰᠠᠨᠠᠯ ᠢ ᠵᠦᠪᠳᠡᠯᠴᠡᠨ᠂ ᠲᠤᠬᠠᠶ ᠶᠢᠨ ᠲᠠᠯᠠᠪᠠᠢ ᠳᠤ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠡᠯ᠎ᠡ ᠬᠠᠮᠢᠶ᠎ᠠ ᠪᠦᠬᠦᠢ ᠨᠢᠭᠡᠴᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠥᠷᠳᠡᠨ ᠦᠢᠯᠡᠴᠢᠯᠡᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠤᠷᠢᠯᠡᠬᠦ ᠬᠡᠷᠡᠭᠲᠡᠢ ᠭᠡᠵᠦ ᠱᠠᠭᠠᠷᠳᠠᠪᠠ᠃ ᠤᠯᠠᠮ ᠨᠢᠭᠡ ᠠᠯᠬᠤᠮ ᠪᠠᠶᠢᠴᠠᠭᠠᠨ ᠭᠡᠷᠡᠴᠢᠯᠡᠵᠦ ᠵᠥᠪᠳᠡᠯᠴᠡᠬᠦ ᠴᠢᠬᠤᠯᠠᠲᠠᠶ ᠠᠰᠠᠭᠤᠳᠠᠯ ᠤᠨ ᠲᠤᠬᠠᠶ᠂ ᠼᠦᠢ ᠢᠦᠶ ᠯᠠᠶ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠪᠠ ᠶᠣᠰᠣ ᠤᠴᠢᠷ ᠢ ᠲᠣᠳᠣᠷᠬᠠᠶ ᠶᠠᠷᠢᠵᠤ ᠥᠭᠬᠦ ᠶᠢᠨ ᠬᠠᠮᠲᠤ ᠣᠨᠣᠪᠴᠢᠲᠠᠶ ᠬᠠᠷᠢᠭᠤᠯᠲᠠ ᠥᠭᠴᠦ᠂ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠴᠢᠷᠮᠠᠶᠢᠨ ᠣᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠬᠠᠮᠠᠭᠠᠯᠠᠵᠤ᠂ ᠵᠥᠷᠢᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠪᠠ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠮᠠᠨ ᠤ ᠰᠢᠶᠠᠨ ᠤ ᠨᠡᠶᠢᠭᠡᠮ ᠤᠨ ᠣᠷᠴᠢᠨ ᠨᠥᠬᠦᠴᠡᠯ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃                                                          ᠣᠷᠴᠢᠭᠤᠯᠤᠭᠴᠢ᠄ ᠭᠡᠷᠡᠯ                ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2