ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠴᠠᠩᠱᠦ᠋ᠨ ᠪᠠᠯᠭᠠᠰᠤ᠂ ᠴᠤᠤᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020-05-25
   5 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠴᠠᠩᠱᠦ᠋ᠨ ᠪᠠᠯᠭᠠᠰᠤ᠂ ᠴᠤᠤᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠴᠤᠤᠶᠠᠩ ᠪᠠᠯᠭᠠᠰᠤᠨ ᠤ ᠨᠢᠭᠡᠳᠦᠭᠡᠷ ᠱᠦᠵᠢ ᠵᠠᠩ ᠸᠠᠨ ᠲᠠᠩ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠰᠢᠶᠤᠤ ᠵᠧᠨ ᠢᠦᠢ ᠪᠠᠶᠢᠴᠠᠭᠠᠨ ᠰᠣᠳᠤᠯᠤᠯᠲᠠ ᠳᠤ ᠣᠷᠣᠯᠴᠠᠪᠠ᠃
    ᠼᠦᠢ ᠢᠦᠶ ᠯᠠᠶ ᠵᠡᠷᠭᠡ ᠬᠥᠮᠦᠰ ᠤᠷᠢᠳ ᠬᠤᠵᠢᠳ ᠴᠠᠩᠱᠦ᠋ᠨ ᠪᠠᠯᠭᠠᠰᠤᠨ ᠤ ᠲᠣᠯᠤᠭᠠᠨᠬᠤᠳᠳᠤᠭ᠂ ᠰᠢᠶᠣᠣ ᠸᠧᠶ ᠽᠢ᠂ ᠰᠢᠩ ᠱᠧᠩ᠂ ᠳ᠋ᠦᠩ ᠭᠸᠦ᠂ ᠵᠢᠶᠠᠨ ᠱᠧ ᠲᠣᠰᠬᠤᠨ ᠳᠤ ᠭᠦᠨᠵᠡᠭᠡᠶᠢᠷᠡᠵᠦ᠂ ᠴᠤᠤᠶᠠᠩ ᠪᠠᠯᠭᠠᠰᠤᠨ ᠤ ᠰᠢᠨ ᠸᠧᠢ᠂ ᠨᠠᠨ ᠱᠦᠶ ᠴᠢᠤᠸᠠᠨ᠂ ᠪᠢᠶᠠᠨ ᠴᠢᠶᠠᠩ ᠴᠢᠦᠶ᠂ ᠰᠾᠢ ᠲᠠᠢ ᠹᠠᠩ ᠽᠢ᠂ ᠶᠢᠰᠦᠳᠦᠭᠡᠷ᠂ ᠰᠢ ᠱᠠᠨ᠂ ᠪᠠᠭᠠᠳᠤᠷ ᠤᠨ ᠣᠪᠤᠭ᠎ᠠ᠂ ᠮᠣᠰᠢᠭᠠᠢ ᠲᠣᠰᠬᠤᠨ ᠳᠤ ᠡᠯ᠎ᠡ ᠱᠠᠲᠤᠨ ᠤ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠭᠡᠷ ᠪᠠᠶᠢᠰᠢᠩ ᠤᠨ ᠶᠠᠰᠤ ᠴᠢᠨᠠᠷ ᠤᠨ ᠠᠰᠠᠭᠤᠳᠠᠯ ᠢ ᠰᠢᠨᠡᠳᠬᠡᠨ ᠵᠠᠰᠠᠬᠤ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠬᠤ ᠵᠢᠴᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠠᠶ᠃ ᠡᠭᠦᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠪᠠᠶᠢᠰᠢᠩ ᠢ  ᠰᠢᠨᠡᠳᠭᠡᠨ ᠵᠠᠰᠠᠬᠤ᠂ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
   ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠼᠦᠢ ᠢᠦᠶ ᠯᠠᠶ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠳᠤᠷᠢᠳᠬᠤ ᠪᠠᠭ ᠤᠨ ᠪᠦᠷᠢᠯᠳᠦᠬᠦᠨ ᠤ ᠬᠡᠰᠡᠭ ᠬᠤᠪᠢᠶᠠᠨ ᠠᠵᠢᠯᠯᠠᠭᠤᠯᠵᠤ ᠲᠣᠰᠬᠤᠨ ᠢ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠤᠶ ᠪᠦᠬᠦᠢ ᠰᠢᠶᠠᠩ ᠪᠠᠯᠭᠠᠰᠤᠨ ᠤ ᠺᠠᠳ᠋ᠷ ᠪᠣᠯᠤᠨ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯ ᠪᠠᠶᠢᠯᠳᠤᠭᠠᠨ ᠤ ᠲᠠᠯᠠᠪᠤᠷ ᠲᠤ ᠣᠷᠣᠯᠴᠠᠭᠤᠯᠬᠤ ᠬᠡᠷᠡᠭᠲᠡᠶ᠃ ᠬᠥᠮᠦᠨ ᠪᠦᠷᠢ ︽ᠭᠤᠣᠯ ᠲᠣᠭᠯᠠᠭᠴᠢ︾ ᠪᠣᠯᠵᠤ᠂ ︽ᠦᠵᠡᠭᠴᠢ︾᠂ ︽ᠰᠢᠭᠦᠮᠵᠢᠯᠡᠭᠴᠢ︾ ᠪᠣᠯᠵᠤ ᠪᠣᠯᠬᠤ ᠦᠭᠡᠢ᠂ ᠠᠰᠠᠭᠤᠳᠠᠯ ᠢ ᠨᠢᠭᠤᠵᠤ ᠳᠠᠯᠳᠠᠯᠠᠬᠤ ᠦᠭᠡᠢ᠂ ᠵᠥᠷᠢᠴᠡᠯ ᠠᠴᠠ ᠵᠠᠶᠢᠯᠠᠬᠤ ᠦᠭᠡᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠥᠷᠢᠴᠡᠯ ᠢ ᠨᠠᠮᠳᠠᠭᠤᠯᠵᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠴᠢᠩᠭ᠎ᠠ ᠰᠤᠷᠲᠠᠯ ᠪᠤᠳᠠᠲᠠᠢ ᠡᠷᠴᠢ ᠵᠣᠷᠢᠭ ᠢᠶᠠᠷ ᠠᠷᠠᠳ ᠤᠨ ᠢᠲᠡᠭᠡᠯ ᠢ ᠤᠯᠬᠤ ᠬᠡᠷᠡᠭᠲᠡᠢ ᠭᠡᠪᠡ᠃                                                          ᠣᠷᠴᠢᠭᠤᠯᠤᠭᠴᠢ᠄ ᠭᠡᠷᠡᠯ                ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2