| ᠴᠠᠭ᠄ 5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ | ᠡᠳᠦᠷ ᠤᠨ ᠳᠠᠷᠠᠭᠠᠯᠠᠯ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠣᠷᠣᠯᠴᠠᠪᠠ | ᠶᠡᠷᠦᠩᠬᠡᠶ ᠱᠦᠵᠢ᠄ ︽ᠡᠨᠡ ᠵᠢᠯ ᠬᠢᠵᠢᠭ ᠤᠨ ᠰᠢᠯᠲᠠᠭᠠᠨ ᠠᠴᠠ ᠪᠤᠯᠤᠭᠰᠠᠨ ᠠᠵᠤ ᠠᠬᠤᠶ ᠳᠤ ᠦᠵᠡᠬᠦᠯᠦᠭᠰᠡᠨ | ᠨᠥᠯᠥᠭᠡ ᠶᠡᠭᠡ ᠤᠤ︖︾ | ᠹᠸᠢ ᠳ᠋ᠦᠩ ᠪᠢᠨ ᠶᠡᠷᠦᠩᠬᠡᠶ ᠱᠦᠵᠢ ᠶᠢᠨ ᠡᠨᠡ ᠠᠰᠠᠭᠤᠯᠳᠡ ᠶᠢ ᠰᠣᠨᠣᠰᠤᠭᠠᠳ᠂ ᠬᠤᠶᠠᠷ ᠲᠠᠯ᠎ᠠ ᠪᠠᠷ ᠨᠠᠷᠢᠨ | ᠬᠠᠷᠢᠭᠤᠯᠪᠠ᠄ ᠨᠢᠭᠡ ᠨᠢ᠂ ᠲᠤᠬᠠᠶ ᠶᠢᠨ ᠭᠠᠵᠠᠷ ᠤᠨ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠵᠠᠯᠭᠠᠭ᠎ᠠ ᠪᠠᠷ | ᠠᠵᠢᠯ ᠢᠶᠠᠨ ᠡᠬᠢᠯᠡᠬᠦᠯᠪᠡ︔ ᠨᠦᠬᠦᠬᠡ ᠨᠢᠭᠡ ᠨᠢ᠂ ᠪᠣᠬᠢᠷᠲᠤᠯ ᠥᠬᠡᠶ ᠳᠠᠷᠢᠶᠠᠯᠠᠩ ᠤᠨ ᠭᠠᠷᠤᠯᠳᠠ ᠮᠠᠯ ᠤᠨ ᠠᠰᠢᠭ | ᠰᠢᠮ᠎ᠡ ᠶᠢᠨ ᠠᠵᠤ ᠦᠢᠯᠡᠰ ᠲᠤ ︽ᠵᠠᠮ ᠳᠡᠪᠢᠰᠴᠦ ᠬᠥᠭᠦᠷᠭᠡ ᠲᠠᠯᠪᠢᠪᠠ︾᠂ ᠲᠥᠮᠥᠰᠥ᠂ ᠨᠣᠬᠠᠶ ᠶᠢᠨ ᠬᠤᠰᠢᠭᠤ ᠴᠥᠮ | ᠨᠡᠷ᠎ᠡ ᠠᠯᠳᠠᠷᠰᠢᠵᠠᠶ᠃ | ᠶᠡᠷᠦᠩᠬᠡᠶ ᠱᠦᠵᠢ᠄ ︽ᠲᠠᠨ ᠤ ᠲᠡᠨᠳᠡᠬᠢ ᠲᠥᠮᠥᠰᠥ ᠶᠢ ᠠᠵᠤ ᠦᠢᠯᠡᠳᠪᠤᠷᠢ ᠶᠢᠨ ᠲᠦᠭᠦᠬᠡᠶ ᠮᠠᠲ᠋ᠧᠷᠢᠶᠠᠯ ᠪᠤᠯᠭᠠᠪᠠᠯ | ᠰᠠᠶᠢᠨ ᠤᠤ᠂ ᠡᠰᠡᠪᠡᠯ ᠢᠳᠡᠬᠦ ᠳᠤ ᠰᠠᠶᠢᠬᠠᠨ ᠤᠤ︖︾ | ᠹᠧᠶ ᠳ᠋ᠦᠩ ᠪᠢᠨ᠄ ︽ᠢᠳᠡᠬᠦ ᠳᠤ ᠰᠠᠶᠢᠬᠠᠨ᠂ ᠲᠡᠷᠡ ᠮᠥᠷᠲᠡᠭᠡᠨ ᠮᠠᠰᠢ ᠰᠠᠶᠢᠨ ᠦᠷ᠎ᠡ ᠶᠢᠨ ᠲᠥᠮᠥᠰᠥ ᠪᠤᠯᠬᠤ ᠶᠤᠮ︕ | ᠡᠨᠡ ᠬᠡᠰᠡᠭ ᠬᠤᠭᠤᠴᠠᠭᠠᠨ ᠳᠤ ᠦᠨ᠎ᠡ ᠨᠢ ᠪᠠᠭᠤᠷᠠᠭᠰᠠᠨ ᠦᠭᠡᠢ ᠮᠥᠷᠲᠡᠭᠡᠨ ᠬᠠᠷᠢᠨ ᠥᠰᠴᠢᠭᠡᠭᠰᠡᠨ ᠡ᠃︾ | ᠶᠡᠷᠦᠩᠬᠡᠶ ᠱᠦᠵᠢ᠄ ︽ᠭᠠᠨᠰᠦ ᠶᠢᠨ ᠲᠡᠨᠳᠡ ᠲᠥᠮᠥᠰᠤᠨ ᠤ ᠳᠠᠷᠢᠮᠡᠯ ᠨᠢ ᠪᠠᠰᠠ ᠨᠡᠯᠢᠶᠡᠳ ᠨᠡᠷᠡᠲᠡᠢ ᠪᠢᠵᠡ︖︾ | ᠶᠡᠷᠦᠩᠬᠡᠶ ᠱᠦᠵᠢ ᠶᠢᠨ ᠵᠠᠬ᠎ᠠ ᠳᠡᠯᠭᠡᠭᠦᠷ ᠤᠨ ᠠᠳᠠᠯᠢᠳᠬᠠᠯ ᠬᠢᠵᠤ ᠪᠠᠶᠢᠭ᠎ᠠ ᠶᠢ ᠮᠡᠳᠡᠮᠡᠭᠴᠡ ᠹᠸᠢ ᠳ᠋ᠦᠩ ᠪᠢᠨ | ᠲᠥᠯᠥᠭᠡᠯᠡᠭᠴᠢ ︽ᠬᠦᠮᠦᠨ ᠳᠤ ᠮᠦᠴᠡᠭᠡ ᠠᠯᠳᠠᠬᠤ ᠦᠭᠡᠢ︾ ᠭᠡᠰᠡᠨ ᠰᠢᠭ ᠢᠨᠢᠶᠡᠮᠰᠦᠭᠯᠡᠵᠤ᠄ ︽ᠮᠠᠨ ᠤ ᠬᠤᠳᠠ ᠪᠤᠯ ︿ | ᠲᠥᠮᠥᠰᠤᠨ ᠤ ᠲᠥᠪ﹀᠂ ᠲᠡᠳᠡᠨ ᠤ ᠬᠢ ᠪᠣᠯ᠂ ︿ᠲᠥᠮᠥᠰᠥ ᠶᠢᠨ ᠨᠤᠲᠤᠭ﹀᠂ ᠪᠦᠷ ᠰᠠᠶᠢᠨ︾ ᠭᠡᠵᠤ ᠦᠨᠳᠦᠷ | ᠳᠠᠭᠤᠨ ᠢᠶᠠᠷ ᠬᠠᠷᠢᠭᠤᠯᠪᠠ᠃ | ᠬᠠᠷᠢᠭᠤᠯᠵᠤ ᠪᠠᠷᠠᠮᠠᠭᠴᠠ᠂ ᠶᠡᠷᠦᠩᠬᠡᠢ ᠱᠦᠵᠢ ᠪᠣᠯᠤᠨ ᠲᠥᠯᠥᠭᠡᠯᠡᠭᠴᠢᠳ ᠴᠥᠮ ᠢᠨᠢᠶᠡᠯᠴᠡᠪᠡ᠃ | | ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ |